︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ | ᠪᠣᠯᠭᠠᠬᠤ﹀ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 11 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠦᠨᠡᠨᠬᠦ ᠴᠢᠩᠭᠠᠷᠠᠭᠤᠯᠤᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠨ ᠬᠤᠷᠢᠭᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ | ᠠᠵᠢᠯ ᠤᠨ ᠲᠥᠰᠦᠯ ᠢ ᠲᠣᠭᠲᠠᠭᠠᠪᠠ᠃ ᠨᠢᠭᠡ᠂ ᠶᠡᠷᠦᠩᠬᠡᠶ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ | ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠲᠡᠷᠢᠭᠦᠨ | ᠴᠢᠬᠤᠯᠠ ᠡᠭᠦᠷᠭᠡ ᠪᠣᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠦᠨ᠂ | ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠲᠥᠷᠥ ᠶᠢᠨ | ᠪᠣᠳᠣᠯᠭ᠎ᠠ᠂ ᠲᠠᠯᠠᠪᠠᠶ᠂ ᠤᠨᠠᠯᠲᠠ ᠶᠢ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠶᠢ ᠡᠷᠡᠰ ᠬᠤᠷᠢᠭᠯᠠᠬᠤ ᠬᠡᠷᠡᠭᠲᠡᠶ᠃ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠳᠡᠯᠭᠡᠷᠡᠭᠦᠯᠦᠯᠲᠡ ᠶᠢ ᠲᠦᠷᠭᠡᠳᠬᠡᠵᠦ | ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ | ᠬᠡᠷᠡᠭᠲᠡᠢ᠃ ᠬᠤᠶᠠᠷ᠂ ᠠᠵᠢᠯ ᠤᠨ ᠡᠭᠦᠷᠭᠡ ︵ᠨᠢᠭᠡ︶ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ 1. ᠲᠠᠷᠢᠶᠠᠨ | ᠭᠠᠵᠠᠷ ᠢ ᠤᠷᠢᠳᠠᠪᠠᠷ ᠠᠰᠢᠭᠯᠠᠬᠤ ᠲᠡᠰ ᠳᠠᠷᠠᠭᠠᠯᠠᠯ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ | ᠬᠠᠮᠠᠭᠠᠯᠠᠯᠲᠠ ᠶᠢ ᠬᠡᠷᠡᠭᠵᠢᠭᠦᠯᠦᠨ᠎ᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠨᠤᠲᠤᠭ ᠳᠡᠪᠢᠰᠬᠡᠷ ᠤᠨ | ᠪᠠᠶᠢᠴᠠᠭᠠᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ︽ᠴᠢᠨᠠᠷ ᠰᠠᠶᠢᠲᠠᠶ ᠶᠢ ᠣᠷᠣᠭᠤᠯᠵᠤ ᠴᠢᠨᠠᠷ | ᠮᠠᠭᠤᠲᠠᠶ ᠶᠢ ᠭᠠᠷᠭᠠᠬᠤ︾ ᠵᠠᠷᠴᠢᠮ ᠶᠣᠰᠣᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠢᠨᠠᠨ | ᠬᠠᠷᠭᠤᠭᠤᠯᠵᠤ ᠴᠡᠭᠴᠡᠯᠡᠨ ᠰᠠᠶᠢᠵᠢᠷᠠᠭᠤᠯᠵᠤ᠂ ᠨᠥᠬᠦᠪᠥᠷᠢᠯᠡᠨ ᠬᠤᠪᠢᠶᠠᠷᠢᠯᠠᠬᠤ ᠠᠵᠢᠯ ᠢ ᠥᠷᠨᠢᠭᠦᠯᠦᠨ᠎ᠡ᠃ | ᠲᠠᠷᠢᠶᠠᠨ ᠭᠠᠵᠠᠷ ᠤᠨ ᠠᠮᠤ ᠪᠤᠳᠠᠭ᠎ᠠ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ | ᠤᠷᠢᠳᠠᠪᠠᠷ ᠬᠠᠩᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠢᠳᠡᠰᠢᠨ ᠤ ᠪᠤᠰᠤ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠳᠤ ᠵᠣᠬᠢᠰᠲᠠᠶ ᠬᠡᠷᠡᠭᠯᠡᠨ᠎ᠡ᠃ 2. ᠠᠮᠤ ᠪᠤᠳᠠᠭᠠᠨ ᠤ ᠲᠠᠯᠠᠪᠠᠶ ᠶᠢᠨ | ᠤᠨᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠪᠣᠯᠤᠨ ᠠᠮᠤ ᠪᠤᠳᠠᠭᠠᠨ ᠤ | ᠤᠨᠠᠯᠲᠠ ᠶᠢᠨ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ ᠬᠤᠰᠢᠭᠤ ᠰᠢᠶᠠᠨ ᠲᠣᠭᠤᠷᠢᠭ ᠲᠤ ᠬᠦᠷᠭᠡᠵᠦ᠂ | ᠡᠯ᠎ᠡ ᠬᠤᠰᠢᠭᠤ ᠰᠢᠶᠠᠨ ᠲᠣᠭᠤᠷᠢᠭ ᠤᠨ ᠵᠠᠳᠠᠯᠤᠯᠲᠠ ᠠᠴᠠ ᠳᠣᠷᠣᠭᠰᠢ ᠡᠯ᠎ᠡ ᠰᠤᠮᠤ ᠰᠢᠶᠠᠩ ᠪᠠᠯᠭᠠᠰᠤᠨ ᠳᠤ | ᠬᠦᠷᠭᠡᠵᠦ᠂ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ ᠶᠢ 1670 ᠲᠦᠮᠡᠨ ᠮᠥ ᠠᠴᠠ ᠳᠡᠭᠡᠭᠰᠢ ᠳᠤ | ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠂ ᠡᠭᠦᠨ ᠳᠤ ᠡᠷᠳᠡᠨᠢ ᠰᠢᠰᠢ ᠳᠠᠷᠢᠬᠤ ᠲᠠᠯᠠᠪᠠᠶ ᠶᠢ 870 ᠲᠦᠮᠡᠨ | ᠮᠥ ᠳᠤ ᠲᠣᠭᠲᠠᠪᠤᠷᠢᠵᠢᠭᠤᠯᠵᠤ᠂ ᠪᠤᠭᠤᠳᠠᠶ ᠶᠢᠨ ᠳᠠᠷᠢᠬᠤ ᠲᠠᠯᠠᠪᠠᠶ ᠶᠢ 50 ᠲᠦᠮᠡᠨ ᠮᠥ ᠳᠤ ᠲᠣᠭᠲᠠᠪᠤᠷᠢᠵᠢᠭᠤᠯᠵᠤ | ᠂ ᠡᠯᠳᠡᠪ ᠠᠮᠤ ᠡᠯᠳᠡᠪ ᠪᠤᠷᠴᠠᠭ ᠳᠠᠷᠢᠬᠤ ᠲᠠᠯᠠᠪᠠᠶ ᠶᠢ 600 ᠲᠦᠮᠡᠨ ᠮᠥ ᠳᠤ ᠲᠣᠭᠲᠠᠪᠤᠷᠢᠵᠢᠭᠤᠯᠵᠤ᠂ ᠪᠥᠬᠦ | ᠬᠤᠲᠠ ᠶᠢᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 120 ᠳ᠋ᠦᠩᠰᠢᠭᠤᠷ ᠵᠢᠩ ᠠᠴᠠ | ᠳᠡᠭᠡᠭᠰᠢ ᠳᠤ ᠬᠦᠷᠦᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠷᠢᠭᠤᠴᠠᠨ᠎ᠠ︶ | 3. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠦᠯ ᠢ ᠴᠢᠩᠭᠠᠷᠠᠭᠤᠯᠤᠨ᠎ᠠ᠃ ᠮᠠᠯᠴᠢᠨ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ | ᠬᠥᠲᠥᠯᠦᠨ ᠵᠢᠯᠣᠭᠤᠳᠴᠤ ᠪᠠᠶᠢᠭᠠᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠤᠨ | ᠡᠵᠡᠩᠨᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠡᠪᠴᠢᠶᠡᠵᠢᠭᠦᠯᠦᠨ ᠠᠮᠤ ᠪᠤᠳᠠᠭᠠᠨ ᠤ ᠲᠠᠷᠢᠮᠠᠯ ᠢ | ᠳᠠᠷᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠦᠢᠯᠡᠴᠢᠯᠡᠭᠡᠨ ᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠵᠡᠷᠭᠡ ᠦᠢᠯᠡᠴᠢᠯᠡᠭᠡᠨ ᠤ ᠭᠤᠤᠯ | ᠴᠣᠭᠴᠠ ᠶᠢᠨ ᠠᠮᠤ ᠪᠤᠳᠠᠭᠠᠨ ᠤ ᠦᠢᠯᠡᠳᠪᠦᠷᠢᠯᠡᠯ ᠡᠷᠭᠢᠯᠡᠵᠦ ᠪᠠᠶᠢᠭ᠎ᠠ ᠵᠢᠵᠢᠭ ᠲᠠᠷᠢᠶᠠᠴᠢᠨ ᠡᠷᠦᠬᠡ ᠳᠤ | ᠬᠠᠨᠳᠤᠭᠤᠯᠤᠨ ᠣᠷᠣᠯᠠᠨ ᠳᠠᠷᠢᠬᠤ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠥᠷᠨᠢᠭᠦᠯᠬᠦ ᠶᠢ ᠳᠡᠮᠵᠢᠨ᠎ᠡ᠃ | ᠦᠢᠯᠡᠳᠪᠦᠷᠢ ᠬᠤᠳᠠᠯᠳᠤᠭᠠᠨ ᠤ ᠬᠦᠷᠦᠩᠭᠡ ᠶᠢᠨ ᠰᠡᠶᠢᠠ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ | ᠪᠤᠳᠠᠭ᠎ᠠ ᠡᠳ᠋ᠰᠢᠭᠦᠯᠦᠨ ᠭᠦᠢᠯᠭᠡᠭᠡᠬᠦ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ | ᠦᠢᠯᠡᠴᠢᠯᠡᠭᠡ ᠵᠡᠷᠭᠡ ᠶᠢ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ | ᠬᠤᠶᠠᠷ︶ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ 1. ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠵᠢᠷᠤᠵᠤ ᠲᠥᠯᠥᠪᠯᠡᠵᠦ᠂ ᠵᠢᠷᠤᠮᠵᠢᠯ ᠲᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠡᠷᠲᠡ ᠠᠵᠢᠯ ᠡᠬᠢᠯᠡᠭᠦᠯᠵᠦ᠂ ᠡᠷᠲᠡ ᠪᠥᠲᠥᠭᠡᠨ | ᠪᠠᠶᠢᠭᠤᠯᠵᠤ᠂ ᠡᠷᠲᠡ ᠠᠵᠢᠯ ᠳᠠᠭᠤᠰᠬᠠᠬᠤ ᠪᠠᠷ ᠴᠢᠷᠮᠠᠶᠢᠵᠤ᠂ ᠳᠤᠮᠳᠠ ᠳᠣᠤᠷ᠎ᠠ ᠤᠨᠠᠯᠲᠠ ᠲᠠᠢ ᠲᠠᠷᠢᠶᠠᠨ ᠭᠠᠵᠠᠷ ᠢ | ᠥᠭᠡᠷᠡᠴᠢᠯᠡᠬᠦ ᠪᠠ ᠮᠠᠰᠢᠨᠴᠢᠯᠠᠬᠤ ᠳᠤ ᠲᠣᠬᠢᠷᠠᠮᠵᠢᠲᠠᠶ ᠠᠵᠢᠯ ᠲᠠᠢ ᠤᠶᠠᠯᠳᠤᠭᠤᠯᠤᠨ᠂ ᠬᠠᠭᠤᠷᠠᠶ ᠲᠠᠷᠢᠶᠠᠯᠠᠭ᠎ᠠ ᠶᠢᠨ | ᠬᠢᠷᠢ ᠲᠦᠪᠰᠢᠨ ᠪᠥᠬᠦᠶ ᠱᠠᠲᠤᠨ ᠲᠠᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠳᠤᠨᠢ ᠠᠬᠢᠭᠤᠯᠤᠨ᠎ᠠ᠃ | 2021 ᠣᠨ ᠳᠤ ᠪᠠᠷᠢᠮᠵᠢᠶᠠᠲᠤ ᠲᠠᠷᠢᠶᠠᠨ ᠭᠠᠵᠠᠷ ᠢ 70 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠂ ᠡᠭᠦᠨ ᠳᠤ | ᠬᠠᠭᠤᠷᠠᠶ ᠪᠠᠷ ᠳᠠᠷᠢᠬᠤ ᠬᠡᠪᠲᠡᠭᠡ ᠱᠠᠲᠤᠨ ᠲᠠᠷᠢᠶ᠎ᠠ ᠶᠢ 22 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠨ | ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ ᠪᠠ ᠭᠦᠨ ᠰᠤᠯᠠᠷᠠᠭᠤᠯᠵᠤ ᠭᠠᠵᠠᠷ ᠲᠡᠭᠰᠢᠯᠡᠨ ᠠᠵᠢᠯᠯᠠᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ | ᠂ 2021 ᠣᠨ ᠳᠤ ᠪᠥᠬᠦ ᠬᠤᠲᠠ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠲᠠᠯᠠᠪᠠᠶ | 72 ᠲᠦᠮᠡᠨ ᠮᠥ ᠠᠴᠠ ᠳᠡᠭᠡᠭᠰᠢ ᠪᠣᠯᠪᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠬᠠᠷᠢᠭᠤᠴᠠᠨ᠎ᠠ︶ 2. ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠨ᠎ᠠ | ᠃ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ | ᠡᠪᠡᠳᠴᠢᠨ ᠬᠤᠷᠣᠬᠠᠶ ᠶᠢ ᠬᠢᠨᠠᠨ ᠬᠡᠮᠵᠢᠬᠦ ᠲᠣᠣᠷ ᠴᠡᠭ ᠢ ᠪᠠᠶᠢᠭᠤᠯᠵᠤ᠂ ᠲᠠᠷᠢᠶᠠᠨ ᠡᠮ ᠤᠨ ᠬᠡᠷᠡᠭᠯᠡᠯᠲᠡ ᠶᠢᠨ | ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠲᠠᠷᠢᠶᠠᠨ ᠡᠮ ᠤᠨ ᠠᠶᠤᠯᠭᠦᠶ ᠬᠡᠷᠡᠭᠯᠡᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ | ᠰᠢᠨ᠎ᠡ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠪᠠ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ | ᠬᠡᠷᠡᠭᠯᠡᠭᠦᠯᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠶᠢ | ᠴᠢᠩᠭᠠᠳᠬᠠᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ 2021 ᠣᠨ ᠳᠤ | ᠪᠥᠬᠦ ᠬᠤᠲᠠ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠲᠣᠰ ᠤᠯᠠᠷᠢᠯ ᠤᠨ ᠪᠤᠴᠠᠭᠠᠨ | ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 86% ᠠᠴᠠ ᠳᠡᠭᠡᠭᠰᠢ ᠳᠤ ᠬᠦᠷᠦᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠬᠠᠷᠢᠭᠤᠴᠠᠨ᠎ᠠ︶ ︵ᠭᠤᠷᠪᠠ︶ ᠲᠠᠷᠢᠶᠠᠨ ᠭᠠᠵᠠᠷ ᠢ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠴᠢᠩᠳᠠᠯᠠᠵᠤ | ᠂ ︽ᠠᠮᠤ ᠪᠤᠳᠠᠭᠠᠨ ᠤ ᠪᠤᠰᠤ ᠪᠣᠯᠭᠠᠬᠤ︾ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ 1. ᠲᠠᠷᠢᠶᠠᠨ ᠭᠠᠵᠠᠷ ᠤᠨ | ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠵᠠᠷᠴᠢᠮ ᠶᠣᠰᠣᠭᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ | ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠤᠷᠢᠳᠠᠪᠠᠷ | ᠬᠡᠷᠡᠭᠯᠡᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠳᠤ | ᠭᠤᠣᠯᠳᠠᠯᠭ᠎ᠠ ᠲᠠᠢ ᠬᠡᠷᠡᠭᠯᠡᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠣᠭᠲᠠᠭᠠᠯ ᠠᠴᠠ ᠵᠥᠷᠢᠴᠡᠨ | ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠳᠡᠭᠡᠷᠡᠬᠢ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠡᠷᠬᠢᠯᠡᠬᠦ ᠵᠢᠴᠢ ᠨᠠᠭᠤᠷ ᠮᠠᠯᠲᠠᠵᠤ ᠵᠢᠭᠠᠰᠤ | ᠲᠡᠵᠢᠭᠡᠬᠦ᠂ ᠬᠠᠤᠯᠢ ᠪᠤᠰᠤ ᠪᠠᠷ ᠰᠢᠷᠣᠶ ᠠᠪᠬᠤ ᠵᠡᠷᠭᠡ ᠲᠠᠷᠢᠶᠠᠯᠠᠬᠤ ᠳᠠᠪᠬᠤᠷᠭ᠎ᠠ ᠶᠢ ᠡᠪᠳᠡᠬᠦ ᠠᠵᠢᠯᠯᠠᠭ᠎ᠠ ᠶᠢ | ᠴᠠᠭᠠᠵᠠᠯᠠᠨ᠎ᠠ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 2. | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠷᠠᠭᠤᠯᠤᠨ᠎ᠠ | ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠮᠵᠢᠳᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ | ᠣᠷᠣᠨ ᠤ ᠬᠤᠪᠢᠶᠠᠷᠢᠯᠠᠨ ᠲᠣᠭᠲᠠᠭᠠᠭᠰᠠᠨ ᠦᠷ᠎ᠡ ᠪᠦᠲᠦᠭᠡᠯ ᠳᠤ ︽ᠡᠷᠬᠢᠨ ᠬᠠᠷᠠᠬᠤ︾ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠡᠳᠦᠷ | ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢ ᠰᠢᠪᠠᠳᠠᠨ | ᠵᠢᠯᠣᠭᠤᠳᠴᠤ ᠪᠠᠶᠢᠭᠠᠳ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 3. ᠠᠲᠠᠷᠰᠢᠭᠤᠯᠤᠭᠰᠠᠨ ᠭᠠᠵᠠᠷ ᠢ ᠠᠰᠢᠭᠯᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ᠂ | ᠠᠲᠠᠷᠰᠢᠭᠤᠯᠬᠤ ᠶᠢ ᠴᠠᠭᠠᠵᠠᠯᠠᠵᠤ᠂ ᠠᠲᠠᠷᠰᠢᠭᠤᠯᠤᠭᠰᠠᠨ ᠭᠠᠵᠠᠷ ᠢ ᠣᠶᠢᠯᠠᠭᠠᠵᠤ ᠭᠠᠳᠠᠭᠰᠢᠯᠠᠭᠤᠯᠬᠤ ᠲᠣᠭᠲᠠᠴᠠ ᠶᠢ | ᠪᠠᠶᠢᠭᠤᠯᠵᠤ᠂ ᠠᠲᠠᠷᠰᠢᠭᠤᠯᠤᠭᠰᠠᠨ ᠭᠠᠵᠠᠷ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ | ᠠᠲᠠᠷᠰᠢᠭᠤᠯᠤᠭᠰᠠᠨ ᠭᠠᠵᠠᠷ ᠢ ᠰᠡᠷᠭᠦᠭᠡᠨ ᠬᠠᠭᠠᠯᠪᠤᠷᠢᠯᠠᠬᠤ ᠠᠵᠢᠯ ᠢ ᠨᠠᠶᠢᠳᠠᠪᠤᠷᠢᠵᠢᠭᠤᠯᠤᠨ᠎ᠠ᠃ ᠠᠲᠠᠷᠰᠢᠭᠤᠯᠤᠭᠰᠠᠨ | ᠭᠠᠵᠠᠷ ᠤᠨ ᠲᠠᠷᠢᠶᠠᠴᠢᠨ ᠡᠷᠦᠭᠡ ᠶᠢ ᠲᠡᠶᠢᠴᠢᠯᠡᠠ ᠲᠡᠬᠢᠠ ᠲᠡᠷᠢᠬᠤ ᠠᠵᠢᠯ ᠢ ᠥᠷᠨᠢᠭᠦᠯᠵᠦ᠂ ᠣᠷᠣᠯᠠᠨ ᠲᠡᠷᠢᠬᠤ ᠪᠠ | ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠮᠤ | ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠳᠤ ᠭᠤᠣᠯᠳᠠᠯᠭ᠎ᠠ ᠲᠠᠢ ᠪᠠᠷ ᠬᠡᠷᠡᠭᠯᠡᠨ᠎ᠡ᠃ ᠤᠬᠠᠭᠤᠯᠤᠨ ᠬᠥᠲᠥᠯᠦᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠢ ᠠᠲᠠᠷᠰᠢᠭᠤᠯᠬᠤ ᠶᠢ | ᠬᠤᠷᠢᠭᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠭᠡ︶ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠡᠯ ᠢ ᠲᠣᠭᠲᠠᠪᠤᠷᠢᠵᠢᠭᠤᠯᠬᠤ ᠶᠢᠨ ᠴᠢᠬᠤᠯᠠ ᠴᠢᠨᠠᠷ ᠢ | ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠮᠤ ᠪᠤᠳᠠᠭᠠᠨ ᠤ ᠠᠮᠤᠷ | ᠲᠦᠪᠰᠢᠨ ᠤ ᠨᠠᠮ ᠵᠠᠰᠠᠭ ᠤᠨ ᠠᠳᠠᠯᠢ ᠬᠠᠷᠢᠭᠤᠴᠠᠯᠭᠠᠲᠤ ᠤᠯᠤᠰ ᠲᠥᠷᠥ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠭᠠᠨ ᠴᠢᠩᠭ᠎ᠠ ᠰᠠᠶᠢᠲᠤᠷ ᠠᠳᠬᠤᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ | ᠲᠣᠭᠤᠷᠢᠭ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢᠶᠠᠨ ᠱᠠᠯᠠᠪᠳᠠᠨ ᠲᠣᠭᠲᠠᠭᠠᠵᠤ᠂ | ᠬᠠᠮᠢᠶ᠎ᠠ ᠪᠥᠬᠦᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠠᠳᠬᠤᠬᠤ ᠬᠡᠷᠡᠭᠲᠡᠶ᠃ ︵ | ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠬᠤ ᠬᠡᠷᠡᠭᠲᠡᠶ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠬᠦ ᠶᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠠᠵᠢᠯ ᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠰ ᠭᠠᠵᠠᠷ | ᠣᠷᠣᠨ ᠤ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ︾ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ | ᠂ ᠡᠬᠡ ᠲᠠᠩᠰᠠ ᠪᠠᠶᠢᠭᠤᠯᠤᠨ᠂ ᠬᠠᠷᠠᠯᠲᠠ ᠪᠠᠨ ᠲᠣᠳᠣᠷᠬᠠᠶᠢᠯᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ | ᠬᠡᠷᠡᠭᠵᠢᠭᠦᠯᠵᠦ᠂ ᠦᠯᠡᠳᠡᠭᠡᠯ ᠬᠡᠮᠵᠢᠶ᠎ᠡ ᠶᠢ ᠡᠮᠬᠢ ᠵᠢᠷᠤᠮ ᠲᠠᠢ ᠠᠷᠢᠯᠭᠠᠨ᠂ ᠨᠡᠮᠡᠭᠳᠡᠯ ᠢ ᠡᠷᠡᠰ ᠬᠤᠷᠢᠭᠯᠠᠬᠤ ᠬᠡᠷᠡᠭᠲᠡᠶ᠃ | ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ | ᠭᠤᠷᠪᠠ︶ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠶᠢ ᠰᠡᠷᠭᠡᠶᠢᠯᠡᠨ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ | ᠴᠢᠩᠭ᠎ᠠ ᠨᠠᠶᠢᠳᠠᠪᠤᠷᠢᠵᠢᠭᠤᠯᠬᠤ ᠶᠢ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠰᠢᠯᠭᠠᠨ | ᠬᠢᠨᠠᠬᠤ ᠳᠦᠷᠢᠮ ᠶᠢᠨ ᠴᠢᠬᠤᠯᠠ ᠠᠭᠤᠯᠭ᠎ᠠ ᠪᠣᠯᠭᠠᠵᠤ᠂ ᠠᠮᠤ ᠪᠤᠳᠠᠭ᠎ᠠ ᠳᠠᠷᠢᠬᠤ ᠲᠠᠯᠠᠪᠠᠶ᠂ ᠤᠨᠠᠯᠲᠠ ᠶᠢᠨ ᠬᠡᠮᠵᠢᠶ᠎ᠡ | ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠶᠢᠨ ᠰᠢᠯᠭᠠᠨ ᠬᠢᠨᠠᠬᠤ | ᠭᠦᠢᠴᠡᠳᠬᠡᠯ ᠲᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠰᠢᠯᠭᠠᠨ ᠬᠢᠨᠠᠭᠰᠠᠨ ᠠᠮᠵᠢᠯᠲᠠ ᠪᠦᠲᠦᠮᠵᠢ ᠪᠠᠷ | ᠲᠣᠪᠤᠶᠢᠮ᠎ᠠ ᠭᠠᠵᠠᠷ ᠣᠷᠣᠨ ᠢ ᠰᠠᠶᠢᠰᠢᠶᠠᠨ ᠬᠥᠬᠢᠭᠦᠯᠵᠦ᠂ ᠲᠥᠷᠥᠯ ᠵᠦᠢᠯ ᠤᠨ ᠪᠠᠯᠠ ᠮᠥᠩᠭᠦ ᠶᠢ | ᠳᠣᠭᠢᠷᠠᠭᠤᠯᠬᠤ ᠳᠤ ᠭᠤᠤᠯᠳᠠᠯᠭ᠎ᠠ ᠲᠠᠢ ᠯᠠᠪᠯᠠᠯᠲᠠ ᠪᠣᠯᠭᠠᠨ᠎ᠠ᠃ ᠨᠠᠶᠢᠳᠠᠪᠤᠷᠢᠵᠢᠭᠤᠯᠤᠭᠰᠠᠨ ᠬᠦᠴᠦᠨ ᠪᠠᠭᠤᠷᠠᠢ | ᠭᠠᠵᠠᠷ ᠣᠷᠣᠨ ᠢ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠬᠡᠷᠡᠭᠲᠡᠶ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ | ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠳᠥᠷᠪᠡ︶ ᠡᠳ᠋ ᠤᠨ ᠵᠠᠰᠠᠭ ᠤᠨ | ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ | ᠳᠡᠮᠵᠢᠯᠭᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠤ ᠪᠣᠳᠠᠲᠠᠶ ᠪᠠᠨ ᠦᠨᠳᠦᠰᠦᠯᠡᠨ ᠠᠮᠤ ᠪᠤᠳᠠᠭᠠᠨ ᠤ | ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ | ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ | ᠪᠤᠳᠠᠭ᠎ᠠ ᠳᠠᠷᠢᠬᠤ ᠢᠳᠡᠪᠬᠢᠵᠢᠯ ᠢ ᠬᠦᠴᠦᠯᠡᠨ ᠳᠠᠶᠢᠴᠢᠯᠠᠬᠤ ᠬᠡᠷᠡᠭᠲᠡᠶ᠃ ᠡᠷᠳᠡᠨᠢ ᠰᠢᠰᠢ᠂ ᠪᠤᠭᠤᠳᠠᠢ᠂ ᠤᠰᠤᠨ | ᠲᠤᠲᠤᠷᠭ᠎ᠠ ᠶᠢᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ | ᠲᠤᠷᠰᠢᠯᠲᠠ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠲᠠᠷᠢᠮᠠᠯ ᠤᠨ ᠦᠷ᠎ᠡ ᠪᠤᠶᠢᠵᠢᠭᠤᠯᠬᠤ ᠳᠠᠭᠠᠳᠬᠠᠯ ᠤᠨ | ᠰᠦᠢᠳᠬᠡᠯ ᠤᠨ ᠨᠥᠬᠦᠪᠥᠷᠢ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠪᠠᠷᠢᠯᠭ᠎ᠠ ᠶᠢᠨ ᠵᠣᠭᠤᠰ ᠪᠠ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ ᠶᠢᠨ ᠨᠥᠬᠦᠪᠥᠷᠢ ᠪᠠᠯᠠ ᠮᠥᠩᠭᠦ ᠶᠢ ᠦᠨᠡᠨᠬᠦ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠭᠤᠴᠠᠭ᠎ᠠ ᠪᠠ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ ᠶᠢ ᠳᠥᠯᠭᠢᠨ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠠᠬᠢᠴᠠ ᠶᠢ ᠨᠥᠯᠥᠭᠡᠯᠡᠬᠦ ᠥᠬᠡᠶ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠣᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | |