ᠶᠠᠮᠠᠷ ᠬᠥᠮᠦᠰ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠬᠤ ᠳᠤ ᠳᠣᠭᠢᠷᠠᠬᠤ ᠦᠭᠡᠶ ᠪᠤᠶ︖ | ᠬᠠᠷᠢᠭᠤᠯᠲᠠ᠄ ︵1︶ ᠸᠠᠺᠼᠢᠨ ᠤ ᠢᠳᠡᠪᠬᠢ ᠪᠦᠷᠢᠯᠳᠦᠬᠦᠨ᠂ ᠶᠠᠮᠠᠷᠪᠠ ᠨᠢᠭᠡ ᠵᠦᠢᠯ ᠤᠨ ᠢᠳᠡᠪᠬᠢ ᠪᠤᠰᠤ | ᠪᠦᠷᠢᠯᠳᠦᠬᠦᠨ᠂ ᠦᠢᠯᠡᠳᠪᠦᠷᠢᠯᠡᠯ ᠤᠨ ᠮᠡᠷᠭᠡᠰᠢᠯ ᠳᠤ ᠬᠡᠷᠡᠭᠯᠡᠭᠰᠡᠨ ᠪᠣᠳᠠᠰ ᠲᠤ ᠬᠠᠷᠰᠢᠮᠠᠲᠠᠭᠠᠶ ᠬᠦᠮᠦᠰ᠂ ᠡᠰᠡᠬᠦᠯ᠎ᠡ | ᠥᠩᠭᠡᠷᠡᠭᠰᠡᠨ ᠳᠤ ᠠᠳᠠᠯᠢ ᠲᠥᠷᠥᠯ ᠤᠨ ᠸᠠᠺᠼᠢᠨ ᠢ ᠲᠠᠷᠢᠬᠤ ᠦᠶ᠎ᠡ ᠳᠤ ᠬᠠᠷᠰᠢᠮᠠᠲᠠᠭᠠᠶ ᠬᠦᠮᠦᠰ᠃ ︵2︶ | ᠥᠩᠭᠡᠷᠡᠭᠰᠡᠨ ᠳᠤ ᠸᠠᠺᠼᠢᠨ ᠤ ᠬᠦᠨᠳᠦ ᠨᠣᠴᠢᠲᠠᠶ ᠬᠠᠷᠰᠢᠮᠠᠲᠠᠭᠠᠶ ᠤᠷᠪᠠᠯ ᠡᠭᠦᠰᠦᠭᠰᠡᠳ ︵ᠵᠢᠱᠢᠶᠡᠯᠡᠪᠡᠯ ᠲᠦᠷᠭᠡᠨ | ᠴᠢᠨᠠᠷᠲᠠᠶ ᠬᠠᠷᠰᠢᠮᠠᠲᠠᠭᠠᠶ ᠤᠷᠪᠠᠯ ᠡᠭᠦᠰᠦᠭᠰᠡᠳ᠂ ᠴᠢᠰᠤᠨ ᠰᠤᠳᠠᠯ ᠤᠨ ᠮᠡᠳᠡᠷᠡᠯ ᠤᠨ ᠴᠢᠨᠠᠷᠲᠠᠶ ᠤᠰᠤᠨ ᠬᠠᠪᠤᠩ᠂ | ᠠᠮᠢᠰᠬᠤᠯ ᠴᠢᠬᠤᠯᠳᠠᠬᠤ ᠵᠡᠷᠭᠡ︶᠃ ︵3︶ ᠬᠤᠷᠢᠭᠯᠠᠭᠠᠳᠤᠢ ᠤᠨᠠᠳᠠᠭ ᠡᠪᠡᠳᠴᠢᠨ ᠪᠠ ᠪᠤᠰᠤᠳ ᠬᠦᠨᠳᠦ | ᠨᠣᠴᠢᠲᠠᠢ ᠮᠡᠳᠡᠷᠡᠯ ᠤᠨ ᠰᠢᠰᠲ᠋ᠧᠮ ᠤᠨ ᠡᠪᠡᠳᠴᠢᠨ ᠳᠤ ᠨᠡᠷᠪᠡᠭᠳᠡᠭᠰᠡᠳ ︵ᠵᠢᠱᠢᠶᠡᠯᠡᠪᠡᠯ ᠨᠤᠭᠤᠰᠤᠨ ᠤ | ᠬᠦᠨᠳᠡᠯᠢᠳᠦᠭᠰᠡᠨ ᠦᠷᠪᠢᠰᠦᠯ᠂ ᠭᠷᠢᠮᠪᠠᠯᠢ ᠶᠢᠨ ᠨᠡᠶᠢᠯᠡᠭ ᠭᠡᠮ᠂ ᠲᠠᠷᠢᠬᠢᠯᠢᠭ ᠳᠤᠭᠲᠤᠢ ᠠᠴᠠ ᠮᠤᠯᠲᠤᠷᠠᠭᠰᠠᠨ | ᠡᠪᠡᠳᠴᠢᠨ ᠵᠡᠷᠭᠡ︶᠃ ︵4︶ ᠬᠠᠯᠠᠭᠤᠷᠠᠵᠤ ᠪᠠᠶᠢᠭ᠎ᠠ ᠡᠪᠡᠳᠴᠢᠲᠡᠨ᠂ ᠡᠰᠡᠬᠦᠯ᠎ᠡ ᠲᠦᠷᠭᠡᠨ ᠴᠢᠨᠠᠷᠲᠠᠶ | ᠡᠪᠡᠳᠴᠢᠨ ᠳᠤ ᠨᠡᠷᠪᠡᠭᠳᠡᠭᠰᠡᠨ᠂ ᠡᠰᠡᠬᠦᠯ᠎ᠡ ᠤᠳᠠᠭᠠᠨ ᠴᠢᠨᠠᠷᠲᠠᠶ ᠡᠪᠡᠳᠴᠢᠨ ᠤ ᠲᠦᠷᠭᠡᠨ ᠴᠢᠨᠠᠷᠲᠠᠶ ᠬᠥᠳᠡᠯᠬᠦ | ᠬᠤᠭᠤᠴᠠᠭ᠎ᠠ᠂ ᠡᠰᠡᠬᠦᠯ᠎ᠡ ᠬᠤᠷᠢᠭᠯᠠᠭᠠᠳᠤᠢ ᠬᠦᠨᠳᠦ ᠨᠣᠴᠢᠲᠠᠶ ᠤᠳᠠᠭᠠᠨ ᠴᠢᠨᠠᠷᠲᠠᠶ ᠡᠪᠡᠳᠴᠢᠲᠡᠨ ᠳᠤ ᠨᠡᠷᠪᠡᠭᠳᠡᠭᠰᠡᠨ | ᠡᠪᠡᠳᠴᠢᠲᠡᠨ᠃ ︵5︶ ᠵᠢᠷᠮᠦᠰᠦᠨ ᠬᠤᠭᠤᠴᠠᠭᠠᠨ ᠳᠠᠬᠢ ᠡᠮᠡᠭᠲᠡᠶ᠃ ᠢᠳᠡᠭᠡᠨ ᠳᠤ ᠬᠠᠷᠰᠢᠬᠤ᠂ ᠴᠡᠴᠡᠭ ᠤᠨ | ᠲᠣᠭᠤᠰᠣ ᠳᠤ ᠬᠠᠷᠰᠢᠬᠤ᠂ ᠡᠰᠡᠬᠦᠯ᠎ᠡ ᠫᠧᠨᠢᠼᠢᠯᠢᠨ ᠢ ᠪᠠᠭᠲᠠᠭᠠᠭᠰᠠᠨ ᠪᠤᠰᠤᠳ ᠡᠮ ᠳᠤ ᠬᠠᠷᠰᠢᠮᠠᠲᠠᠭᠠᠶ ᠬᠦᠮᠦᠰ | ᠸᠠᠺᠼᠢᠨ ᠤ ᠲᠠᠷᠢᠯᠭ᠎ᠠ ᠬᠢᠵᠦ ᠪᠣᠯᠤᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠳᠤ ᠶᠠᠮᠠᠷ | ᠡᠷᠡᠭᠦᠯ ᠪᠤᠰᠤ ᠲᠤᠰᠬᠠᠯ ᠭᠠᠷᠴᠤ ᠮᠡᠳᠡᠬᠦ ᠪᠤᠢ︖ ᠬᠠᠷᠢᠭᠤᠯᠲᠠ᠄ ᠰᠢᠨ᠎ᠡ ᠲᠢᠲᠢᠮᠯᠢᠭ ᠤᠨ ᠸᠠᠺᠼᠢᠨ ᠤ ᠦᠷᠭᠦᠯᠵᠢ | ᠲᠣᠬᠢᠶᠠᠯᠳᠤᠬᠤ ᠡᠷᠡᠭᠦᠯ ᠪᠤᠰᠤ ᠲᠤᠰᠬᠠᠯ ᠤᠨ ᠡᠭᠦᠰᠬᠦ ᠪᠠᠶᠢᠳᠠᠯ ᠨᠢ ᠨᠢᠭᠡᠨᠲᠡ ᠥᠷᠭᠡᠨ ᠢᠶᠠᠷ ᠬᠡᠷᠡᠭᠯᠡᠵᠦ ᠪᠠᠶᠢᠭ᠎ᠠ | ᠪᠤᠰᠤᠳ ᠸᠠᠺᠼᠢᠨ ᠲᠠᠢ ᠦᠨᠳᠦᠰᠦᠨ ᠳᠡᠭᠡᠨ ᠠᠳᠠᠯᠢᠪᠲᠤᠷ ᠪᠠᠶᠢᠳᠠᠭ᠂ ᠦᠷᠭᠦᠯᠵᠢ ᠲᠣᠬᠢᠶᠠᠯᠳᠤᠬᠤ ᠡᠷᠡᠭᠦᠯ ᠪᠤᠰᠤ | ᠲᠤᠰᠬᠠᠯ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠭᠲᠠᠨ᠎ᠠ᠂ ᠲᠠᠷᠢᠯᠭ᠎ᠠ ᠶᠢᠨ ᠬᠡᠰᠡᠭ ᠭᠠᠵᠠᠷ ᠡᠪᠡᠳᠬᠦ᠂ | ᠤᠯᠠᠶᠢᠬᠤ ᠪᠤᠶᠤ ᠬᠠᠲᠠᠭᠤᠷᠠᠬᠤ᠂ ᠲᠠᠮᠢᠷᠳᠠᠬᠤ᠂ ᠬᠠᠯᠠᠭᠤᠷᠠᠬᠤ᠂ ᠲᠣᠯᠣᠭᠠᠶ ᠡᠪᠡᠳᠬᠦ᠂ ᠡᠭᠦᠨ ᠠᠴᠠ ᠭᠠᠳᠠᠨ᠎ᠠ ᠪᠠᠰᠠ | ᠵᠠᠷᠢᠮ ᠬᠦᠮᠦᠰ ᠬᠠᠨᠢᠶᠠᠬᠤ᠂ ᠢᠳᠡᠭᠡᠨ ᠤ ᠳᠤᠷᠠᠰᠢᠯ ᠮᠠᠭᠤᠳᠠᠬᠤ᠂ ᠪᠥᠭᠡᠯᠵᠢᠬᠦ᠂ ᠰᠠᠭᠤᠯᠭᠠᠬᠤ ᠵᠡᠷᠭᠡ ᠦᠷᠭᠦᠯᠵᠢ | ᠲᠣᠬᠢᠶᠠᠯᠳᠤᠬᠤ ᠡᠷᠡᠭᠦᠯ ᠪᠤᠰᠤ ᠲᠤᠰᠬᠠᠯ ᠲᠠᠢ ᠪᠠᠶᠢᠳᠠᠭ᠃ ᠡᠷᠡᠭᠦᠯ ᠪᠤᠰᠤ ᠲᠤᠰᠬᠠᠯ ᠭᠠᠷᠪᠠᠯ ᠶᠠᠭᠠᠬᠢᠬᠤ ᠪᠤᠢ︖ | ᠬᠠᠷᠢᠭᠤᠯᠲᠠ᠄ ᠲᠠᠷᠢᠯᠭ᠎ᠠ ᠬᠢᠭᠰᠡᠨ ᠤ ᠳᠠᠷᠠᠭ᠎ᠠ᠂ ᠲᠠᠷᠢᠯᠭ᠎ᠠ ᠶᠢᠨ ᠲᠤᠬᠠᠶ ᠶᠢᠨ ᠲᠠᠯᠠᠪᠤᠷ ᠲᠤ 30 ᠮᠢᠨᠦ᠋ᠲ ᠰᠠᠭᠤᠨ | ᠠᠵᠢᠭᠯᠠᠵᠤ᠂ ᠬᠡᠪ ᠤᠨ ᠪᠤᠰᠤ ᠪᠠᠶᠢᠳᠠᠯ ᠦᠭᠡᠢ ᠪᠠᠷ ᠰᠠᠶ᠋ᠢ ᠶᠠᠪᠤᠵᠤ ᠪᠣᠯᠤᠨ᠎ᠠ᠃ ᠲᠤᠬᠠᠶ ᠶᠢᠨ ᠲᠠᠯᠠᠪᠤᠷ ᠤᠨ ᠡᠮᠴᠢ | ᠰᠤᠪᠢᠯᠠᠭᠴᠢ ᠠᠴᠠ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠦᠷᠭᠦᠯᠵᠢ ᠲᠣᠬᠢᠶᠠᠯᠳᠤᠬᠤ | ᠡᠷᠡᠭᠦᠯ ᠪᠤᠰᠤ ᠲᠤᠰᠬᠠᠯ᠂ ᠠᠩᠬᠠᠷᠬᠤ ᠵᠦᠢᠯ᠂ ᠬᠤᠶᠢᠨᠠᠬᠢ ᠡᠷᠡᠭᠦᠯ ᠮᠡᠨᠳᠦ ᠶᠢᠨ ᠪᠠᠶᠢᠳᠠᠯ ᠤᠨ ᠠᠵᠢᠭᠯᠠᠯᠲᠠ᠂ | ᠰᠢᠢᠳᠪᠦᠷᠢᠯᠡᠬᠦ ᠰᠠᠨᠠᠭᠤᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠮᠡᠳᠡᠭᠳᠡᠨ᠎ᠡ᠃ ᠲᠠᠷᠢᠯᠭ᠎ᠠ ᠶᠢᠨ | ᠭᠠᠵᠠᠷ ᠠᠴᠠ ᠰᠠᠯᠤᠭᠰᠠᠨ ᠤ ᠳᠠᠷᠠᠭ᠎ᠠ ᠡᠷᠡᠭᠦᠯ ᠪᠤᠰᠤ ᠲᠤᠰᠬᠠᠯ ᠤᠨ ᠢᠯᠡᠷᠡᠯ ᠭᠠᠷᠪᠠᠯ ᠴᠠᠭ ᠲᠤᠬᠠᠶ ᠳᠤᠨᠢ | ᠲᠠᠷᠢᠯᠭ᠎ᠠ ᠶᠢᠨ ᠨᠢᠭᠡᠴᠡ ᠪᠤᠶᠤ ᠬᠠᠷᠢᠶᠠᠲᠤ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ | ᠮᠡᠳᠡᠭᠦᠯᠵᠦ᠂ ᠴᠢᠬᠤᠯᠠ ᠲᠠᠢ ᠦᠶ᠎ᠡ ᠳᠤ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠸᠠᠺᠼᠢᠨ ᠤ ᠲᠠᠷᠢᠯᠭ᠎ᠠ ᠬᠢᠬᠦ ᠳᠤ | ᠶᠠᠮᠠᠷ ᠠᠩᠬᠠᠷᠬᠤ ᠵᠦᠢᠯ ᠪᠠᠶᠢᠬᠤ ᠪᠣᠢ︖ ᠬᠠᠷᠢᠭᠤᠯᠲᠠ᠄ ᠲᠠᠷᠢᠯᠭ᠎ᠠ ᠬᠢᠬᠦ ᠡᠳᠦᠷ ᠲᠡᠭᠡᠨ ᠥᠯᠥᠨ ᠢᠶᠠᠷ ᠳᠠᠷᠢᠵᠤ | ᠪᠣᠯᠬᠤ ᠥᠬᠡᠶ᠂ ᠠᠭᠤᠵᠢᠭᠤ ᠬᠤᠪᠴᠠᠰᠤ ᠡᠮᠦᠰᠴᠦ ᠪᠣᠯᠤᠨ᠎ᠠ᠂ ᠪᠡᠶ᠎ᠡ ᠶᠢᠨ ᠦᠨᠡᠮᠯᠡᠯ ᠢᠶᠠᠨ ᠠᠪᠴᠤ ᠣᠴᠢᠵᠤ | ᠲᠠᠷᠢᠯᠭ᠎ᠠ ᠬᠢᠨ᠎ᠡ᠂ ᠲᠠᠷᠢᠯᠭ᠎ᠠ ᠶᠢᠨ ᠦᠨᠡᠮᠯᠡᠯ ᠲᠠᠢ ᠪᠣᠯ ᠲᠠᠷᠢᠯᠭ᠎ᠠ ᠶᠢᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ᠃ | ᠲᠠᠷᠢᠯᠭ᠎ᠠ ᠶᠢᠨ ᠡᠮᠴᠢ ᠳᠤ ᠥᠪᠡᠷ ᠤᠨ ᠣᠷᠴᠢᠮ ᠤᠨ ᠡᠷᠡᠭᠦᠯ ᠴᠢᠭᠢᠷᠠᠭ ᠤᠨ ᠪᠠᠶᠢᠳᠠᠯ ᠢᠶᠠᠨ ᠦᠨᠡᠨ ᠢᠶᠠᠷ ᠨᠢ | ᠮᠡᠳᠡᠭᠦᠯᠵᠦ᠂ ᠲᠠᠷᠢᠯᠭ᠎ᠠ ᠬᠢᠵᠦ ᠪᠣᠯᠬᠤ ᠡᠰᠡᠬᠦ ᠶᠢ ᠡᠮᠴᠢ ᠪᠠᠷ ᠮᠠᠭᠠᠳᠯᠠᠭᠤᠯᠤᠨᠠ᠃ ᠲᠠᠷᠢᠯᠭ᠎ᠠ ᠬᠢᠭᠰᠡᠨ ᠤ ᠳᠠᠷᠠᠭ᠎ᠠ | ᠲᠠᠷᠢᠯᠭ᠎ᠠ ᠶᠢᠨ ᠭᠠᠵᠠᠷ ᠲᠤ 30 ᠮᠢᠨᠦ᠋ᠲ ᠰᠠᠭᠤᠨ ᠠᠵᠢᠭᠯᠠᠬᠤ ᠬᠡᠷᠡᠭᠲᠡᠶ᠃ ᠬᠡᠷᠪᠡ ᠥᠨᠳᠥᠷ ᠬᠠᠯᠠᠭᠤᠷᠠᠬᠤ ᠪᠤᠶᠤ | ᠬᠡᠰᠡᠭ ᠭᠠᠵᠠᠷ ᠲᠤᠨᠢ ᠲᠤᠰᠬᠠᠯ ᠡᠭᠦᠰᠬᠦ᠂ ᠵᠢᠱᠢᠶᠡᠯᠡᠪᠡᠯ ᠥᠨᠳᠥᠷ ᠬᠠᠯᠠᠭᠤᠷᠠᠬᠤ ᠨᠢ 38.5℃ ᠠᠴᠠ ᠬᠡᠲᠦᠷᠡᠬᠦ᠂ | ᠤᠯᠠᠶᠢᠵᠤ ᠬᠠᠪᠤᠳᠬᠤ ᠨᠢ 2.5 ᠰᠠᠨᠲ᠋ᠢᠮᠧᠳ᠋ᠷ ᠠᠴᠠ ᠬᠡᠲᠦᠷᠡᠪᠡᠯ ᠴᠠᠭ ᠲᠤᠬᠠᠶ ᠳᠤᠨᠢ ᠲᠠᠷᠢᠯᠭ᠎ᠠ ᠶᠢᠨ ᠭᠠᠵᠠᠷ ᠲᠤ | ᠮᠡᠳᠡᠭᠦᠯᠬᠦ ᠶᠢᠨ ᠬᠠᠮᠲᠤ ᠡᠮᠨᠡᠭᠦᠯᠬᠦ ᠬᠡᠷᠡᠭᠲᠡᠶ᠃ ᠲᠠᠷᠢᠯᠭ᠎ᠠ ᠬᠢᠭᠰᠡᠨ ᠤ ᠳᠠᠷᠠᠭ᠎ᠠ ᠬᠠᠷᠠᠰᠤ ᠢᠳᠡᠭᠡᠨ ᠤᠮᠳᠠᠭᠠᠨ | ᠢᠳᠡᠵᠦ᠂ ᠢᠯᠡᠭᠦᠬᠡᠨ ᠤᠰᠤ ᠤᠤᠭᠤᠵᠤ᠂ ᠵᠣᠬᠢᠰᠲᠠᠶ ᠠᠮᠠᠷᠠᠬᠤ ᠶᠢ ᠰᠠᠨᠠᠭᠤᠯᠤᠶ᠎ᠠ᠃ |