ᠤᠷᠴᠢᠮ ᠤᠨ ᠡᠳᠦᠷ᠂ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠠᠶᠢᠨ ᠰᠢᠨᠵᠢᠬᠦ ᠪᠠᠭ ᠮᠠᠨ ᠤ ᠬᠤᠰᠢᠭᠤᠨ ᠳᠤ ᠢᠷᠡᠵᠦ ᠬᠠᠳᠠᠨ ᠪᠢᠴᠢᠭ ᠤᠨ ᠲᠤᠬᠠᠢ ᠰᠢᠨᠵᠢᠯᠡᠨ ᠪᠠᠶᠢᠴᠠᠭᠠᠯᠲᠠ | ᠶᠢᠨ ᠠᠵᠢᠯ ᠦᠷᠨᠢᠬᠦᠯᠦᠭᠰᠡᠨ ᠪᠠᠶᠢᠨ᠎ᠠ᠃ ᠬᠠᠶᠢᠨ ᠰᠢᠨᠵᠢᠬᠦ ᠪᠠᠭ ᠤᠨ ᠡᠷᠳᠡᠮᠳᠡᠳ ᠠᠴᠠ ᠮᠠᠨ ᠤ ᠬᠤᠰᠢᠭᠤᠨ ᠤ | ᠬᠡᠪᠴᠢᠶᠡᠨ ᠳᠠᠬᠢ ᠬᠠᠳᠠᠨ ᠪᠢᠴᠢᠭᠡᠰᠦ ᠨᠢ ᠤᠨ ᠤᠳᠠᠭᠠᠨ ᠵᠢᠯ ᠤᠨ ᠰᠠᠯᠬᠢ ᠪᠤᠷᠤᠭᠠᠨ ᠳᠤ ᠴᠤᠬᠢᠭᠳᠠᠭᠰᠠᠨ ᠴᠦ | ᠰᠤᠳᠤᠯᠭᠠᠨ ᠤ ᠠᠰᠤᠷᠤ ᠶᠡᠭᠡ ᠦᠨ᠎ᠡ ᠦᠷᠳᠡᠭ ᠢᠶᠠᠨ ᠬᠠᠳᠠᠭᠠᠯᠠᠭᠰᠠᠭᠠᠷ ᠪᠠᠶᠢᠨ᠎ᠠ ᠭᠡᠵᠦ ᠰᠠᠨᠠᠯ ᠨᠢᠬᠡᠲᠡᠢ | ᠦᠵᠡᠵᠡᠬᠡᠵᠦ ᠪᠠᠶᠢᠨ᠎ᠠ᠃ | 9 ᠰᠠᠷ᠎ᠠ ᠶᠢᠨ 16 ᠤ ᠡᠳᠦᠷ᠂ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ | ᠤᠨ ᠡᠷᠲᠡᠨ ᠤ ᠲᠡᠦᠬᠡ ᠰᠤᠳᠤᠯᠬᠤ ᠭᠠᠵᠠᠷ ᠤᠨ ᠰᠤᠳᠤᠯᠤᠭᠴᠢ ᠴᠡᠩᠭᠡᠯ᠂ ᠦᠨᠳᠦᠰᠦᠲᠡᠨ ᠰᠤᠳᠤᠯᠤᠯ ᠪᠤᠯᠤᠨ | ᠬᠦᠮᠦᠨ ᠰᠤᠳᠤᠯᠤᠯ ᠤᠨ ᠬᠦᠷᠢᠶᠡᠯᠡᠩ ᠤᠨ ᠰᠤᠳᠤᠯᠤᠭᠴᠢ ᠪᠦᠷᠭᠦᠳ ᠪᠠ ᠲᠤᠮᠳᠠᠳᠤ ᠤᠯᠤᠰ ᠤᠨ ᠦᠨᠳᠦᠰᠦᠲᠡᠨ ᠤ | ᠵᠢᠷᠤᠭᠲᠤ ᠰᠡᠳᠬᠦᠯ ᠤᠨ ᠦᠨᠳᠦᠷ ᠲᠡᠰ ᠤᠨ ᠰᠤᠷᠪᠤᠯᠵᠢᠯᠠᠭᠴᠢ ᠪᠠᠶᠠᠷ ᠵᠡᠷᠭᠡ ᠬᠦᠮᠦᠰ ᠪᠠᠶᠠᠬᠠᠭᠤᠯᠠ ᠪᠠᠯᠭᠠᠰᠤ ᠶᠢᠨ | ᠴᠠᠭᠠᠨᠪᠠᠶᠢᠴᠠ ᠭᠠᠴᠠᠭᠠᠨ ᠤ ᠠᠷᠤ ᠳᠠᠬᠢ ᠲᠠᠷᠴᠤᠭᠲᠤ ᠬᠠᠳᠠᠨ ᠲᠡᠭᠡᠷᠡᠬᠢ ᠡᠷᠲᠡᠨ ᠤ ᠪᠢᠴᠢᠭ ᠦᠰᠦᠭ ᠲᠤ ᠬᠠᠶᠢᠨ | ᠰᠢᠨᠵᠢᠯᠡᠯᠲᠡ ᠬᠢᠵᠠᠢ᠃ ᠤᠳᠤᠬᠠᠨ ᠤ ᠠᠵᠢᠭᠯᠠᠯᠲᠠ ᠠᠴᠠ ᠦᠵᠡᠪᠡᠯ ᠡᠨᠡᠬᠦ ᠬᠠᠳᠠᠨ ᠲᠡᠭᠡᠷ᠎ᠡ ᠤᠶᠢᠭᠤᠷᠵᠢᠨ | ᠮᠤᠩᠭᠤᠯ ᠦᠰᠦᠭ ᠪᠠ ᠲᠦᠷᠪᠡᠯᠵᠢᠨ ᠦᠰᠦᠭ ᠢ ᠵᠡᠷᠭᠡᠴᠡᠭᠦᠯᠦᠨ ᠪᠢᠴᠢᠵᠦ ᠦᠯᠡᠳᠡᠭᠡᠭᠰᠡᠨ ᠨᠢ ᠬᠦᠮᠦᠰ ᠤᠨ | ᠠᠩᠬᠠᠷᠤᠯ ᠢ ᠲᠠᠳᠠᠵᠤ ᠪᠠᠶᠢᠭ᠎ᠠ ᠪᠦᠭᠡᠳ ᠰᠤᠳᠤᠯᠭᠠᠨ ᠤ ᠡᠷᠭᠢᠯᠲᠡ ᠳᠤ ᠤᠷᠤᠭᠤᠯᠬᠤ ᠮᠠᠰᠢ ᠶᠡᠭᠡ ᠦᠨ᠎ᠡ ᠦᠷᠲᠡᠭ | ᠲᠠᠢ ᠭᠡᠵᠦ ᠡᠷᠳᠡᠮᠳᠡᠳ ᠦᠵᠡᠵᠦ ᠪᠠᠶᠢᠨ᠎ᠠ᠃ | ᠲᠠᠷᠴᠤᠭᠲᠤ ᠬᠠᠳᠠᠨ ᠤ ᠪᠢᠴᠢᠭᠡᠰᠦ ᠶᠢᠨ ᠲᠤᠬᠠᠢ ᠰᠤᠷᠠᠭ ᠵᠠᠩᠭᠢ ᠬᠠᠮᠤᠭ ᠠᠩᠬ᠎ᠠ ᠪᠠᠭᠠᠷᠢᠨ ᠵᠡᠬᠦᠨ ᠬᠤᠰᠢᠭᠤᠨ | ᠳᠤ ᠨᠤᠲᠤᠭ ᠲᠠᠢ ᠠᠯᠲᠠᠷᠲᠤ ᠡᠷᠲᠡᠮᠳᠡᠨ ᠳ᠋ᠠᠨᠽᠠᠨᠨᠢᠮᠠ ᠶᠢᠨ ᠨᠤᠮ ᠪᠦᠲᠦᠭᠡᠯ ᠳᠤ ᠲᠤᠷᠠᠳᠤᠭᠳᠠᠭᠰᠠᠨ ᠪᠠᠶᠢᠨ᠎ᠠ᠃ | ᠲᠡᠦᠬᠡᠨ ᠪᠠᠷᠢᠮᠲᠠ ᠶᠢ ᠦᠨᠳᠦᠰᠦᠯᠡᠪᠡᠯ᠂ ᠶᠤᠸᠠᠨ ᠤᠯᠤᠰ ᠤᠨ ᠬᠤᠪᠢᠯᠠᠢ ᠰᠡᠴᠡᠨ ᠬᠠᠭᠠᠨ ᠤ ᠦᠶ᠎ᠡ ᠳᠤ ︽ | ᠤᠯᠤᠰ ᠤᠨ ᠪᠠᠭᠰᠢ︾ ᠬᠡᠮᠡᠨ ᠡᠷᠭᠦᠮᠵᠢᠯᠡᠭᠳᠡᠭᠰᠡᠨ ᠫᠠᠭᠪᠠ ᠯᠠᠮᠠ ︽ᠲᠦᠷᠪᠡᠯᠵᠢᠨ ᠦᠰᠦᠭ︾ ᠪᠤᠶᠤ ︽ᠫᠠᠭᠪᠠ | ᠦᠰᠦᠭ︾ ᠢ ᠵᠤᠬᠢᠶᠠᠯ᠎ᠠ ᠭᠡᠳᠡᠭ᠃ ᠡᠶᠢᠮᠦ ᠠᠴᠠ ᠴᠠᠭᠠᠨᠪᠠᠶᠢᠴᠠ ᠶᠢᠨ ᠬᠠᠳᠠᠨ ᠳᠤ ᠤᠶᠢᠭᠤᠷᠵᠢᠨ ᠮᠤᠩᠭᠤᠯ | ᠦᠰᠦᠭ ᠤᠨ ᠬᠠᠵᠠᠭᠤ ᠳᠤ ᠵᠡᠷᠭᠡᠴᠡᠭᠦᠯᠦᠨ ᠪᠢᠴᠢᠵᠦ ᠪᠠᠶᠢᠭ᠎ᠠ ᠲᠦᠷᠪᠡᠯᠵᠢᠨ ᠦᠰᠦᠭ ᠢ 1269 ᠤᠨ ᠠᠴᠠ | ᠬᠤᠶᠢᠰᠢᠬᠢ ᠴᠠᠭ ᠬᠤᠭᠤᠴᠠᠭᠠᠨ ᠳᠤ ᠪᠢᠴᠢᠵᠦ ᠲᠡᠮᠳᠡᠭᠯᠡᠭᠰᠡᠨ ᠪᠠᠶᠢᠬᠤ ᠪᠤᠯᠤᠯᠴᠠᠭ᠎ᠠ ᠲᠠᠢ ᠭᠡᠵᠦ ᠬᠠᠶᠢᠨ ᠰᠢᠨᠵᠢᠬᠦ | ᠪᠠᠭ ᠤᠨ ᠬᠢᠨ ᠠᠩᠬ᠎ᠠ ᠠᠯᠬᠤᠮ ᠤᠨ ᠮᠠᠭᠠᠳᠯᠠᠯᠲᠠ ᠬᠢᠵᠦ ᠪᠠᠶᠢᠨ᠎ᠠ᠃ ᠭᠡᠪᠡᠴᠦ ᠤᠳᠤᠬᠠᠨ ᠳᠤ ᠡᠨᠡᠬᠦ ᠬᠠᠳᠠᠨ | ᠪᠢᠴᠢᠭ ᠤᠨ ᠲᠠᠯ᠎ᠠ ᠪᠠᠷ ᠶᠠᠮᠠᠷ ᠨᠢᠬᠡᠨ ᠪᠤᠳᠠᠳᠤ ᠳ᠋ᠦᠩᠨᠡᠯᠲᠡ ᠬᠢᠬᠦ ᠳᠤ ᠪᠡᠷᠬᠡ᠂ ᠰᠤᠳᠤᠯᠭᠠᠲᠠᠳ ᠠᠴᠠ ᠪᠠᠭᠤᠯᠭᠠᠵᠤ | ᠠᠪᠤᠭᠰᠠᠨ ᠭᠡᠷᠡᠯ ᠵᠢᠷᠤᠭ ᠨᠤᠭᠤᠳ ᠲᠤ ᠪᠠᠨ ᠰᠢᠨᠵᠢᠯᠡᠬᠦ ᠤᠬᠠᠭᠠᠨ ᠤ ᠤᠯᠠᠨ ᠲᠠᠯᠠᠲᠤ ᠠᠷᠭ᠎ᠠ ᠪᠠᠷ ᠨᠠᠷᠢᠯᠢᠭ | ᠰᠤᠳᠤᠯᠭᠠᠨ ᠬᠢᠬᠦ ᠴᠢᠬᠤᠯᠠ ᠲᠠᠢ ᠪᠠᠶᠢᠨ᠎ᠠ᠂ ᠬᠠᠷᠢᠨ ᠡᠳᠡᠭᠡᠷ ᠬᠠᠳᠠᠨ ᠪᠢᠴᠢᠭ ᠢ ᠴᠢᠬᠤᠯᠠᠴᠢᠯᠠᠨ ᠬᠠᠮᠠᠭᠠᠯᠠᠬᠤ | ᠬᠡᠷᠡᠭᠲᠡᠢ ᠭᠡᠵᠦ ᠡᠷᠳᠡᠮᠳᠡᠳ ᠤᠨ ᠵᠦᠭ ᠠᠴᠠ ᠰᠠᠨᠠᠭᠤᠯᠵᠤ ᠪᠠᠶᠢᠨ᠎ᠠ᠃ | ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ ᠡᠨᠡᠬᠦ ᠬᠠᠶᠢᠨ ᠰᠢᠨᠵᠢᠬᠦ ᠪᠠᠭ ᠨᠢ ᠤᠯᠤᠰ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ︽ᠶᠡᠭᠡ ᠬᠢᠩᠭᠠᠨ ᠲᠠᠪᠠᠭ᠎ᠠ ᠶᠢᠨ ᠡᠷᠲᠡᠨ ᠤ ᠤᠯᠠᠨ ᠦᠰᠦᠭ | ᠪᠢᠴᠢᠭ ᠤᠨ ᠬᠠᠳᠠᠨ ᠪᠢᠴᠢᠭᠡᠰᠦ ᠶᠢᠨ ᠪᠠᠶᠢᠴᠠᠭᠠᠯᠲᠠ ᠬᠢᠭᠡᠳ ᠰᠤᠳᠤᠯᠭ᠎ᠠ︾ ᠭᠡᠬᠦ ᠲᠦᠰᠦᠯ ᠤᠨ ᠲᠠᠭᠠᠤ ᠬᠠᠶᠢᠨ | ᠰᠢᠨᠵᠢᠯᠡᠬᠦ ᠠᠵᠢᠯ ᠦᠷᠨᠢᠭᠦᠯᠵᠦ ᠪᠠᠶᠢᠭ᠎ᠠ ᠪᠦᠭᠡᠳ ᠡᠮᠦᠨ᠎ᠡ ᠬᠡᠳᠦᠨ ᠡᠳᠦᠷ ᠪᠠᠰᠠ ᠮᠠᠨ ᠤ ᠬᠤᠰᠢᠭᠤᠨ ᠤ | ᠤᠯᠠᠭᠠᠨᠳᠠᠪᠠᠭ᠎ᠠ ᠰᠤᠮᠤ ᠶᠢᠨ ᠬᠠᠪᠴᠢᠯ ᠭᠠᠴᠠᠭ᠎ᠠ᠂ ᠰᠢᠨᠡᠬᠤᠲᠠ ᠭᠠᠴᠠᠭ᠎ᠠ ᠪᠠ ᠪᠠᠶᠠᠬᠠᠭᠤᠯᠠ ᠪᠠᠯᠭᠠᠰᠤ ᠶᠢᠨ ᠶᠤᠯᠤ | ᠶᠢᠨ ᠠᠷᠤ ᠭᠠᠴᠠᠭ᠎ᠠ ᠵᠡᠷᠭᠡ ᠭᠠᠵᠠᠷ ᠤᠳ ᠢᠶᠠᠷ ᠬᠦᠷᠴᠦ ᠬᠠᠶᠢᠨ ᠰᠢᠨᠵᠢᠯᠡᠯᠲᠡ ᠬᠢᠭᠰᠡᠨ ᠪᠠᠶᠢᠨ᠎ᠠ᠂ ᠬᠦᠷᠦᠭᠰᠡᠨ | ᠭᠠᠵᠠᠷ ᠪᠤᠯᠭᠠᠨ ᠳᠤ ᠲᠤᠬᠠᠢ ᠶᠢᠨ ᠨᠤᠲᠤᠭ ᠤᠨ ᠮᠠᠯᠴᠢᠳ ᠬᠠᠯᠠᠭᠤᠨ ᠰᠡᠳᠬᠢᠯ ᠢᠶᠠᠷ ᠲᠡᠮᠵᠢᠨ ᠲᠤᠰᠠᠯᠠᠯᠴᠠᠭᠰᠠᠨ | ᠪᠦᠭᠡᠳ ᠤᠷᠤᠨ ᠨᠤᠲᠤᠭ ᠤᠨ ᠲᠡᠦᠬᠡ ᠰᠤᠶᠤᠯ ᠲᠠᠢ ᠬᠤᠯᠪᠤᠭᠳᠠᠬᠤ ᠬᠠᠳᠠᠨ ᠪᠢᠴᠢᠭ ᠢ ᠡᠷᠲᠡᠮᠳᠡᠳ ᠰᠢᠨᠵᠢᠯᠡᠨ | ᠰᠤᠳᠤᠯᠵᠤ ᠪᠠᠶᠢᠭ᠎ᠠ ᠳᠤ ᠪᠠᠶᠠᠷᠲᠠᠢ ᠪᠠᠶᠢᠯ᠎ᠠ᠃ | | ᠰᠤᠷᠪᠤᠯᠵᠢᠯᠠᠭᠴᠢ ᠰᠤᠳᠤ᠂ ᠡᠷᠬᠢᠮᠪᠠᠶᠠᠷ ᠮᠡᠳᠡᠭᠡᠯᠡᠪᠡ᠃ | | ᠪᠠᠭᠠᠷᠢᠨ ᠵᠡᠭᠦᠨ ᠬᠤᠰᠢᠭᠤᠨ ᠤ ᠬᠠᠮ ᠵᠠᠭᠤᠶᠢᠯᠠᠭᠤᠷᠢ ᠶᠢᠨ ᠳᠦᠪ ᠤᠨ ᠮᠣᠩᠭᠤᠯ ᠨᠠᠶᠢᠷᠠᠭᠤᠯᠬᠤ ᠬᠡᠯᠳᠡᠰ |