ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠭᠰᠠᠨ ᠤ ᠳᠠᠷᠠᠭ᠎ᠠ ᠪᠠᠰᠠ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠴᠢᠬᠤᠯᠠ ᠲᠠᠢ ᠦᠦ︖ ᠲᠠᠷᠢᠯᠭ᠎ᠠ ᠶᠢᠨ ᠭᠡᠷᠡᠴᠢ ᠪᠠᠷ ᠪᠥᠭᠡᠮ ᠬᠦᠴᠢᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠣᠷᠣᠯᠠᠭᠤᠯᠵᠤ ᠪᠣᠯᠬᠤ ᠦᠦ︖ ᠬᠠᠷᠢᠭᠤᠯᠲᠠ᠄ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ | ᠳᠠᠷᠢᠭᠰᠠᠨ ᠤ ᠳᠠᠷᠠᠭ᠎ᠠ᠂ ᠳᠣᠤᠷᠠᠬᠢ ᠰᠢᠯᠲᠠᠭᠠᠨ ᠠᠴᠠ ᠪᠣᠯᠵᠣ᠂ ᠲᠦᠢᠯ ᠤᠨ ᠴᠥᠭᠡᠨ ᠲᠣᠭᠠᠨ ᠤ ᠲᠠᠷᠢᠯᠭ᠎ᠠ | ᠬᠢᠭᠰᠡᠳ ᠤᠨ ᠬᠠᠮᠠᠭᠠᠯᠠᠯᠲᠠ ᠨᠢ ᠢᠯᠠᠭᠳᠠᠭᠰᠠᠨ ᠠᠴᠠ ᠪᠣᠯᠵᠣ ᠮᠥᠨ ᠬᠦ ᠪᠥᠭᠡᠮ ᠬᠦᠴᠢᠯ ᠤᠨ ᠪᠠᠶᠢᠴᠠᠭᠠᠯᠲᠠ ᠳᠤ | ᠠᠷᠭ᠎ᠠ ᠴᠢᠨᠠᠷᠲᠠᠶ ᠪᠤᠶᠤ ᠡᠪᠡᠳᠴᠢᠯᠡᠳᠡᠭ᠄ 1. ᠸᠠᠺᠼᠢᠨ ᠤ ᠪᠥᠬᠦ ᠲᠠᠷᠢᠯᠭ᠎ᠠ ᠬᠢᠭᠰᠡᠨ ᠤ ᠳᠠᠷᠠᠭ᠎ᠠ᠂ ᠣᠨᠴᠠ | ᠵᠠᠷᠢᠮ ᠤᠨ ᠦᠯᠦ ᠬᠠᠯᠳᠠᠪᠤᠷᠢᠯᠠᠬᠤ ᠴᠢᠳᠠᠮᠵᠢ ᠨᠢ ᠢᠯᠠᠭᠳᠠᠭᠰᠠᠨ ᠠᠴᠠ ᠪᠣᠯᠵᠣ ᠪᠦᠲᠦᠮᠵᠢᠲᠡᠶ ᠬᠠᠮᠠᠭᠠᠯᠠᠯᠲᠠ | ᠣᠯᠤᠭᠰᠠᠨ ᠥᠬᠡᠶ᠂ ᠡᠨᠡ ᠪᠦᠯᠦᠭ ᠬᠥᠮᠦᠰ ᠰᠢᠨ᠎ᠡ ᠲᠢᠲᠢᠮᠯᠢᠭ ᠸᠢᠷᠦ᠋ᠰ ᠲᠠᠢ ᠣᠷᠴᠢᠨ ᠳᠤ ᠣᠷᠤᠰᠢᠭᠰᠠᠨ ᠤ | ᠳᠠᠷᠠᠭ᠎ᠠ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠴᠠ ᠪᠣᠯᠵᠣ ᠪᠥᠭᠡᠮ ᠬᠦᠴᠢᠯ ᠤᠨ ᠠᠷᠭ᠎ᠠ | ᠴᠢᠨᠠᠷ ᠶᠢ ᠪᠠᠶᠢᠴᠠᠭᠠᠨ ᠭᠠᠷᠭᠠᠬᠤ ᠪᠤᠶᠤ ᠡᠪᠡᠳᠴᠢᠯᠡᠵᠦ ᠮᠡᠳᠡᠨ᠎ᠡ᠃ 2. ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ | ᠬᠡᠰᠡᠭ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠰᠠᠶ᠋ᠢ ᠬᠠᠮᠠᠭᠠᠯᠠᠯᠲᠠ ᠶᠢᠨ ᠦᠷ᠎ᠡ ᠳ᠋ᠦᠩ ᠭᠠᠷᠤᠨ᠎ᠠ᠃ ᠬᠡᠷᠪᠡ ᠡᠨᠡ | ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠪᠡᠯ᠂ ᠪᠥᠭᠡᠮ ᠬᠦᠴᠢᠯ ᠤᠨ ᠠᠷᠭ᠎ᠠ ᠴᠢᠨᠠᠷ ᠶᠢ | ᠪᠠᠶᠢᠴᠠᠭᠠᠨ ᠭᠠᠷᠭᠠᠬᠤ ᠪᠤᠶᠤ ᠡᠪᠡᠳᠴᠢᠯᠡᠵᠦ ᠮᠡᠳᠡᠨ᠎ᠡ᠃ 3. ᠡᠪᠡᠳᠴᠢᠨ ᠤ ᠨᠢᠭᠤᠭᠳᠠᠮᠠᠯ ᠬᠤᠭᠤᠴᠠᠭᠠᠨ ᠳᠤ | ᠪᠠᠶᠢᠭ᠎ᠠ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠤ ᠸᠠᠺᠼᠢᠨ ᠤ ᠲᠠᠷᠢᠯᠭ᠎ᠠ | ᠬᠢᠭᠰᠡᠨ ᠴᠦ ᠨᠢᠭᠡᠨᠲᠡ ᠬᠠᠯᠳᠠᠪᠤᠷᠢᠯᠠᠭᠳᠠᠭᠰᠠᠨ ᠠᠴᠠ ᠪᠣᠯᠵᠤ ᠪᠥᠭᠡᠮ ᠬᠦᠴᠢᠯ ᠤᠨ ᠠᠷᠭ᠎ᠠ ᠴᠢᠨᠠᠷ ᠶᠢ ᠪᠠᠶᠢᠴᠠᠭᠠᠨ | ᠭᠠᠷᠭᠠᠬᠤ ᠪᠤᠶᠤ ᠡᠪᠡᠳᠴᠢᠯᠡᠵᠦ ᠮᠡᠳᠡᠨ᠎ᠡ |