7 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠬᠦᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠵᠦᠪᠯᠡᠯ ᠨᠢᠭᠡᠳᠦᠭᠡᠷ ᠤᠳᠠᠭᠠᠨ ᠤ ᠪᠦᠬᠦ ᠭᠡᠰᠢᠭᠦᠳ ᠤᠨ | ᠬᠤᠷᠠᠯ ᠬᠤᠷᠠᠯᠳᠤᠭᠤᠯᠤᠭᠰᠠᠨ ᠪᠠᠶᠢᠨ᠎ᠠ᠃ | ᠬᠤᠷᠠᠯ ᠳᠤ ᠤᠷᠤᠯᠴᠠᠭᠰᠠᠨ ᠬᠤᠰᠢᠭᠤ ᠨᠠᠮ ᠤᠨ ᠬᠤᠷᠢᠶᠠᠨ ᠤ ᠭᠡᠰᠢᠭᠦᠨ 41 ᠬᠦᠮᠦᠨ᠂ ᠨᠦᠬᠦᠪᠤᠷᠢ | ᠭᠡᠰᠢᠭᠦᠨ 7 ᠬᠦᠮᠦᠨ᠃ | ᠷᠧᠨ ᠰᠢ ᠬᠤᠷᠠᠯ ᠢ ᠡᠷᠬᠢᠯᠡᠪᠡ᠃ | ᠬᠤᠷᠠᠯ ᠲᠡᠭᠡᠷ᠎ᠡ᠂ ᠪᠦᠬᠦ ᠭᠡᠰᠢᠭᠦᠳ ᠨᠡᠷ᠎ᠡ ᠲᠡᠮᠳᠡᠭᠯᠡᠬᠦ ᠦᠬᠡᠢ ᠪᠠᠷ ᠪᠢᠯᠧᠲ ᠦᠭᠬᠦ ᠬᠡᠯᠪᠡᠷᠢ ᠪᠠᠷ ᠲᠤᠮᠳᠠᠳᠤ | ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠬᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠵᠦᠪᠯᠡᠯ ᠤᠨ ᠪᠠᠶᠢᠩᠭᠤ ᠶᠢᠨ ᠵᠦᠪᠯᠡᠯ ᠤᠨ ᠭᠡᠰᠢᠭᠦᠨ ᠢ ᠰᠤᠩᠭᠤᠨ ᠭᠠᠷᠭᠠᠭᠰᠠᠨ ᠪᠦᠭᠡᠳ ᠱᠦᠵᠢ ᠪᠠ ᠲᠡᠳ᠋ | ᠱᠦᠵᠢ ᠶᠢ ᠰᠤᠩᠭᠤᠨ ᠭᠠᠷᠭᠠᠭᠰᠠᠨ ᠪᠠᠶᠢᠨ᠎ᠠ᠃ | ᠷᠧᠨ ᠰᠢ ᠲᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠬᠦᠨ ᠬᠤᠰᠢᠭᠤᠨ ᠤ ᠬᠤᠷᠢᠶ᠎ᠠ ᠶᠢᠨ | ᠱᠦᠵᠢ ᠪᠠᠷ ᠰᠤᠩᠭᠤᠭᠳᠠᠵᠤ᠂ ᠴᠢᠨ ᠬᠤᠸᠠᠢ ᠳ᠋ᠦᠩ᠂ ᠬᠠᠨ ᠶᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ | ᠪᠠᠭᠠᠷᠢᠨ ᠵᠡᠬᠦᠨ ᠬᠤᠰᠢᠭᠤᠨ ᠤ ᠬᠤᠷᠢᠶ᠎ᠠ ᠶᠢᠨ ᠲᠡᠳ᠋ ᠱᠦᠵᠢ ᠪᠠᠷ ᠰᠤᠩᠭᠤᠭᠳᠠᠪᠠ᠃ | ᠬᠤᠷᠠᠯ ᠠᠴᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠬᠦᠨ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠨᠢᠭᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠰᠤᠩᠭᠤᠭᠤᠯᠢ ᠶᠢᠨ | ᠦᠷ᠎ᠡ ᠳ᠋ᠦᠩ ᠤᠨ ᠮᠡᠳᠡᠭᠦᠯᠦᠯᠲᠡ ᠶᠢ ᠪᠠᠲᠤᠯᠠᠵᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠬᠦᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠵᠦᠪᠯᠡᠯ ᠤᠨ ᠨᠢᠭᠡᠳᠦᠭᠡᠷ ᠤᠳᠠᠭᠠᠨ ᠤ ᠪᠦᠬᠦ ᠭᠡᠰᠢᠭᠦᠳ ᠤᠨ | ᠬᠤᠷᠠᠯ ᠤᠨ ᠠᠯᠪᠠᠨ ᠮᠡᠳᠡᠭᠡ ᠶᠢ ᠬᠢᠨᠠᠨ ᠵᠦᠪᠯᠡᠵᠦ ᠪᠠᠲᠤᠯᠠᠭᠰᠠᠨ ᠪᠠᠶᠢᠨ᠎ᠠ᠃ | ᠰᠤᠩᠭᠤᠭᠤᠯᠢ ᠶᠢᠨ ᠲᠠᠷᠠᠭ᠎ᠠ ᠰᠢᠨ᠎ᠡ ᠪᠠᠷ ᠰᠤᠩᠭᠤᠭᠳᠠᠭᠰᠠᠨ ᠬᠤᠰᠢᠭᠤ ᠨᠠᠮ ᠤᠨ ᠬᠤᠷᠢᠶᠠᠨ ᠤ ᠱᠦᠵᠢ | ᠷᠧᠨ ᠰᠢ ᠶᠠᠷᠢᠶ᠎ᠠ ᠲᠠᠯᠪᠢᠵᠠᠢ᠃ ᠲᠡᠷᠡ ᠡᠩ ᠲᠡᠷᠢᠬᠦᠨ ᠳᠤ ᠰᠢᠨ᠎ᠡ ᠨᠢᠬᠡ ᠬᠤᠭᠤᠴᠠᠭᠠᠨ ᠤ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠵᠦᠪᠯᠡᠯ ᠢ ᠲᠦᠯᠦᠬᠡᠯᠡᠨ ᠤᠯᠠᠨ ᠤ ᠢᠳᠡᠭᠡᠯ ᠪᠠ ᠲᠡᠮᠵᠢᠯᠬᠡ ᠳᠤ ᠴᠢᠩ ᠰᠡᠳᠬᠢᠯ ᠤᠨ | ᠲᠠᠯᠠᠷᠬᠠᠯ ᠢᠶᠠᠨ ᠲᠡᠪᠰᠢᠬᠦᠯᠦᠭᠰᠡᠨ ᠪᠠᠶᠢᠨ᠎ᠠ᠃ | ᠷᠧᠨ ᠰᠢ ᠵᠢᠭᠠᠵᠤ ᠭᠠᠷᠭᠠᠭᠰᠠᠨ ᠨᠢ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ | ᠬᠤᠷᠢᠶᠠᠨ ᠤ ᠤᠳᠤᠷᠢᠳᠬᠤ ᠪᠠᠭ ᠤᠨ ᠲᠤᠰᠢᠶᠠᠯ ᠤᠨ ᠬᠤᠭᠤᠴᠠᠭ᠎ᠠ ᠨᠢ ᠶᠠᠭ ᠨᠡᠶᠢᠬᠡᠮ ᠵᠢᠷᠤᠮᠲᠤ ᠤᠳᠤᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠵᠦ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠵᠦᠭ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠪᠤᠢ᠃ ᠬᠤᠰᠢᠭᠤ ᠨᠠᠮ ᠤᠨ ᠬᠤᠷᠢᠶᠠᠨ | ᠤ ᠠᠵᠢᠯ ᠤᠨ ᠦᠷ᠎ᠡ ᠪᠦᠲᠦᠮᠵᠢ ᠨᠢ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠲᠤᠭᠳᠠᠭᠠᠭᠰᠠᠨ ᠡᠯ᠎ᠡ | ᠲᠦᠷᠦᠯ ᠤᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠪᠠ ᠪᠦᠬᠦ ᠬᠤᠰᠢᠭᠤᠨ ᠤ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠲᠠᠢ ᠰᠢᠭᠤᠳ ᠬᠤᠯᠪᠤᠭᠳᠠᠬᠤ ᠪᠤᠯᠤᠨ᠎ᠠ ᠭᠡᠵᠡᠢ᠃ | ᠷᠧᠨ ᠰᠢ ᠱᠠᠭᠠᠷᠳᠠᠭᠰᠠᠨ ᠨᠢ᠂ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠬᠦᠳ | ᠤᠭ ᠵᠤᠷᠢᠯᠲᠠ ᠪᠠᠨ ᠮᠠᠷᠲᠠᠯ ᠦᠬᠡᠢ ᠪᠠᠷ ᠵᠤᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ᠂ ᠬᠦᠨᠳᠦ ᠨᠠᠶᠢᠳᠠᠯᠠᠭ᠎ᠠ | ᠵᠢᠴᠢ ᠪᠦᠬᠦ ᠬᠤᠰᠢᠭᠤᠨ ᠤ ᠤᠯᠠᠨ ᠲᠦᠮᠡᠨ ᠤ ᠢᠳᠡᠭᠡᠯ ᠨᠠᠶᠢᠳᠠᠯᠠᠭ᠎ᠠ ᠪᠠ ᠬᠦᠰᠡᠯ ᠡᠷᠡᠮᠡᠯᠵᠡᠯ ᠢ ᠡᠷᠬᠢᠮᠯᠠᠨ | ᠨᠠᠨᠳᠢᠩᠨᠠᠵᠤ ᠴᠤ᠋ ᠰᠢᠨ᠎ᠡ ᠦᠩᠭᠡ ᠲᠦᠷᠰᠦ ᠪᠠ ᠴᠤᠭ ᠪᠠᠳᠠᠷᠠᠩᠭᠤᠢ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ | ᠪᠠᠭᠠᠷᠢᠨ ᠵᠡᠬᠦᠨ ᠬᠤᠰᠢᠭᠤᠨ ᠤ ᠴᠢᠨᠠᠷᠲᠠᠢ ᠬᠦᠭᠵᠢᠯᠲᠡ ᠶᠢᠨ ᠦᠢᠯᠡᠳᠦᠯᠬᠡ ᠳᠤ ᠤᠷᠤᠯᠴᠠᠵᠤ ᠴᠠᠭ ᠦᠶ᠎ᠡ ᠳᠤ | ᠤᠰᠤᠯᠲᠠᠬᠤ ᠦᠬᠡᠢ᠂ ᠠᠷᠠᠳ ᠲᠦᠮᠡᠨ ᠳᠤ ᠤᠰᠤᠯᠳᠠᠬᠤ ᠦᠬᠡᠢ᠂ ᠲᠡᠦᠬᠡᠨ ᠳᠤ ᠤᠰᠤᠯᠳᠠᠬᠤ ᠦᠬᠡᠢ ᠠᠵᠢᠯ ᠤᠨ | ᠦᠷ᠎ᠡ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ ᠭᠡᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠷᠧᠨ ᠰᠢ ᠵᠢᠭᠠᠵᠤ ᠭᠠᠷᠭᠠᠭᠰᠠᠨ ᠨᠢ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮ ᠤᠨ ᠰᠢᠨ᠎ᠡ | ᠶᠢ ᠡᠭᠦᠳᠬᠦ ᠤᠨᠤᠯᠵᠢᠬᠤᠨ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠦᠢᠯᠡᠳᠦᠯᠬᠡ ᠪᠠᠨ ᠵᠢᠯᠤᠭᠤᠳᠤᠭᠤᠯᠤᠨ᠂ | ᠠᠵᠢᠯ ᠢᠶᠠᠨ ᠠᠬᠢᠭᠤᠯᠵᠤ᠂ ᠤᠨᠤᠯ ᠤᠨ ᠰᠤᠷᠤᠯᠴᠠᠯᠭ᠎ᠠ ᠠᠴᠠ ᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢᠶᠠᠨ | ᠠᠵᠢᠯ ᠬᠢᠵᠦ ᠦᠢᠯᠡᠰ ᠪᠦᠲᠦᠭᠡᠬᠦ ᠦᠨᠡᠨ ᠪᠤᠳᠠᠳᠤ ᠦᠷ᠎ᠡ ᠠᠰᠢᠭ ᠪᠤᠯᠭᠠᠨ ᠬᠤᠪᠢᠷᠠᠭᠤᠯᠬᠤ ᠬᠡᠷᠡᠭᠲᠡᠢ᠃ ᠵᠤᠷᠢᠯᠲᠠ | ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ ᠦᠵᠡᠯ | ᠰᠠᠨᠠᠭ᠎ᠠ ᠶᠢ ᠬᠦᠨᠵᠡᠬᠡᠢ ᠦᠢᠯᠡᠳᠦᠯᠬᠡᠵᠢᠬᠦᠯᠵᠦ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ | ᠠᠰᠢᠭ ᠢ ᠬᠢᠨᠠᠨ ᠰᠢᠯᠭᠠᠬᠤ ᠪᠠᠷᠢᠮᠵᠢᠶ᠎ᠠ ᠪᠤᠯᠭᠠᠵᠤ ᠤᠯᠠᠨ ᠲᠦᠮᠡᠨ ᠳᠤ ᠦᠭᠡᠷᠡᠴᠢᠯᠡᠯᠲᠡ ᠬᠦᠭᠵᠢᠯᠲᠡ ᠶᠢᠨ ᠦᠷ᠎ᠡ | ᠪᠦᠲᠦᠭᠡᠯ ᠢ ᠦᠨᠡᠨᠬᠦ ᠬᠦᠷᠲᠡᠭᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠬᠡᠵᠦ ︽ | ᠠᠷᠪᠠᠨ ᠲᠦᠷᠪᠡᠳᠦᠭᠡᠷ ᠲᠠᠪᠤᠨ ᠵᠢᠯ︾ ᠤᠨ ᠬᠤᠭᠴᠠᠭᠠᠨ ᠤ ᠠᠵᠤ ᠠᠬᠤᠢ ᠨᠡᠶᠢᠬᠡᠮ ᠤᠨ ᠴᠢᠨᠠᠷᠲᠠᠢ ᠬᠦᠭᠵᠢᠯᠲᠡ ᠶᠢ | ᠢᠳᠡᠪᠬᠢᠲᠡᠢ ᠲᠦᠯᠬᠢᠨ ᠠᠬᠢᠭᠤᠯᠵᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠤᠰᠤᠭᠠᠷ ᠪᠠᠭᠠᠷᠢᠨ ᠵᠡᠬᠦᠨ | ᠬᠤᠰᠢᠭᠤᠨ ᠤ ᠪᠤᠳᠠᠳᠠᠢ ᠪᠠᠶᠢᠳᠠᠯ ᠠᠴᠠ ᠡᠭᠦᠰᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ | ᠢᠶᠠᠨ ᠲᠦᠯᠬᠢᠨ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠦᠯᠬᠦᠮᠳᠡᠯ ᠢ ᠬᠠᠮᠠᠭᠠᠯᠠᠵᠤ᠂ ᠬᠠᠮᠲᠤᠪᠠᠷ | ᠠᠳᠬᠤᠵᠤ ᠴᠤᠭᠭᠠᠷ ᠬᠠᠮᠢᠶᠠᠷᠬᠤ᠂ ᠬᠦᠴᠢᠷ ᠢ ᠲᠡᠪᠴᠢᠨ ᠪᠡᠷᠭᠡ ᠶᠢ ᠢᠯᠠᠬᠤ ᠠᠵᠢᠯ ᠤᠨ ᠨᠢᠭᠡᠳᠦᠮᠡᠯ ᠬᠦᠴᠦᠨ ᠢ | ᠪᠦᠷᠢᠯᠳᠦᠬᠦᠯᠵᠦ ᠲᠦᠪ ᠭᠤᠤᠯᠴᠢ ᠠᠷᠢᠭᠤᠨ ᠴᠢᠭᠡᠴᠢ ᠤᠯᠤᠰ ᠲᠦᠷᠦ ᠶᠢᠨ ᠤᠷᠴᠢᠨ ᠲᠤᠭᠤᠷᠢᠨ ᠢ ᠪᠤᠢ ᠪᠤᠯᠭᠠᠬᠤ | ᠬᠡᠷᠡᠭᠲᠡᠢ ᠭᠡᠰᠡᠨ ᠪᠠᠶᠢᠨ᠎ᠠ᠃ | ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ ᠬᠤᠷᠠᠯ ᠳᠤ ᠰᠤᠯᠠ ᠤᠷᠤᠯᠴᠠᠵᠠᠢ᠃ | ︵ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ | ᠮᠣᠩᠭᠤᠯ ᠨᠠᠶᠢᠷᠠᠭᠤᠯᠬᠤ ᠬᠡᠯᠳᠡᠰ ᠠᠴᠠ ᠬᠠᠩᠭᠠᠪᠠ︶ |