ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠬᠤᠭᠤᠴᠠᠭᠠᠨ ᠠᠴᠠ ᠬᠤᠴᠣᠷᠤᠭᠰᠠᠨ ᠢ ᠬᠡᠷᠬᠢᠨ ᠨᠥᠬᠦᠵᠦ | ᠳᠠᠷᠢᠬᠤ ᠪᠣᠶ︖ ᠠᠳᠠᠯᠢ ᠪᠤᠰᠤ ᠸᠠᠺᠼᠢᠨ ᠢ ᠬᠠᠷᠢᠯᠴᠠᠨ ᠰᠣᠯᠢᠵᠤ ᠪᠣᠯᠤᠨ᠎ᠠ ᠦᠦ︖ ᠬᠠᠷᠢᠭᠤᠯᠲᠠ᠄ 2 ᠪᠤᠶᠤ 3 | ᠤᠳᠠᠭ᠎ᠠ ᠶᠢᠨ ᠸᠠᠺᠼᠢᠨ ᠤ ᠲᠠᠷᠢᠯᠭ᠎ᠠ ᠶᠢ ᠵᠢᠷᠤᠮ ᠶᠣᠰᠣᠭᠠᠷ ᠬᠢᠵᠦ ᠳᠠᠭᠤᠰᠬᠠᠭᠰᠠᠨ ᠥᠬᠡᠶ ᠪᠠᠶᠢᠪᠠᠯ᠂ ᠡᠷᠲᠡᠬᠡᠨ | ᠨᠥᠬᠦᠵᠦ ᠳᠠᠷᠢᠬᠤ ᠶᠢ ᠰᠠᠨᠠᠭᠤᠯᠤᠨ᠎ᠠ᠃ ᠦᠯᠦ ᠬᠠᠯᠳᠠᠪᠤᠷᠢᠯᠠᠬᠤ ᠴᠢᠳᠠᠮᠵᠢ ᠶᠢ ᠳᠠᠬᠢᠨ ᠰᠢᠨ᠎ᠡ ᠪᠠᠷ ᠡᠬᠢᠯᠡᠭᠦᠯᠬᠦ | ᠴᠢᠬᠤᠯᠠ ᠦᠭᠡᠢ᠂ ᠵᠣᠬᠢᠬᠤ ᠤᠳᠠᠭ᠎ᠠ ᠶᠢᠨ ᠲᠠᠷᠢᠯᠭ᠎ᠠ ᠶᠢ ᠨᠥᠬᠦᠵᠦ ᠲᠠᠷᠢᠪᠠᠯ ᠪᠣᠯᠴᠢᠬᠠᠨ᠎ᠠ᠃ ᠣᠳᠣᠬᠢ ᠱᠠᠲᠤᠨ ᠳᠤ | ᠠᠳᠠᠯᠢ ᠨᠢᠭᠡᠨ ᠸᠠᠺᠼᠢᠨ ᠢᠶᠠᠷ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃ ᠬᠡᠷᠪᠡ ᠸᠠᠺᠼᠢᠨ ᠢ ᠦᠷᠭᠦᠯᠵᠢᠯᠡᠨ | ᠬᠠᠩᠭᠠᠵᠤ ᠳᠡᠶᠢᠯᠬᠦ ᠥᠬᠡᠶ᠂ ᠲᠠᠷᠢᠯᠭ᠎ᠠ ᠬᠦᠯᠢᠶᠡᠭᠴᠢ ᠣᠨᠳᠣᠤ ᠭᠠᠵᠠᠷ ᠲᠤ ᠳᠠᠷᠢᠬᠤ ᠵᠡᠷᠭᠡ ᠣᠨᠴᠠᠭᠠᠶ ᠪᠠᠶᠢᠳᠠᠯ ᠳᠤ | ᠲᠣᠬᠢᠶᠠᠯᠳᠤᠪᠠᠯ᠂ ᠠᠳᠠᠯᠢ ᠲᠥᠷᠥᠯ ᠤᠨ ᠪᠤᠰᠤᠳ ᠦᠢᠯᠡᠳᠪᠦᠷᠢ ᠤᠨ ᠠᠵᠤ ᠠᠬᠤᠶᠢᠯᠠᠯ ᠤᠨ ᠸᠠᠺᠼᠢᠨ ᠢᠶᠠᠷ ᠳᠠᠷᠢᠵᠤ | ᠪᠣᠯᠤᠨ᠎ᠠ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠠᠰᠠ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠴᠢᠬᠤᠯᠠᠲᠠᠶ ᠦᠦ︖ ᠬᠠᠷᠢᠭᠤᠯᠲᠠ᠄ ᠸᠠᠺᠼᠢᠨ ᠤ ᠲᠠᠷᠢᠯᠭ᠎ᠠ ᠨᠢ ᠬᠠᠯᠳᠠᠪᠤᠷᠢᠯᠠᠬᠤ ᠲᠦᠭᠰᠢᠭᠦᠷᠢ ᠶᠢ ᠵᠣᠬᠢᠬᠤ | ᠬᠡᠮᠵᠢᠶ᠎ᠡ ᠪᠠᠷ ᠪᠠᠭᠠᠰᠬᠠᠵᠤ ᠪᠣᠯᠤᠨ᠎ᠠ᠂ ᠭᠡᠪᠡᠴᠦ ᠶᠠᠮᠠᠷᠪᠠ ᠸᠠᠺᠼᠢᠨ ᠤ ᠬᠠᠮᠠᠭᠠᠯᠠᠯᠲᠠ ᠶᠢᠨ ᠦᠷ᠎ᠡ ᠳ᠋ᠦᠩ ᠨᠢ ᠴᠥᠮ | 100% ᠳᠤ ᠬᠦᠷᠴᠦ ᠳᠡᠶᠢᠯᠬᠦ ᠥᠬᠡᠶ᠂ ᠴᠢᠬᠤᠯᠠᠲᠠᠶ ᠦᠶ᠎ᠡ ᠳᠤ ᠮᠥᠨ ᠬᠦ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ | ᠬᠢᠭᠰᠡᠨ ᠤ ᠳᠠᠷᠠᠭ᠎ᠠ᠂ ᠬᠢᠯᠢ ᠪᠠᠷ ᠣᠷᠣᠵᠤ ᠭᠠᠷᠬᠤ ᠶᠢᠨ ᠪᠠᠶᠢᠴᠠᠭᠠᠯᠲᠠ ᠳᠤ ᠴᠢᠰᠤᠨ ᠴᠠᠶᠢᠪᠠᠩ ᠤᠨ | ᠡᠰᠡᠷᠭᠦᠴᠡᠭᠴᠢ ᠨᠢ ᠠᠷᠭ᠎ᠠ ᠴᠢᠨᠠᠷᠲᠠᠶ ᠪᠠᠶᠢᠪᠠᠯ ᠶᠠᠭᠠᠬᠢᠬᠤ ᠪᠣᠶ︖ ᠬᠠᠷᠢᠭᠤᠯᠲᠠ᠄ ᠬᠡᠷᠪᠡ ᠪᠠᠶᠢᠴᠠᠭᠠᠭᠳᠠᠭᠴᠢ | ᠬᠤᠶᠠᠷ ᠭᠠᠷᠠᠭ ᠤᠨ ᠡᠮᠦᠨ᠎ᠡ ᠰᠢᠨ᠎ᠡ ᠲᠢᠲᠢᠮᠯᠢᠭ ᠸᠢᠷᠦ᠋ᠰ ᠤᠨ ᠸᠠᠺᠽᠢᠨ ᠲᠠᠷᠢᠭᠰᠠᠨ ᠪᠠᠶᠢᠪᠠᠯ᠂ ᠡᠰᠡᠷᠭᠦᠴᠡᠭᠴᠢ | IgG ᠪᠠ IgM ᠠᠷᠭ᠎ᠠ ᠴᠢᠨᠠᠷ ᠢ ᠡᠭᠦᠰᠭᠡᠵᠦ ᠮᠡᠳᠡᠨ᠎ᠡ᠃ ᠬᠡᠷᠪᠡ ᠴᠢᠰᠤᠨ ᠴᠠᠶᠢᠪᠠᠩ ᠤᠨ ᠡᠰᠡᠷᠭᠦᠴᠡᠭᠴᠢ ᠶᠢᠨ | ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠶ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ | ᠪᠠᠶᠢᠴᠠᠭᠠᠯᠲᠠ ᠵᠡᠷᠭᠡ ᠪᠤᠰᠤᠳ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ ᠰᠢᠨ᠎ᠡ | ᠲᠢᠲᠢᠮᠯᠢᠭ ᠸᠠᠺᠼᠢᠨ ᠤ ᠲᠠᠷᠢᠯᠭ᠎ᠠ ᠶᠢᠨ ᠭᠡᠷᠡᠴᠢ ᠶᠢ ᠭᠠᠷᠭᠠᠨ ᠦᠵᠡᠭᠦᠯᠵᠦ᠂ ᠬᠤᠯᠪᠣᠭᠳᠠᠯ ᠪᠦᠬᠦᠢ | ᠪᠠᠶᠢᠭᠤᠯᠤᠮᠵᠢ ᠶᠢᠨ ᠢᠯᠭᠠᠨ ᠮᠠᠭᠠᠳᠯᠠᠬᠤ ᠳᠤ ᠳᠦᠭᠦᠮ ᠪᠣᠯᠭᠠᠨ᠎ᠠ᠃ |