ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/9/22
   ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠰᠠᠵᠤ ᠡᠳᠡᠭᠡᠷᠡᠭᠦᠯᠦᠭᠰᠡᠨ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠬᠤ ᠴᠢᠬᠤᠯᠠᠲᠠᠶ ᠦᠦ︖ ᠬᠠᠷᠢᠭᠤᠯᠲᠠ᠄ ᠡᠩ ᠤᠨ ᠪᠠᠶᠢᠳᠠᠯ ᠳᠤ ᠠᠪᠴᠤ ᠬᠡᠯᠡᠪᠡᠯ᠂ ᠬᠠᠯᠳᠠᠪᠤᠷᠢᠲᠤ ᠡᠪᠡᠳᠴᠢᠨ ᠳᠤ ᠨᠡᠷᠪᠡᠭᠳᠡᠭᠰᠡᠨ ᠪᠤᠶᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠯ ᠳᠤ ᠴᠥᠮ ᠵᠣᠬᠢᠬᠤ ᠦᠯᠦ ᠬᠠᠯᠳᠠᠪᠤᠷᠢᠯᠠᠬᠤ ᠴᠢᠳᠠᠪᠤᠷᠢ ᠲᠠᠢ ᠪᠣᠯᠵᠣ᠂ ᠸᠠᠺᠼᠢᠨ ᠤ ᠲᠠᠷᠢᠯᠭ᠎ᠠ ᠲᠠᠢ ᠠᠳᠠᠯᠢᠪᠲᠤᠷ ᠬᠠᠮᠠᠭᠠᠯᠠᠬᠤ ᠦᠢᠯᠡᠳᠦᠯ ᠲᠠᠢ ᠪᠠᠶᠢᠪᠠᠯ ᠮᠡᠳᠡᠨ᠎ᠡ᠃ ᠨᠢᠭᠡᠨᠲᠡ ᠰᠤᠳᠤᠯᠭᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠳᠠᠭᠢᠵᠤ ᠬᠠᠯᠳᠠᠪᠤᠷᠢᠯᠠᠬᠤ ᠡᠪᠡᠳᠴᠢᠨ ᠡᠭᠦᠰᠬᠦ ᠪᠠᠶᠢᠳᠠᠯ ᠬᠤᠪᠣᠷ ᠪᠠᠶᠢᠳᠠᠭ᠂ ᠡᠶᠢᠮᠦ ᠠᠴᠠ ᠭᠦᠢᠴᠡᠳ ᠮᠡᠳᠡᠭᠳᠡᠭᠰᠡᠨ ᠰᠠᠭᠤᠷᠢᠨ ᠳᠡᠭᠡᠷ᠎ᠡ᠂ ᠡᠳᠡᠭᠡᠷᠡᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ 1 ᠤᠳᠠᠭ᠎ᠠ ᠳᠠᠷᠢᠵᠤ ᠪᠣᠯᠤᠨ᠎ᠠ᠃ ᠬᠠᠷᠰᠢᠮᠠᠲᠠᠭᠠᠶ ᠮᠠᠬᠠᠪᠣᠳ ᠲᠠᠢ ᠬᠦᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠵᠤ ᠪᠣᠯᠤᠨ᠎ᠠ ᠦᠦ︖ ᠬᠠᠷᠢᠭᠤᠯᠲᠠ᠄ ᠸᠠᠺᠼᠢᠨ ᠤ ᠲᠠᠶᠢᠯᠪᠤᠷᠢ ᠪᠢᠴᠢᠭ ᠲᠤ᠂ ᠬᠡᠷᠪᠡ ᠸᠠᠺᠼᠢᠨ ᠪᠤᠶᠤ ᠸᠠᠺᠼᠢᠨ ᠤ ᠪᠦᠷᠢᠯᠳᠦᠬᠦᠨ ᠳᠤ ᠬᠠᠷᠰᠢᠮᠠᠲᠠᠭᠠᠶ ᠪᠣᠯ ᠲᠠᠷᠢᠯᠭ᠎ᠠ ᠶᠢᠨ ᠴᠡᠭᠡᠷ ᠲᠤ ᠲᠣᠭᠠᠴᠢᠭᠳᠠᠵᠤ᠂ ᠸᠠᠺᠼᠢᠨ ᠤ ᠲᠠᠷᠢᠯᠭ᠎ᠠ ᠬᠢᠵᠦ ᠪᠣᠯᠬᠤ ᠥᠬᠡᠶ ᠭᠡᠵᠦ ᠲᠣᠭᠲᠠᠭᠠᠵᠠᠶ᠃ ᠭᠡᠪᠡᠴᠦ ᠬᠠᠷᠰᠢᠮᠠᠲᠠᠭᠠᠶ ᠬᠥᠮᠦᠨ ᠪᠦᠬᠦᠨ ᠴᠥᠮ ᠸᠠᠺᠼᠢᠨ ᠤ ᠲᠠᠷᠢᠯᠭ᠎ᠠ ᠬᠢᠵᠦ ᠪᠣᠯᠬᠤ ᠥᠬᠡᠶ ᠭᠡᠰᠡᠨ ᠶᠠᠪᠤᠳᠠᠯ ᠪᠢᠰᠢ᠂ ᠵᠢᠱᠢᠶᠡᠯᠡᠪᠡᠯ ᠴᠡᠴᠡᠭ ᠤᠨ ᠲᠣᠭᠤᠰᠣ᠂ ᠲᠡᠯᠡᠶ ᠶᠢᠨ ᠢᠳᠡᠭᠡᠨ᠂ ᠦᠨᠢᠶᠡᠨ ᠰᠦ᠂ ᠪᠠᠺᠲ᠋ᠧᠷᠢ ᠳᠠᠷᠤᠭᠴᠢ ᠡᠮ ᠵᠡᠷᠭᠡ ᠳᠤ ᠬᠠᠷᠰᠢᠮᠠᠲᠠᠭᠠᠶ ᠲᠡᠤᠬᠡ ᠲᠠᠢ ᠬᠦᠮᠦᠰ ᠸᠠᠺᠼᠢᠨ ᠪᠤᠶᠤ ᠸᠠᠺᠼᠢᠨ ᠤ ᠪᠦᠷᠢᠯᠳᠦᠬᠦᠨ ᠳᠤ ᠬᠠᠷᠰᠢᠮᠠᠲᠠᠭᠠᠶ ᠪᠢᠰᠢ ᠪᠠᠶᠢᠵᠤ ᠮᠡᠳᠡᠨ᠎ᠡ᠂ ᠡᠲᠡᠭᠡᠷ ᠬᠥᠮᠦᠰ ᠪᠠᠰᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠣᠯᠤᠨ᠎ᠠ᠃ ᠦᠯᠦ ᠬᠠᠯᠳᠠᠪᠤᠷᠢᠯᠠᠬᠤ ᠴᠢᠳᠠᠮᠵᠢ ᠨᠢ ᠭᠡᠮᠲᠦᠭᠰᠡᠨ ᠬᠦᠮᠦᠰ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠵᠤ ᠪᠣᠯᠤᠨ᠎ᠠ ᠦᠦ︖ ᠬᠠᠷᠢᠭᠤᠯᠲᠠ᠄ ᠦᠯᠦ ᠬᠠᠯᠳᠠᠪᠤᠷᠢᠯᠠᠬᠤ ᠴᠢᠳᠠᠮᠵᠢ ᠨᠢ ᠭᠡᠮᠲᠦᠭᠰᠡᠨ ᠬᠥᠮᠦᠰ ᠪᠣᠯ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭᠠᠬᠢ ᠬᠦᠨᠳᠦ ᠡᠪᠡᠳᠴᠢᠳᠡᠨ ᠪᠣᠯᠬᠤ᠂ ᠥᠭᠦᠬᠦ ᠠᠶᠤᠯ ᠲᠦᠭᠰᠢᠭᠦᠷᠢ ᠶᠡᠬᠡᠲᠡᠶ ᠬᠥᠮᠦᠰ ᠮᠥᠨ᠂ ᠣᠳᠣᠬᠠᠨ ᠳᠤ ᠸᠠᠺᠼᠢᠨ ᠤ ᠲᠣᠰ ᠪᠦᠯᠦᠭ ᠬᠥᠮᠦᠰ ᠲᠤ ᠦᠵᠡᠭᠦᠯᠬᠦ ᠠᠶᠤᠯᠭᠦᠶ ᠴᠢᠨᠠᠷ ᠪᠠ ᠬᠦᠴᠦᠨ ᠪᠥᠬᠦᠶ ᠴᠢᠨᠠᠷ ᠤᠨ ᠲᠤᠭ᠎ᠠ ᠪᠠᠷᠢᠮᠲᠠ ᠬᠠᠷᠠᠬᠠᠨ ᠥᠬᠡᠶ ᠪᠠᠶᠢᠭᠰᠠᠭᠠᠷ᠂ ᠲᠣᠰ ᠪᠦᠯᠦᠭ ᠬᠥᠮᠦᠰ ᠲᠤ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠦᠯᠦ ᠬᠠᠯᠳᠠᠪᠤᠷᠢᠯᠠᠬᠤ ᠲᠤᠰᠬᠠᠯ ᠵᠢᠴᠢ ᠬᠠᠮᠠᠭᠠᠯᠠᠯᠲᠠ ᠶᠢᠨ ᠦᠷ᠎ᠡ ᠳ᠋ᠦᠩ ᠨᠢ ᠪᠠᠭᠤᠷᠠᠵᠤ ᠮᠡᠳᠡᠨ᠎ᠡ᠃ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠦᠭᠡᠶᠢᠳᠡᠭᠦᠯᠦᠭᠰᠡᠨ ᠸᠠᠺᠼᠢᠨ ᠪᠠ ᠳᠠᠬᠢᠨ ᠪᠦᠯᠦᠭᠯᠡᠭᠰᠡᠨ ᠳᠡᠳ᠋ ᠨᠢᠭᠡᠴᠡᠲᠦ ᠸᠠᠺᠼᠢᠨ ᠳᠤ᠂ ᠥᠩᠭᠡᠷᠡᠭᠰᠡᠨ ᠤ ᠠᠳᠠᠯᠢ ᠲᠥᠷᠥᠯ ᠤᠨ ᠸᠠᠺᠼᠢᠨ ᠤ ᠠᠶᠤᠯᠭᠦᠶ ᠴᠢᠨᠠᠷ ᠤᠨ ᠣᠨᠴᠠᠯᠢᠭ ᠢ ᠦᠨᠳᠦᠰᠦᠯᠡᠨ ᠲᠠᠷᠢᠯᠭ᠎ᠠ ᠬᠢᠬᠦ ᠶᠢ ᠰᠠᠨᠠᠭᠠᠴᠢᠯᠠᠨ᠎ᠠ᠃ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ ᠤ ᠲᠤᠬᠠᠶ ᠬᠦᠮᠦᠰ ᠲᠤ ᠭᠦᠢᠴᠡᠳ ᠲᠠᠨᠢᠯᠴᠠᠭᠤᠯᠤᠭᠰᠠᠨ ᠤ ᠬᠤᠶᠢᠨ᠎ᠠ ᠬᠤᠪᠢ ᠬᠥᠮᠦᠨ ᠨᠢ ᠠᠰᠢᠭ ᠲᠤᠰᠠ ᠪᠠ ᠲᠦᠭᠰᠢᠭᠦᠷᠢ ᠶᠢᠨ ᠪᠠᠶᠢᠳᠠᠯ ᠢ ᠪᠣᠳᠤᠯᠬᠢᠯᠠᠭᠰᠠᠨ ᠤ ᠳᠠᠷᠠᠭ᠎ᠠ ᠲᠠᠷᠢᠯᠭ᠎ᠠ ᠬᠢᠬᠦ ᠶᠢ ᠰᠠᠨᠠᠭᠠᠴᠢᠯᠠᠨ᠎ᠠ᠃
 
ᠢᠷᠡᠯᠲᠡ᠄ ᠣᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号