ᠪᠦᠬᠦ ᠣᠷᠣᠨ ᠤ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠭᠰᠠᠨ ᠬᠤᠨᠢᠨ ᠨᠣᠣᠰᠣ 11700 ᠲᠣᠨ ᠳᠤ ᠬᠦᠷᠴᠠᠢ
ᠨᠡᠶᠢᠲᠡᠯᠡᠭᠰᠡᠨ ᠴᠠᠭ᠄
2021/9/22
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠷᠬᠡᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠠᠴᠠ ᠣᠶᠢᠯᠠᠭᠠᠭᠰᠠᠨ ᠢᠶᠠᠷ᠂ ᠬᠤᠨᠢᠨ ᠨᠤᠤᠰᠤᠨ ᠤ ᠠᠷᠠᠯᠵᠢᠶᠠᠨ ᠤ ᠬᠦᠭᠵᠢᠶᠡᠨᠲᠦ ᠤᠯᠠᠷᠢᠯ ᠬᠦᠷᠴᠦ ᠢᠷᠡᠬᠦ ᠶᠢ ᠳᠠᠭᠠᠯᠳᠤᠨ ᠂ ᠥᠪᠡᠷᠲᠡᠭᠡᠨ ᠵᠠᠰᠠᠬᠤ ᠣᠷᠣᠨ ᠤ 2021 ᠣᠨ ᠤ ᠬᠤᠨᠢᠨ ᠨᠤᠤᠰᠤ ᠶᠢ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠬᠤ ᠠᠵᠢᠯ ᠪᠥᠬᠦ ᠲᠠᠯ᠎ᠠ ᠪᠠᠷ ᠥᠷᠨᠢᠪᠡ᠃    8 ᠰᠠᠷ᠎ᠠ ᠠᠴᠠ ᠨᠠᠭᠠᠰᠢ᠂ ᠲᠣᠰ ᠲᠥᠪ ᠠᠴᠠ ᠦᠦᠰᠢᠨ ᠬᠤᠰᠢᠭᠤ᠂ ᠰᠥᠨᠢᠳ ᠪᠠᠷᠠᠭᠤᠨ ᠬᠤᠰᠢᠭᠤ᠂ ᠬᠢᠩᠭᠠᠨ ᠠᠶᠢᠮᠠᠭ ᠤᠨ ᠬᠤᠪᠢᠶᠠᠷᠢ ᠰᠢᠯᠭᠠᠨ ᠪᠠᠶᠢᠴᠠᠭᠠᠬᠤ ᠲᠠᠯᠠᠪᠤᠷ ᠵᠡᠷᠭᠡ 3 ᠬᠤᠨᠢᠨ ᠨᠤᠤᠰᠤ ᠶᠢ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠲᠣᠮᠢᠯᠠᠵᠤ᠂ ᠬᠤᠨᠢᠨ ᠨᠤᠤᠰᠤ ᠶᠢ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠬᠤ ᠠᠵᠢᠯ ᠢ ᠱᠠᠯᠠᠪᠳᠠᠭᠤᠯᠤᠨ ᠬᠢᠵᠦ ᠪᠤᠢ᠃ ᠣᠳᠣᠬᠠᠨ ᠪᠣᠯᠲᠠᠯ᠎ᠠ᠂ ᠪᠦᠬᠦ ᠣᠷᠣᠨ ᠤ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠭᠰᠠᠨ ᠬᠤᠨᠢᠨ ᠨᠣᠣᠰᠣ 350 ᠪᠦᠯᠦᠭ᠂ 11700 ᠲᠣᠨ ᠬᠦᠷᠴᠠᠢ᠃    2005 ᠣᠨ ᠠᠴᠠ ᠡᠬᠢᠯᠡᠨ᠂ ᠠᠯᠪᠠᠨ ᠠᠴᠠ ᠭᠡᠷᠡᠴᠢᠯᠡᠵᠦ ᠰᠢᠯᠭᠠᠨ ᠪᠠᠶᠢᠴᠠᠭᠠᠬᠤ ᠳᠦᠷᠢᠮ ᠢ ᠪᠦᠲᠦᠮᠵᠢᠲᠡᠶ ᠬᠡᠷᠡᠭᠵᠢᠭᠦᠯᠦᠭᠰᠡᠨ ᠠᠴᠠ ᠠᠵᠤ ᠠᠬᠤᠶᠢᠯᠠᠯ ᠤᠨ ᠠᠷᠠᠯᠵᠢᠶᠠᠨ ᠤ ᠳ᠋ᠥᠩᠨᠡᠨ ᠪᠣᠳᠣᠬᠤ ᠦᠨ᠎ᠡ᠂ ᠳᠣᠲᠣᠭᠠᠳᠤ ᠶᠠᠰᠤ ᠴᠢᠨᠠᠷ ᠤᠨ ᠡᠵᠡᠮᠳᠡᠯ᠂ ᠲᠦᠭᠦᠬᠡᠶ ᠮᠠᠲ᠋ᠧᠷᠢᠶᠠᠯ ᠲᠣᠬᠢᠷᠠᠭᠤᠯᠬᠤ ᠵᠡᠷᠭᠡ ᠲᠠᠯ᠎ᠠ ᠪᠠᠷ ᠬᠢ ᠥᠪᠡᠷ ᠤᠨ ᠥᠷᠲᠡᠭ ᠢ ᠠᠷᠪᠢᠯᠠᠭᠰᠠᠨ ᠢᠶᠠᠷ ᠪᠠᠷᠠᠬᠤ ᠦᠭᠡᠶ ᠪᠠᠰᠠ ᠶᠠᠰᠤ ᠴᠢᠨᠠᠷ ᠢᠶᠠᠷ ᠦᠨ᠎ᠡ ᠲᠣᠭᠲᠠᠭᠠᠬᠤ᠂ ᠴᠢᠨᠠᠷ ᠰᠠᠶᠢᠲᠠᠶ ᠳᠤᠨᠢ ᠰᠠᠶᠢᠨ ᠦᠨ᠎ᠡ ᠥᠭᠬᠦ ᠲᠣᠭᠲᠠᠴᠠ ᠪᠠᠶᠢᠭᠤᠯᠬᠤ ᠶᠢ ᠰᠢᠭᠤᠳ ᠲᠦᠯᠬᠢᠨ ᠠᠬᠢᠭᠤᠯᠵᠤ᠂ ᠠᠵᠤ ᠠᠬᠤᠶᠢᠯᠠᠯ ᠪᠣᠯᠤᠨ ᠲᠠᠷᠢᠶᠠᠴᠢᠨ ᠮᠠᠯᠴᠢᠨ ᠳᠤ ᠴᠥᠮ ᠶᠠᠰᠤ ᠴᠢᠨᠠᠷ ᠤᠨ ᠠᠪᠴᠢᠷᠠᠭᠰᠠᠨ ᠠᠰᠢᠭ ᠣᠯᠵᠠᠪᠤᠷᠢ ᠶᠢ ᠬᠦᠷᠲᠡᠭᠡᠭᠰᠡᠨ ᠪᠠᠶᠢᠨ᠎ᠠ᠃ ᠠᠯᠪᠠᠨ ᠠᠴᠠ ᠬᠡᠷᠡᠴᠢᠯᠡᠬᠦ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠬᠤᠨᠢᠨ ᠨᠤᠤᠰᠤᠨ ᠤ ᠳᠤᠮᠳᠠᠴᠢ ᠬᠤᠳᠠᠯᠳᠤᠬᠤ ᠦᠨ᠎ᠡ ᠨᠢ ᠠᠯᠪᠠᠨ ᠠᠴᠠ ᠬᠡᠷᠡᠴᠢᠯᠡᠬᠦ ᠰᠢᠯᠭᠠᠨ ᠪᠠᠶᠢᠴᠠᠭᠠᠯᠲᠠ ᠶᠢ ᠦᠡᠭᠭᠡᠷᠡᠭᠦᠯᠦᠭᠰᠡᠨ ᠦᠭᠡᠢ ᠬᠤᠨᠢᠨ ᠨᠤᠤᠰᠤ ᠠᠴᠠ ᠺᠢᠯᠦᠭᠷᠡᠮ ᠪᠦᠷᠢ ᠳᠡᠭᠡᠨ 3 — 4 ᠲᠥᠭᠦᠷᠢᠭ ᠦᠨᠡᠳᠠᠢ ᠪᠠᠶᠢᠳᠠᠭ᠃
 
ᠢᠷᠡᠯᠲᠡ᠄ ᠣᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号