ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 238 ᠳ᠋ᠤᠭᠠᠷ ᠲᠤᠭᠠᠳᠤ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠷᠭ᠎ᠠ︾ ᠶᠢ 2018 ᠣᠨ ᠤ 12 ᠳ᠋ᠤᠭᠠᠷ ᠰᠠᠷ᠎ᠠ ᠶᠢᠨ 13 ᠤ ᠡᠳᠦᠷ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ | ᠬᠢᠨᠠᠨ ᠵᠦᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2019 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠵᠢᠷᠤᠮᠵᠢᠭᠤᠯᠵᠤ᠂ ᠪᠠᠶᠢᠭᠤᠯᠭ᠎ᠠ ᠶᠢᠨ ᠬᠡᠪ ᠤᠨ ᠠᠵᠢᠯᠯᠠᠭᠠᠨ ᠢ ᠪᠠᠲᠤᠯᠠᠨ᠂ ᠪᠠᠶᠢᠭᠤᠯᠭ᠎ᠠ ᠶᠢᠨ ᠠᠵᠢᠯᠯᠠᠭᠠᠨ ᠤ | ᠦᠪᠡᠷ ᠤᠨ ᠥᠷᠲᠡᠭ ᠢ ᠪᠠᠭᠤᠷᠠᠭᠤᠯᠵᠤ᠂ ᠠᠷᠪᠢᠯᠠᠵᠤ ᠭᠠᠮᠨᠠᠬᠤ ᠬᠡᠯᠪᠡᠷᠢ ᠪᠦᠬᠦᠢ ᠪᠠᠶᠢᠭᠤᠯᠭ᠎ᠠ ᠶᠢ ᠪᠦᠲᠦᠭᠡᠨ | ᠪᠠᠶᠢᠭᠤᠯᠬᠤ ᠶᠢᠨ ᠲᠤᠰᠠᠳᠠ᠂ ︽ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︽ᠣᠯᠠᠨ | ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠤᠳ ᠤᠨ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠪᠠᠶᠢᠭᠤᠯᠭ᠎ᠠ ᠶᠢᠨ ᠶᠠᠪᠤᠳᠠᠯ ᠤᠨ ᠠᠵᠢᠯ ᠨᠢ ᠲᠦᠪᠯᠡᠷᠡᠭᠦᠯᠦᠨ ᠨᠢᠭᠡᠳᠭᠡᠬᠦ᠂ ᠰᠠᠶᠢᠲᠤᠷ | ᠪᠠᠲᠤᠯᠠᠬᠤ᠂ ᠰᠠᠶᠢᠲᠤᠷ ᠭᠠᠮᠨᠠᠨ ᠠᠷᠪᠢᠯᠠᠬᠤ᠂ ᠪᠣᠲᠠᠲᠠᠢ ᠠᠵᠢᠯᠯᠠᠭ᠎ᠠ ᠶᠢ ᠡᠷᠬᠢᠮᠯᠡᠨ ᠦᠨᠳᠦᠷ ᠪᠦᠲᠦᠮᠵᠢᠲᠡᠢ ᠪᠠᠷ | ᠠᠵᠢᠯᠯᠠᠬᠤ᠂ ᠢᠯᠡ ᠲᠤᠳᠣ ᠪᠠᠶᠢᠯᠭᠠᠬᠤ ᠵᠠᠷᠴᠢᠮ ᠢ ᠵᠢᠷᠤᠮᠯᠠᠬᠤ ᠬᠡᠷᠡᠭᠲᠡᠢ᠃ | ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠨᠢᠭᠡᠲᠦᠯᠲᠡᠢ ᠬᠠᠮᠢᠶᠠᠷᠤᠯᠲᠠ ᠶᠢ | ᠠᠬᠢᠭᠤᠯᠵᠤ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠲᠤᠳᠤᠷᠬᠠᠶᠢᠯᠠᠨ᠂ | ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠪᠠᠶᠠᠯᠢᠭ ᠢ ᠨᠢᠭᠡᠲᠦᠯᠲᠡᠢ | ᠲᠦᠯᠦᠪᠯᠡᠨ ᠲᠣᠬᠢᠷᠠᠭᠤᠯᠵᠤ ᠳᠦᠬᠦᠷᠵᠢᠭᠦᠯᠬᠦ ᠪᠠ ᠠᠷᠪᠢᠯᠠᠨ ᠠᠰᠢᠭᠯᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠤᠰ ᠰᠠᠯᠠᠭ᠎ᠠ | ᠮᠦᠴᠢᠷ ᠤᠨ ᠪᠠᠶᠢᠭᠤᠯᠭ᠎ᠠ ᠶᠢᠨ ᠶᠠᠪᠤᠳᠠᠯ ᠢᠶᠠᠨ ᠲᠦᠪᠯᠡᠷᠡᠭᠦᠯᠦᠨ ᠬᠠᠮᠢᠶᠠᠷᠴᠤ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠳᠣᠣᠷᠠᠳᠤ ᠱᠠᠲᠤᠨ ᠤ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠵᠢᠯᠤᠭᠤᠳᠴᠤ᠂ ᠲᠤᠰ ᠱᠠᠲᠤᠨ ᠤ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠭᠤᠣᠯᠴᠢᠯᠠᠨ ᠬᠠᠮᠢᠶᠠᠷᠤᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠪᠠᠶᠢᠭᠤᠯᠭ᠎ᠠ ᠶᠢᠨ ᠶᠠᠪᠤᠳᠠᠯ ᠤᠨ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢ ᠠᠬᠢᠭᠤᠯᠵᠤ᠂ ᠵᠠᠷᠤᠳᠠᠯ᠂ ᠡᠳ᠋ | ᠬᠦᠷᠦᠩᠭᠡ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠡᠨᠧᠷᠬᠢ ᠪᠠ ᠡᠬᠢ ᠪᠠᠶᠠᠯᠢᠭ ᠢ ᠠᠷᠪᠢᠯᠠᠬᠤ ᠵᠢᠴᠢ ᠠᠷᠤ | ᠲᠠᠯ᠎ᠠ ᠶᠢᠨ ᠦᠢᠯᠡᠴᠢᠯᠡᠭᠡ ᠵᠡᠷᠭᠡ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ | ᠲᠡᠭᠦᠯᠳᠡᠷᠵᠢᠭᠦᠯᠵᠦ᠂ ᠮᠡᠳᠡᠭᠡ ᠵᠠᠩᠭᠢ ᠪᠠ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃ | ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠠᠷᠭ᠎ᠠ ᠶᠢ | ᠲᠣᠭᠲᠠᠭᠠᠵᠤ᠂ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠵᠤ | ᠤᠷᠮᠠᠰᠢᠭᠤᠯᠤᠨ ᠬᠥᠭᠵᠢᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠵᠠᠷᠤᠳᠠᠯ ᠤᠨ ᠬᠠᠮᠢᠶᠠᠷᠤᠯᠲᠠ | ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ | ᠲᠡᠭᠦᠨ ᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ | ᠪᠡᠯᠡ ᠮᠦᠩᠭᠦᠨ ᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠣᠯᠣᠨ ᠪᠠᠶᠢᠭᠤᠯᠭ᠎ᠠ ᠶᠢᠨ ᠠᠵᠢᠯᠯᠠᠭᠠᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠪᠣᠲᠠᠲᠠᠢ ᠲᠠᠢ ᠪᠠᠨ ᠤᠶᠠᠯᠳᠤᠭᠤᠯᠤᠨ᠂ ᠪᠣᠳᠠᠳᠤ ᠪᠣᠳᠠᠰ ᠤᠨ | ᠲᠤᠭ᠎ᠠ ᠨᠤᠷᠮ᠎ᠠ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ ᠪᠠᠶᠢᠭᠤᠯᠭ᠎ᠠ ᠶᠢᠨ | ᠠᠵᠢᠯᠯᠠᠭᠠᠨ ᠤ ᠪᠣᠳᠠᠳᠤ ᠪᠤᠳᠠᠰ ᠤᠨ ᠲᠤᠭ᠎ᠠ ᠨᠤᠷᠮ᠎ᠠ ᠶᠢ ᠲᠣᠭᠲᠠᠭᠠᠬᠤ ᠠᠵᠢᠯ ᠳᠤ ᠭᠤᠣᠯᠳᠠᠭᠤ ᠪᠠᠶᠢᠭᠤᠯᠭ᠎ᠠ ᠶᠢᠨ | ᠬᠡᠷᠡᠭᠯᠡᠬᠦ ᠭᠠᠵᠠᠷ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ | ᠲᠥᠭᠦᠭᠡᠷᠦᠮᠵᠢ᠂ ᠠᠯᠪᠠᠨ ᠤ ᠡᠳ᠋ ᠬᠡᠷᠡᠭᠰᠡᠯ ᠵᠡᠷᠭᠡ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠳᠤ ᠬᠡᠷᠡᠭᠰᠡᠬᠦ | ᠪᠣᠲᠠᠳᠤ ᠪᠤᠳᠠᠰ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ ᠵᠡᠷᠭᠡ ᠪᠠᠷᠢᠮᠵᠢᠶ᠎ᠠ ᠪᠠᠭᠲᠠᠨ᠎ᠠ᠃ | ᠪᠠᠶᠢᠭᠤᠯᠭ᠎ᠠ ᠶᠢᠨ ᠠᠵᠢᠯᠯᠠᠭᠠᠨ ᠤ ᠦᠢᠯᠡᠴᠢᠯᠡᠬᠦ ᠪᠠᠷᠢᠮᠵᠢᠶ᠎ᠠ ᠳᠤ ᠭᠤᠣᠯᠳᠠᠭᠤ ᠬᠤᠷᠠᠯ᠂ ᠠᠯᠪᠠᠨ ᠲᠣᠮᠢᠯᠠᠯᠲᠠ᠂ | ᠪᠣᠯᠪᠠᠰᠤᠷᠠᠭᠤᠯᠤᠯ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠳᠤ | ᠱᠠᠭᠠᠷᠳᠠᠭᠳᠠᠬᠤ ᠦᠢᠯᠡᠴᠢᠯᠡᠭᠡᠨ ᠤ ᠠᠭᠤᠯᠭ᠎ᠠ ᠪᠣᠯᠣᠨ ᠵᠡᠷᠭᠡ ᠳᠡᠰ ᠤᠨ ᠪᠠᠷᠢᠮᠵᠢᠶ᠎ᠠ ᠪᠠᠭᠲᠠᠨ᠎ᠠ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠪᠦᠲᠦᠭᠡᠨ ᠪᠠᠶᠢᠭᠤᠯᠬᠤ ᠪᠠ ᠰᠡᠯᠪᠢᠨ ᠵᠠᠰᠠᠬᠤ᠂ | ᠠᠷᠤ ᠲᠠᠯ᠎ᠠ ᠶᠢᠨ ᠦᠢᠯᠡᠴᠢᠯᠡᠭᠡ᠂ ᠡᠨᠧᠷᠬᠢ ᠠᠷᠪᠢᠯᠠᠵᠤ ᠬᠠᠮᠢᠶᠠᠷᠬᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ | ᠲᠣᠬᠢᠷᠠᠭᠤᠯᠵᠤ ᠰᠢᠨᠡᠳᠭᠡᠬᠦ ᠵᠡᠷᠭᠡ ᠠᠵᠢᠯ ᠶᠠᠪᠤᠳᠠᠯ ᠢ ᠨᠢᠭᠡᠲᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠲᠡᠭᠦᠨ ᠤ ᠵᠠᠷᠤᠳᠠᠯ ᠤᠨ ᠬᠠᠮᠢᠶᠠᠷᠤᠯᠲᠠ ᠶᠢ ᠤᠯᠤᠰ ᠤᠨ ᠲᠦᠰᠦᠪ ᠤᠨ ᠬᠠᠮᠢᠶᠠᠷᠤᠯᠲᠠ ᠶᠢᠨ ᠲᠣᠭᠲᠠᠭᠠᠯ ᠢᠶᠠᠷ | ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ | ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠥᠭᠬᠦ ᠬᠠᠮᠢᠶᠠᠷᠤᠯᠲᠠ ᠶᠢᠨ ᠲᠣᠭᠲᠠᠭᠠᠯ ᠶᠣᠰᠤᠭᠠᠷ ᠪᠠᠶᠢᠭᠤᠯᠭ᠎ᠠ ᠶᠢᠨ | ᠠᠵᠢᠯᠯᠠᠭᠠᠨ ᠤ ᠵᠠᠷᠤᠳᠠᠯ ᠤᠨ ᠲᠦᠰᠦᠪ ᠢ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠵᠢᠯᠯᠠᠭᠠᠨ ᠤ | ᠵᠠᠷᠤᠳᠠᠯ ᠤᠨ ᠲᠦᠰᠦᠪ ᠲᠠᠬᠢ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ | ᠬᠤᠳᠠᠯᠳᠤᠨ ᠠᠪᠬᠤ ᠪᠠ ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠢᠶᠠᠷ ᠭᠠᠳᠠᠭᠠᠲᠤ ︵ᠬᠢᠯᠢ︶ ᠳᠤ ᠭᠠᠷᠬᠤ | ᠵᠠᠷᠤᠳᠠᠯ ᠤᠨ ᠲᠦᠰᠦᠪ ᠤᠨ ᠬᠡᠪᠴᠢᠶ᠎ᠡ ᠪᠣᠯᠣᠨ ᠬᠠᠷᠢᠴᠠᠯ ᠢ ᠬᠢᠵᠠᠭᠠᠷᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠵᠠᠷᠤᠯᠭ᠎ᠠ ᠶᠢ ᠪᠦᠷᠢᠳᠭᠡᠵᠦ ᠮᠡᠳᠡᠭᠦᠯᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠵᠤ ᠲᠤᠰ ᠱᠠᠲᠤᠨ ᠤ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠢ ᠪᠦᠷᠢᠳᠭᠡᠬᠦ᠂ ᠵᠠᠳᠠᠯᠬᠤ᠂ ᠦᠨᠡᠯᠡᠬᠦ ᠵᠡᠷᠭᠡ ᠠᠵᠢᠯ ᠢ | ᠵᠣᠬᠢᠶᠠᠨ ᠪᠠᠶᠢᠭᠤᠯᠵᠤ ᠦᠷᠨᠢᠭᠦᠯᠬᠦ ᠶᠢᠨ ᠬᠠᠮᠲᠤ᠂ ᠦᠷ᠎ᠡ ᠳ᠋ᠦᠩ ᠢᠶᠠᠨ ᠳᠡᠭᠡᠳᠦ ᠱᠠᠲᠤᠨ ᠤ ᠪᠠᠶᠢᠭᠤᠯᠭ᠎ᠠ ᠶᠢᠨ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠶᠤᠰᠤᠭᠠᠷ᠂ ᠪᠠᠶᠢᠭᠤᠯᠭ᠎ᠠ ᠶᠢᠨ ᠠᠵᠢᠯᠯᠠᠭᠠᠨ ᠳᠤ ᠬᠡᠷᠡᠭᠰᠡᠬᠦ | ᠪᠠᠷᠠᠭ᠎ᠠ ᠪᠣᠯᠣᠨ ᠦᠢᠯᠡᠴᠢᠯᠡᠭᠡ ᠶᠢ ᠬᠤᠳᠠᠯᠳᠤᠨ ᠠᠪᠬᠤ ᠬᠡᠷᠡᠭᠲᠡᠢ︔ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠬᠦᠯᠢᠶᠡᠬᠦ ᠴᠢᠬᠤᠯᠠᠲᠠᠢ ᠪᠣᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠢ ᠵᠷᠤᠮᠯᠠᠨ ᠬᠡᠷᠡᠭᠵᠢᠭᠦᠯᠬᠦ ᠬᠡᠷᠡᠭᠲᠡᠢ᠃ | ᠵᠠᠰᠠᠭ ᠤᠨ ᠣᠷᠳᠣᠨ ᠬᠤᠳᠠᠯᠳᠤᠨ ᠠᠪᠬᠤ ᠳᠤ ᠬᠢᠮᠳᠠ ᠪᠦᠭᠡᠳ ᠳᠣᠬᠢᠯᠢᠬ ᠪᠠᠷᠠᠭ᠎ᠠ ᠬᠤᠳᠠᠯᠳᠤᠨ ᠠᠪᠴᠤ ᠡᠨᠧᠷᠬᠢ | ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠬᠠᠩᠭᠠᠵᠤ᠂ ᠬᠡᠭᠡᠨᠴᠢᠷ ᠡᠳ᠋᠂ ᠪᠠᠷᠢᠮᠵᠢᠶ᠎ᠠ ᠠᠴᠠ | ᠬᠡᠲᠦᠷᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠪᠤᠶᠤ ᠬᠡᠭᠡᠨᠴᠢᠷ ᠠᠯᠪᠠᠨ ᠬᠡᠷᠡᠭᠯᠡᠭᠡᠨ ᠤ ᠭᠡᠷ ᠪᠠᠶᠢᠰᠢᠩ | ᠬᠤᠳᠠᠯᠳᠤᠨ ᠠᠪᠬᠤ ᠪᠠ ᠪᠦᠲᠦᠭᠡᠨ ᠪᠠᠶᠢᠭᠤᠯᠵᠤ ᠪᠣᠯᠬᠤ ᠦᠭᠡᠢ᠃ | ᠭᠤᠷᠪᠠᠳᠤᠭᠠᠷ ᠪᠦᠯᠦᠭ ᠡᠳ᠋ ᠬᠦᠷᠦᠩᠭᠡ ᠶᠢᠨ ᠬᠠᠮᠢᠶᠠᠷᠤᠯᠲᠠ | ᠠᠷᠪᠡᠨ ᠳᠦᠷᠪᠡᠳᠤᠭᠡᠷ ᠵᠦᠢᠯ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠳᠤ ᠤᠯᠤᠰ ᠠᠴᠠ | ᠦᠮᠴᠢᠯᠡᠬᠦ᠂ ᠵᠠᠰᠠᠭ ᠤᠨ ᠣᠷᠳᠣᠨ ᠠᠴᠠ ᠱᠠᠲᠤ ᠬᠤᠪᠢᠶᠠᠨ ᠬᠢᠨᠠᠨ ᠬᠠᠮᠢᠶᠠᠷᠴᠤ᠂ ᠨᠢᠭᠡᠴᠢ ᠨᠢ ᠡᠵᠡᠮᠰᠢᠵᠦ ᠬᠡᠷᠡᠭᠯᠡᠬᠦ | ᠬᠠᠮᠢᠶᠠᠷᠤᠯᠲᠠ ᠶᠢᠨ ᠪᠠᠶᠢᠭᠤᠯᠤᠯ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ᠂ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ | ᠪᠣᠲᠠᠲᠠᠢ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠤᠰ | ᠰᠠᠯᠠᠭ᠎ᠠ ᠮᠦᠴᠢᠷ ᠤᠨ ᠢᠶᠠᠨ ᠡᠳ᠋ ᠬᠦᠷᠦᠩᠭᠡ ᠶᠢ ᠬᠠᠮᠢᠶᠠᠷᠬᠤ ᠪᠠ ᠡᠳᠦᠷ ᠲᠤᠳᠤᠮ ᠤᠨ ᠬᠡᠷᠡᠭᠯᠡᠵᠦ ᠬᠠᠮᠠᠭᠠᠯᠠᠬᠤ | ᠠᠵᠢᠯ ᠢ ᠬᠢᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠶᠢᠨ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠪᠠ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠪᠣᠯᠣᠨ ᠪᠠᠶᠢᠭᠤᠯᠭ᠎ᠠ ᠶᠢᠨ ᠠᠵᠢᠯᠯᠠᠭᠠᠨ ᠤ ᠦᠨᠳᠦᠰᠦᠨ ᠱᠠᠭᠠᠷᠳᠠᠯᠭ᠎ᠠ ᠶᠢ ᠦᠨᠳᠦᠰᠦᠯᠡᠵᠦ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠪᠣᠲᠠᠲᠠᠢ ᠲᠠᠢ ᠪᠠᠨ ᠤᠶᠠᠯᠳᠤᠭᠤᠯᠤᠨ᠂ ᠪᠠᠶᠢᠭᠤᠯᠭ᠎ᠠ ᠶᠢᠨ ᠡᠳ᠋ | ᠬᠦᠷᠦᠩᠭᠡ ᠶᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠶᠢ ᠲᠦᠷᠦᠯ ᠬᠤᠪᠢᠶᠠᠨ ᠲᠣᠭᠲᠠᠭᠠᠵᠤ᠂ ᠡᠳ᠋ | ᠬᠦᠷᠦᠩᠭᠡ ᠶᠢᠨ ᠲᠤᠭ᠎ᠠ ᠬᠡᠮᠵᠢᠶ᠎ᠡ᠂ ᠦᠨ᠎ᠡ ᠬᠠᠩᠰᠢ᠂ ᠴᠢᠳᠠᠪᠬᠢ ᠪᠣᠯᠣᠨ ᠬᠡᠷᠡᠭᠯᠡᠬᠦ ᠬᠠᠮᠤᠭ ᠤᠨ ᠣᠬᠤᠷ ᠵᠢᠯ | ᠬᠤᠭᠤᠴᠠᠭ᠎ᠠ ᠶᠢ ᠲᠣᠭᠲᠠᠭᠠᠬᠤ ᠶᠢᠨ ᠬᠠᠮᠲᠤ᠂ ᠪᠤᠳᠠᠳᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠬᠦ | ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠦᠴᠢᠷ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢᠨ ᠲᠣᠬᠢᠷᠠᠭᠤᠯᠵᠤ ᠳᠦᠬᠦᠷᠵᠢᠭᠦᠯᠬᠦ ᠪᠠᠷᠢᠮᠵᠢᠶ᠎ᠠ ᠶᠢ ᠦᠨᠳᠦᠰᠦᠯᠡᠨ | ᠲᠤᠰ ᠰᠠᠯᠠᠭ᠎ᠠ ᠮᠦᠴᠢᠷ ᠤᠨ ᠡᠳ᠋ ᠬᠦᠷᠦᠩᠭᠡ ᠲᠣᠬᠢᠷᠠᠭᠤᠯᠵᠤ ᠳᠦᠬᠦᠷᠵᠢᠭᠦᠯᠬᠦ ᠲᠦᠯᠦᠪᠯᠡᠭᠡ ᠪᠠᠨ ᠨᠠᠶᠢᠷᠠᠭᠤᠯᠤᠨ | ᠵᠣᠬᠢᠶᠠᠵᠤ᠂ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠲᠦᠰᠦᠪ ᠢᠶᠠᠨ | ᠭᠤᠶᠤᠴᠢᠯᠠᠨ ᠮᠡᠳᠡᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠡᠳ᠋ ᠬᠦᠷᠦᠩᠭᠡ ᠬᠡᠷᠡᠭᠯᠡᠬᠦ ᠠᠵᠢᠯᠯᠠᠭ᠎ᠠ ᠪᠠᠨ ᠵᠢᠷᠤᠮᠵᠢᠭᠤᠯᠵᠤ᠂ ᠡᠳ᠋ | ᠬᠦᠷᠦᠩᠭᠡ ᠶᠢᠨ ᠳᠠᠩᠰᠠᠨ ᠺᠠᠷᠲ ᠪᠣᠯᠣᠨ ᠬᠡᠷᠡᠭᠯᠡᠬᠦ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠡᠳ᠋ | ᠬᠦᠷᠦᠩᠭᠡ ᠬᠤᠳᠠᠯᠳᠤᠨ ᠠᠪᠬᠤ᠂ ᠬᠦᠮᠦᠷᠭᠡᠯᠡᠵᠦ ᠳᠠᠩᠰᠠᠯᠠᠨ ᠲᠡᠮᠲᠡᠭᠯᠡᠬᠦ᠂ ᠬᠠᠳᠠᠭᠠᠯᠠᠨ ᠬᠠᠮᠢᠶᠠᠷᠴᠤ ᠢᠯᠭᠠᠷᠠᠭᠤᠯᠵᠤ | ᠪᠠᠶᠢᠴᠠᠭᠠᠬᠤ᠂ ᠬᠦᠯᠢᠶᠡᠨ ᠠᠪᠴᠤ ᠬᠡᠷᠡᠭᠯᠡᠬᠦ ᠪᠠ ᠪᠤᠴᠠᠭᠠᠬᠤ ᠵᠡᠷᠭᠡ ᠡᠳᠦᠷ ᠲᠤᠳᠤᠮ ᠤᠨ ᠬᠡᠷᠡᠭᠯᠡᠵᠦ ᠬᠠᠮᠢᠶᠠᠷᠬᠤ | ᠳᠦᠷᠢᠮ ᠢ ᠪᠠᠶᠢᠭᠤᠯᠵᠤ᠂ ᠪᠠᠶᠢᠭᠤᠯᠭ᠎ᠠ ᠶᠢᠨ ᠡᠳ᠋ ᠬᠦᠷᠦᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ | ᠳᠦᠬᠦᠷᠵᠢᠭᠦᠯᠬᠦ ᠪᠦᠭᠡᠳ ᠦᠨᠳᠦᠷ ᠦᠷ᠎ᠡ ᠪᠦᠲᠦᠮᠵᠢᠲᠡᠢ ᠪᠠᠷ ᠬᠡᠷᠡᠭᠯᠡᠵᠦ᠂ ᠡᠳ᠋ ᠬᠦᠷᠦᠩᠭᠡ ᠶᠢᠨ ᠠᠮᠦᠷ ᠲᠥᠪᠰᠢᠨ | ᠪᠦᠭᠡᠳ ᠪᠦᠷᠢᠨ ᠪᠦᠲᠦᠨ ᠢ ᠪᠠᠲᠤᠯᠠᠨ᠂ ᠡᠳ᠋ ᠬᠦᠷᠦᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠢ᠃ | ᠠᠷᠪᠠᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠲᠠᠢ ᠬᠠᠮᠲᠤᠷᠠᠯᠴᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠬᠦᠷᠦᠩᠭᠡ ᠶᠢ | ᠲᠣᠬᠢᠷᠠᠭᠤᠯᠬᠤ ᠲᠠᠪᠴᠠᠩ ᠢᠶᠠᠨ ᠪᠠᠶᠢᠭᠤᠯᠵᠤ᠂ ᠨᠡᠶᠢᠲᠡ ᠶᠢᠨ ᠡᠳ᠋ ᠪᠤᠳᠠᠰ ᠤᠨ ᠰᠠᠩ ᠤᠨ ᠬᠠᠮᠢᠶᠠᠷᠤᠯᠲᠠ ᠶᠢ | ᠦᠷᠨᠢᠭᠦᠯᠬᠦ ᠶᠢ ᠵᠣᠷᠢᠬᠵᠢᠭᠤᠯᠵᠤ᠂ ᠬᠡᠷᠡᠭᠯᠡᠬᠦ ᠦᠭᠡᠢ ᠪᠠᠶᠢᠬᠤ ᠡᠳ᠋ ᠬᠦᠷᠦᠩᠭᠡ ᠶᠢ ᠨᠡᠶᠢᠲᠡ ᠶᠢᠨ ᠡᠳ᠋ ᠪᠤᠳᠠᠰ ᠤᠨ | ᠰᠠᠩ ᠳᠤ ᠣᠷᠤᠭᠤᠯᠵᠤ ᠲᠦᠪᠯᠡᠷᠡᠭᠦᠯᠦᠨ ᠨᠢᠭᠡᠲᠦᠯᠲᠡᠢ ᠬᠠᠮᠢᠶᠠᠷᠴᠤ᠂ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ | ᠡᠳ᠋ ᠬᠦᠷᠦᠩᠭᠡ ᠶᠢ ᠲᠣᠬᠢᠷᠠᠭᠤᠯᠵᠤ ᠳᠦᠬᠦᠷᠵᠢᠭᠦᠯᠬᠦ ᠳᠤ ᠲᠣᠬᠢᠷᠠᠭᠤᠯᠤᠯᠲᠠ ᠬᠢᠬᠦ ᠪᠠᠷ ᠳᠠᠮᠵᠢᠨ ᠰᠢᠢᠳᠪᠦᠷᠢᠯᠡᠬᠦ | ᠬᠡᠷᠡᠭᠲᠡᠢ︔ ᠦᠨᠡᠨ ᠬᠦ ᠲᠣᠬᠢᠷᠠᠭᠤᠯᠤᠯᠲᠠ ᠬᠢᠬᠦ ᠴᠢᠬᠤᠯᠠᠲᠠᠢ ᠪᠦᠭᠡᠳ ᠲᠣᠬᠢᠷᠠᠭᠤᠯᠤᠭᠠᠳ ᠰᠢᠢᠳᠪᠦᠷᠢᠯᠡᠵᠦ ᠳᠡᠶᠢᠯᠬᠦ | ᠦᠭᠡᠢ ᠶᠢ ᠨᠢ ᠬᠤᠳᠠᠯᠳᠤᠨ ᠠᠪᠴᠤ ᠪᠣᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠤᠨ ᠬᠡᠷᠡᠭᠯᠡᠬᠦ ᠦᠭᠡᠢ ᠪᠠᠶᠢᠬᠤ᠂ ᠳᠣᠣᠷ᠎ᠠ ᠦᠷ᠎ᠡ ᠪᠦᠲᠦᠮᠵᠢᠲᠡᠢ ᠪᠠᠷ | ᠠᠵᠢᠯᠯᠠᠭᠤᠯᠵᠤ ᠪᠠᠶᠢᠭ᠎ᠠ ᠪᠠ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠵᠤ ᠳᠦᠬᠦᠷᠵᠢᠭᠦᠯᠦᠭᠰᠡᠨ ᠡᠳ᠋ ᠬᠦᠷᠦᠩᠭᠡ | ᠵᠢᠴᠢ ᠴᠢᠬᠤᠯᠠ ᠶᠡᠭᠡ ᠬᠤᠷᠠᠯ ᠬᠤᠷᠠᠯᠳᠤᠭᠤᠯᠬᠤ ᠪᠠ ᠲᠤᠮᠤ ᠬᠡᠪᠴᠢᠶᠡᠨ ᠤ ᠠᠵᠢᠯᠯᠠᠭ᠎ᠠ ᠶᠢ ᠡᠷᠬᠢᠯᠡᠬᠦ ᠳᠤ | ᠬᠤᠳᠠᠯᠳᠤᠨ ᠠᠪᠤᠭᠰᠠᠨ ᠲᠦᠷ ᠴᠠᠭ ᠤᠨ ᠡᠳ᠋ ᠬᠦᠷᠦᠩᠭᠡ ᠶᠢ ᠪᠣᠯ᠂ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠲᠤᠷᠠᠯᠴᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ᠂ ᠨᠢᠭᠡᠲᠦᠯᠲᠡᠢ ᠬᠤᠷᠢᠶᠠᠨ ᠠᠪᠬᠤ᠂ | ᠲᠦᠪᠯᠡᠷᠡᠭᠦᠯᠦᠨ ᠬᠠᠮᠢᠶᠠᠷᠬᠤ᠂ ᠲᠣᠬᠢᠷᠠᠭᠤᠯᠤᠨ ᠬᠡᠷᠡᠭᠯᠡᠬᠦ ᠪᠤᠶᠤ ᠢᠯᠡ ᠪᠠᠷ ᠦᠨ᠎ᠡ ᠬᠠᠶᠠᠯᠴᠠᠨ ᠬᠤᠳᠠᠯᠳᠤᠬᠤ ᠵᠡᠷᠭᠡ | ᠠᠷᠭ᠎ᠠ ᠬᠡᠯᠪᠡᠷᠢ ᠪᠠᠷ ᠰᠢᠢᠳᠪᠦᠷᠢᠯᠡᠵᠦ᠂ ᠰᠢᠢᠳᠪᠦᠷᠢᠯᠡᠵᠦ ᠣᠯᠣᠭᠰᠠᠨ ᠠᠰᠢᠭ ᠣᠷᠣᠯᠭ᠎ᠠ ᠪᠠᠨ ᠤᠯᠤᠰ ᠤᠨ | ᠬᠦᠮᠦᠷᠭᠡ ᠳᠤ ᠲᠤᠰᠢᠶᠠᠬᠤ ᠬᠡᠷᠡᠭᠲᠡᠢ᠃ | ᠠᠷᠪᠠᠨ ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠡᠳ᠋ ᠬᠦᠷᠦᠩᠭᠡ ᠶᠢ ᠰᠢᠢᠳᠪᠦᠷᠢᠯᠡᠬᠦ ᠳᠤ ᠬᠢᠨᠠᠨ | ᠵᠥᠪᠰᠢᠶᠡᠷᠡᠬᠦ᠂ ᠦᠨᠡᠯᠡᠨ ᠵᠢᠱᠢᠬᠦ ᠭᠠᠷᠳᠠᠮ ᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠭᠦᠢᠴᠡᠳᠭᠡᠵᠦ᠂ ᠦᠨ᠎ᠡ | ᠬᠠᠶᠠᠯᠴᠠᠨ ᠬᠤᠳᠠᠯᠳᠤᠬᠤ᠂ ᠵᠦᠪᠯᠡᠯᠴᠡᠭᠡᠷ ᠢᠶᠠᠷ ᠰᠢᠯᠵᠢᠭᠦᠯᠦᠨ ᠥᠭᠬᠦ ᠪᠤᠶᠤ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠬᠡᠯᠪᠡᠷᠢ ᠪᠠᠷ ᠰᠢᠢᠳᠪᠦᠷᠢᠯᠡᠬᠦ ᠬᠡᠷᠡᠭᠲᠡᠢ᠃ ᠰᠢᠢᠳᠪᠦᠷᠢᠯᠡᠵᠦ | ᠤᠯᠤᠭᠰᠠᠨ ᠠᠰᠢᠭ ᠣᠷᠣᠯᠭ᠎ᠠ ᠪᠠᠨ ᠤᠯᠤᠰ ᠤᠨ ᠬᠦᠮᠦᠷᠭᠡ ᠳᠤ ᠲᠤᠰᠢᠶᠠᠵᠤ᠂ ᠲᠥᠰᠦᠪ ᠤᠨ ᠬᠠᠮᠢᠶᠠᠷᠤᠯᠲᠠ ᠳᠤ | ᠤᠷᠤᠭᠤᠯᠬᠤ ᠬᠡᠷᠡᠭᠲᠠᠢ᠃ | ᠠᠷᠪᠠᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠡᠷᠡᠭᠯᠡᠬᠦ ᠭᠠᠵᠠᠷ ᠢ ᠨᠢᠭᠡᠲᠦᠯᠲᠡᠢ | ᠬᠠᠮᠢᠶᠠᠷᠬᠤ ᠬᠡᠷᠡᠭᠲᠡᠢ᠃ ᠬᠤᠲᠠ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ᠂ ᠨᠠᠷᠢᠨ ᠲᠦᠯᠦᠪᠵᠢᠭᠦᠯᠭᠡ ᠳᠤ ᠪᠠᠨ | ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠣᠯᠣᠨ ᠣᠷᠣᠨ ᠵᠠᠢ ᠶᠢᠨ ᠲᠣᠬᠢᠷᠠᠭᠤᠯᠤᠯᠲᠠ ᠶᠢᠨ | ᠬᠡᠷᠡᠭᠴᠡᠭᠡ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠬᠤ ᠬᠡᠷᠡᠭᠲᠡᠢ᠃ ᠬᠤᠲᠠ ᠶᠢᠨ ᠶᠡᠷᠦᠩᠬᠡᠢ ᠲᠦᠯᠦᠪᠵᠢᠭᠦᠯᠭᠡ | ᠬᠢᠭᠡᠳ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠳᠤ ᠪᠠᠶᠢᠭᠤᠯᠭ᠎ᠠ ᠶᠢᠨ ᠪᠦᠲᠦᠭᠡᠨ ᠪᠠᠶᠢᠭᠤᠯᠬᠤ ᠲᠦᠷᠦᠯ | ᠵᠦᠢᠯ ᠬᠤᠯᠪᠣᠭᠳᠠᠭᠰᠠᠨ ᠪᠣᠯ᠂ ᠲᠤᠰ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠰᠠᠨᠠᠯ ᠬᠤᠷᠢᠶᠠᠬᠤ ᠬᠡᠷᠡᠭᠲᠡᠢ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠦᠪᠯᠡᠷᠡᠭᠦᠯᠦᠨ ᠨᠢᠭᠡᠲᠦᠯᠲᠡᠢ | ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ | ᠭᠡᠷ ᠪᠠᠶᠢᠰᠢᠩ ᠳᠤ ᠨᠢᠭᠡᠲᠦᠯᠲᠡᠢ ᠲᠦᠯᠦᠪᠵᠢᠭᠦᠯᠵᠦ᠂ ᠨᠢᠭᠡᠲᠦᠯᠲᠡᠢ ᠡᠷᠬᠡ ᠬᠠᠷᠢᠶ᠎ᠠ ᠲᠠᠢ ᠪᠠᠶᠢᠯᠭᠠᠨ᠂ ᠨᠢᠭᠡᠲᠦᠯᠲᠡᠢ | ᠲᠣᠬᠢᠷᠠᠭᠤᠯᠤᠨ ᠳᠦᠬᠦᠷᠵᠢᠭᠦᠯᠵᠦ᠂ ᠨᠢᠭᠡᠲᠦᠯᠲᠡᠢ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠵᠤ᠂ ᠬᠠᠤᠯᠢ ᠶᠤᠰᠤᠭᠠᠷ ᠲᠤᠰ ᠱᠠᠲᠤᠨ ᠤ ᠵᠠᠰᠠᠭ ᠤᠨ ᠣᠷᠳᠣᠨ ᠤ ᠠᠯᠪᠠᠨ | ᠬᠡᠷᠡᠭᠯᠡᠭᠡᠨ ᠤ ᠭᠡᠷ ᠪᠠᠶᠢᠰᠢᠩ ᠤᠨ ᠡᠷᠬᠡ ᠬᠠᠷᠢᠶ᠎ᠠ ᠶᠢ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠨ ᠬᠢᠨ ᠤ ᠨᠡᠷ᠎ᠡ ᠳᠡᠭᠡᠷ᠎ᠡ ᠨᠢᠭᠡᠲᠦᠯᠲᠡᠢ ᠳᠠᠩᠰᠠᠯᠠᠨ ᠲᠡᠮᠲᠡᠭᠯᠡᠬᠦ ᠬᠡᠷᠡᠭᠲᠡᠢ᠃ ᠡᠯ᠎ᠡ ᠱᠠᠲᠤᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ ᠬᠡᠷᠡᠭᠯᠡᠭᠡᠨ ᠤ ᠭᠡᠷ | ᠪᠠᠶᠢᠰᠢᠩ ᠢ ᠬᠡᠷᠡᠭᠯᠡᠬᠦ ᠨᠢᠭᠡᠴᠢ ᠯᠦᠭᠡ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠡᠷᠡᠭᠯᠡᠬᠦ ᠵᠦᠪᠯᠡᠯᠴᠡᠭᠡᠷ ᠲᠣᠭᠲᠠᠵᠤ᠂ | ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠤᠪᠢᠶᠠᠷᠢᠯᠠᠨ ᠬᠡᠷᠡᠭᠯᠡᠭᠰᠡᠨ ᠭᠡᠷᠡᠴᠢ ᠪᠠᠷᠢᠮᠲᠠ ᠶᠢ ᠬᠠᠷᠭᠤᠭᠤᠯᠤᠨ ᠣᠯᠭᠤᠬᠤ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠯᠴᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠪᠠᠷᠢᠮᠵᠢᠶ᠎ᠠ ᠶᠢ | ᠦᠨᠳᠦᠰᠦᠯᠡᠵᠦ᠂ ᠲᠣᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠪᠠᠷᠢᠯᠭ᠎ᠠ ᠶᠢᠨ | ᠲᠠᠯᠠᠪᠠᠢ᠂ ᠠᠵᠢᠯᠲᠠᠳ ᠤᠨ ᠠᠯᠪᠠᠨ ᠭᠡᠷ ᠤᠨ ᠲᠠᠯᠠᠪᠠᠢ ᠶᠢ ᠬᠠᠷᠭᠤᠭᠤᠯᠤᠨ ᠲᠣᠭᠲᠠᠭᠠᠵᠤ᠂ ᠲᠤᠰ ᠱᠠᠲᠤᠨ ᠤ | ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠨᠢᠭᠡᠳᠦᠯᠲᠡᠢ ᠲᠣᠬᠢᠷᠠᠭᠤᠯᠵᠤ ᠳᠦᠬᠦᠷᠵᠢᠭᠦᠯᠦᠨ᠂ | ᠲᠣᠬᠢᠷᠠᠭᠤᠯᠵᠤ ᠳᠦᠬᠦᠷᠵᠢᠭᠦᠯᠬᠦ ᠳᠤ ᠲᠣᠬᠢᠷᠠᠭᠤᠯᠤᠯᠲᠠ ᠬᠢᠬᠦ᠂ ᠰᠤᠯᠢᠬᠤ᠂ ᠳᠦᠷᠢᠶᠡᠰᠦᠯᠡᠨ ᠬᠡᠷᠡᠭᠯᠡᠬᠦ᠂ ᠪᠦᠲᠦᠭᠡᠨ | ᠪᠠᠶᠢᠭᠤᠯᠬᠤ ᠠᠷᠭ᠎ᠠ ᠬᠡᠯᠪᠡᠷᠢ ᠪᠠᠭᠲᠠᠭᠳᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠤᠮᠵᠢ ᠶᠢ ᠬᠠᠰᠤᠨ ᠨᠡᠶᠢᠯᠡᠭᠦᠯᠬᠦ᠂ ᠬᠢᠨᠠᠨ | ᠲᠣᠭᠲᠠᠭᠠᠭᠰᠠᠨ ᠲᠠᠯᠠᠪᠠᠢ ᠶᠢᠨ ᠪᠠᠷᠢᠮᠵᠢᠶ᠎ᠠ ᠠᠴᠠ ᠳᠠᠪᠠᠭᠰᠠᠨ ᠪᠤᠶᠤ ᠬᠡᠷᠡᠭᠯᠡᠬᠦ ᠦᠭᠡᠢ ᠪᠠᠶᠢᠬᠤ ᠵᠡᠷᠭᠡ | ᠰᠢᠯᠲᠠᠭᠠᠨ ᠠᠴᠠ ᠪᠣᠯᠵᠤ ᠰᠤᠯᠠᠯᠠᠵᠤ ᠪᠤᠴᠠᠭᠠᠬᠤ ᠴᠢᠬᠤᠯᠠᠲᠠᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠤᠰ | ᠱᠠᠲᠤᠨ ᠤ ᠵᠠᠰᠠᠭ ᠤᠨ ᠣᠷᠳᠣᠨ ᠳᠤ ᠲᠤᠰᠢᠶᠠᠨ ᠥᠭᠴᠦ ᠨᠢᠭᠡᠲᠦᠯᠲᠡᠢ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠭᠠᠵᠠᠷ ᠰᠢᠷᠤᠢ ᠠᠰᠢᠭᠯᠠᠬᠤ ᠵᠦᠢᠯᠡᠰ ᠲᠤ ᠬᠤᠯᠪᠤᠭᠳᠠᠭᠰᠠᠨ ᠢ ᠬᠠᠤᠯᠢ ᠶᠤᠰᠤᠭᠠᠷ ᠭᠦᠢᠴᠡᠳᠭᠡᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ | ᠪᠠᠶᠢᠭᠤᠯᠤᠮᠵᠢ ᠶᠢ ᠨᠡᠮᠡᠨ ᠪᠠᠶᠢᠭᠤᠯᠬᠤ᠂ ᠡᠭᠦᠷᠭᠡ ᠴᠢᠳᠠᠪᠤᠷᠢ ᠪᠠᠨ ᠲᠣᠬᠢᠷᠠᠭᠤᠯᠬᠤ ᠵᠡᠷᠭᠡ ᠰᠢᠯᠲᠠᠭᠠᠨ ᠠᠴᠠ ᠪᠣᠯᠵᠤ | ᠦᠨᠡᠨ ᠬᠦ ᠠᠯᠪᠠᠨ ᠬᠡᠷᠡᠭᠯᠡᠭᠡᠨ ᠤ ᠭᠡᠷ ᠪᠠᠶᠢᠰᠢᠩ ᠨᠡᠮᠡᠬᠦ ᠴᠢᠬᠤᠯᠠᠲᠠᠢ ᠪᠦᠭᠡᠳ ᠲᠤᠰ ᠰᠠᠯᠠᠭ᠎ᠠ ᠮᠦᠴᠢᠷ ᠤᠨ | ᠤᠳᠣ ᠶᠢᠨ ᠪᠠᠶᠢᠭ᠎ᠠ ᠠᠯᠪᠠᠨ ᠬᠡᠷᠡᠭᠯᠡᠭᠡᠨ ᠤ ᠭᠡᠷ ᠪᠠᠶᠢᠰᠢᠩ ᠢᠶᠠᠨ ᠲᠣᠬᠢᠷᠠᠭᠤᠯᠤᠭᠠᠳ ᠰᠢᠢᠳᠪᠦᠷᠢᠯᠡᠵᠦ ᠳᠡᠶᠢᠯᠬᠦ | ᠦᠭᠡᠢ ᠪᠣᠯ᠂ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠵᠢᠯᠴᠠᠨ ᠨᠢᠭᠡᠲᠦᠯᠲᠡᠢ ᠲᠣᠬᠢᠷᠠᠭᠤᠯᠤᠨ ᠳᠦᠬᠦᠷᠵᠢᠭᠦᠯᠦᠨᠡ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ | ᠦᠷᠭᠡᠳᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠬᠤᠳᠠᠯᠳᠤᠨ ᠠᠪᠬᠤ ᠴᠢᠬᠤᠯᠠᠲᠠᠢ ᠪᠣᠯ᠂ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠬᠤ ᠶᠢᠨ | ᠬᠠᠮᠲᠤ᠂ ᠴᠢᠬᠤᠯᠠ ᠪᠦᠬᠦᠢ ᠶᠢᠨ ᠴᠢᠨᠠᠷᠲᠠᠢ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠤᠰᠤᠭᠠᠷ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠭᠡᠨ᠎ᠡ᠃ ᠨᠦᠬᠦᠴᠡᠯ | ᠪᠦᠷᠢᠳᠦᠭᠰᠡᠨ ᠪᠣᠯ ᠲᠤᠰ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ | ᠪᠠᠶᠢᠰᠢᠩ ᠢᠶᠠᠨ ᠨᠢᠭᠡᠲᠦᠯᠲᠡᠢ ᠪᠦᠲᠦᠭᠡᠨ ᠪᠠᠶᠢᠭᠤᠯᠵᠤ ᠪᠣᠯᠣᠨ᠎ᠠ᠃ | ᠬᠤᠷᠢᠨ ᠳᠦᠷᠪᠡᠳᠤᠭᠡᠷ ᠵᠦᠢᠯ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ ᠵᠠᠰᠠᠬᠤ ᠳᠤ ᠬᠤᠯᠪᠣᠭᠳᠠᠯ | ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠠᠮᠦᠷ ᠲᠥᠪᠰᠢᠨ ᠤ ᠳᠠᠯᠳᠠ ᠭᠡᠮ ᠢ ᠠᠷᠢᠯᠭᠠᠬᠤ᠂ ᠬᠡᠷᠡᠭᠯᠡᠬᠦ | ᠴᠢᠳᠠᠮᠵᠢ ᠶᠢ ᠨᠢ ᠬᠠᠮᠠᠭᠠᠯᠠᠬᠤ ᠪᠠ ᠲᠡᠭᠦᠯᠳᠡᠷᠵᠢᠭᠦᠯᠬᠦ᠂ ᠡᠨᠧᠷᠬᠢ ᠶᠢᠨ ᠬᠤᠷᠤᠭᠳᠠᠯ ᠢ ᠪᠠᠭᠠᠰᠬᠠᠬᠤ᠂ ᠠᠶᠤᠯ ᠦᠭᠡᠢ | ᠪᠦᠭᠡᠳ ᠨᠢᠭᠤᠴᠠ ᠶᠢ ᠬᠠᠮᠠᠭᠠᠯᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠠᠯᠪᠠᠨ | ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ ᠵᠠᠰᠠᠬᠤ ᠳᠤ ᠡᠳᠦᠷ ᠲᠤᠳᠤᠮ ᠤᠨ ᠰᠡᠯᠪᠢᠨ ᠵᠠᠰᠠᠬᠤ ᠪᠠ ᠶᠡᠭᠡ ᠳᠤᠮᠳᠠ | ᠬᠡᠪᠴᠢᠶ᠎ᠡ ᠲᠠᠢ ᠰᠡᠯᠪᠢᠨ ᠵᠠᠰᠠᠬᠤ ᠪᠠᠭᠲᠠᠨ᠎ᠠ᠃ ᠬᠡᠷᠡᠭᠯᠡᠬᠦ ᠨᠢᠭᠡᠴᠢ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ | ᠡᠳᠦᠷ ᠲᠤᠳᠤᠮ ᠤᠨ ᠪᠠᠶᠢᠴᠠᠭᠠᠵᠤ ᠰᠡᠯᠪᠢᠨ ᠵᠠᠰᠠᠬᠤ ᠠᠵᠢᠯ ᠢ ᠬᠠᠷᠢᠭᠤᠴᠠᠵᠤ᠂ ᠬᠡᠷᠡᠭᠰᠡᠬᠦ ᠪᠡᠯᠡ ᠮᠦᠩᠭᠦ ᠶᠢ ᠰᠠᠯᠠᠭ᠎ᠠ | ᠮᠦᠴᠢᠷ ᠤᠨ ᠲᠦᠰᠦᠪ ᠢᠶᠠᠷ ᠳᠠᠮᠵᠢᠨ ᠲᠣᠬᠢᠷᠠᠭᠤᠯᠤᠨ᠎ᠠ᠃ ᠦᠨᠡᠨ ᠬᠦ ᠶᠡᠭᠡ ᠳᠤᠮᠳᠠ ᠬᠡᠪᠴᠢᠶ᠎ᠡ ᠪᠠᠷ ᠵᠠᠰᠠᠬᠤ | ᠴᠢᠬᠤᠯᠠᠲᠠᠢ ᠪᠠᠶᠢᠪᠠᠯ᠂ ᠬᠡᠷᠡᠭᠯᠡᠬᠦ ᠨᠢᠭᠡᠴᠢ ᠠᠴᠠ ᠲᠤᠰ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠤ᠂ ᠶᠡᠭᠡ ᠳᠤᠮᠳᠠ ᠬᠡᠪᠴᠢᠶ᠎ᠡ ᠪᠠᠷ ᠵᠠᠰᠠᠬᠤ ᠲᠦᠷᠦᠯ | ᠵᠦᠢᠯ ᠢ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠲᠤ ᠮᠡᠳᠡᠭᠦᠯᠵᠦ ᠬᠢᠨᠠᠨ ᠬᠠᠷᠭᠤᠭᠤᠯᠤᠭᠠᠳ ᠲᠦᠰᠦᠪ ᠤᠨ ᠲᠣᠬᠢᠷᠠᠭᠤᠯᠤᠯᠲᠠ ᠬᠢᠨ᠎ᠡ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠪᠠᠷᠢᠮᠵᠢᠶ᠎ᠠ ᠶᠣᠰᠤᠭᠠᠷ᠂ ᠠᠯᠪᠠᠨ ᠬᠡᠷᠡᠭᠯᠡᠭᠡᠨ ᠤ ᠭᠡᠷ | ᠪᠠᠶᠢᠰᠢᠩ ᠢ ᠬᠠᠷᠭᠤᠭᠤᠯᠤᠨ ᠲᠣᠭᠲᠠᠭᠠᠭᠰᠠᠨ ᠲᠠᠯᠠᠪᠠᠢ ᠶᠢᠨ ᠬᠡᠪᠴᠢᠶᠡᠨ ᠳᠤ ᠨᠢᠭᠡᠲᠦᠯᠲᠡᠢ ᠲᠦᠯᠦᠪᠯᠡᠨ | ᠲᠣᠬᠢᠷᠠᠭᠤᠯᠬᠤ ᠪᠠ ᠵᠣᠬᠢᠰᠲᠠᠢ ᠬᠡᠷᠡᠭᠯᠡᠬᠦ ᠬᠡᠷᠡᠭᠲᠡᠢ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠳᠦᠷᠢᠶᠡᠰᠦᠯᠡᠵᠦ᠂ | ᠵᠢᠭᠡᠯᠡᠭᠦᠯᠵᠦ ᠥᠭᠬᠦ ᠪᠣᠶᠣ ᠬᠡᠷᠡᠭᠯᠡᠬᠦ ᠴᠢᠳᠠᠮᠵᠢ ᠶᠢ ᠨᠢ ᠦᠭᠡᠷᠡᠴᠢᠯᠡᠵᠦ ᠪᠣᠯᠬᠤ ᠦᠭᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ ᠱᠠᠲᠤᠨ ᠤ ᠠᠯᠪᠠᠨ ᠬᠡᠷᠡᠭᠯᠡᠭᠡᠨ ᠤ ᠭᠡᠷ | ᠪᠠᠶᠢᠰᠢᠩ ᠤᠨ ᠬᠡᠷᠡᠭᠯᠡᠬᠦ ᠠᠮᠦᠷ ᠲᠥᠪᠰᠢᠨ ᠢ ᠪᠠᠲᠤᠯᠠᠵᠤ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠬᠡᠷᠡᠭᠯᠡᠬᠦ ᠠᠮᠦᠷ | ᠲᠥᠪᠰᠢᠨ ᠤ ᠳᠦᠷᠢᠮ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠲᠠᠭᠠᠵᠤ᠂ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ | ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠨ ᠲᠤᠰ ᠱᠠᠲᠤᠨ ᠤ | ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠴᠡᠭᠡ᠂ ᠲᠤᠭ᠎ᠠ ᠬᠡᠮᠵᠢᠶ᠎ᠡ | ᠂ ᠬᠡᠪᠴᠢᠶ᠎ᠡ᠂ ᠪᠠᠶᠢᠷᠢᠰᠢᠯ᠂ ᠬᠡᠷᠡᠭᠯᠡᠯᠲᠡ ᠪᠠ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠳᠠᠯ ᠵᠡᠷᠭᠡ ᠶᠢ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠬᠡᠷᠡᠭᠲᠡᠢ᠃ | ᠬᠤᠷᠢᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ | ᠱᠠᠲᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠨᠢᠭᠡᠲᠦᠯᠲᠡᠢ ᠣᠷᠣᠨ ᠲᠤᠭ᠎ᠠ᠂ ᠨᠢᠭᠡᠲᠦᠯᠲᠡᠢ ᠪᠠᠷᠢᠮᠵᠢᠶ᠎ᠠ᠂ ᠨᠢᠭᠡᠲᠦᠯᠲᠡᠢ | ᠬᠤᠳᠠᠯᠳᠤᠨ ᠠᠪᠬᠤ ᠵᠠᠷᠤᠳᠠᠯ᠂ ᠨᠢᠭᠡᠲᠦᠯᠲᠡᠢ ᠬᠤᠳᠠᠯᠳᠤᠨ ᠠᠪᠴᠤ ᠲᠣᠬᠢᠷᠠᠭᠤᠯᠬᠤ ᠬᠠᠮᠢᠶᠠᠷᠤᠯᠲᠠ ᠶᠢ | ᠬᠡᠷᠡᠭᠵᠢᠭᠦᠯᠦᠨ᠎ᠡ︔ ᠳᠣᠣᠷᠠᠳᠣ ᠱᠠᠲᠤᠨ ᠤ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ | ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠳᠤ ᠨᠢᠭᠡᠲᠦᠯᠲᠡᠢ ᠳᠦᠷᠢᠮ | ᠵᠢᠷᠤᠮᠯᠠᠯ ᠢ ᠬᠡᠷᠡᠭᠵᠢᠭᠦᠯᠬᠦ ᠪᠠ ᠱᠠᠲᠤ ᠲᠦᠷᠦᠯ ᠬᠤᠪᠢᠶᠠᠨ ᠬᠠᠮᠢᠶᠠᠷᠤᠨ᠎ᠠ᠃ | ᠬᠤᠷᠢᠨ ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠵᠤ ᠰᠢᠨᠡᠳᠭᠡᠬᠦ ᠪᠠᠷᠢᠮᠵᠢᠶ᠎ᠠ ᠪᠣᠯᠣᠨ ᠣᠳᠣᠬᠢ ᠪᠠᠶᠢᠳᠠᠯ ᠢ | ᠦᠨᠳᠦᠰᠦᠯᠡᠵᠦ᠂ ᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠵᠤ ᠰᠢᠨᠡᠳᠭᠡᠬᠦ ᠲᠦᠯᠦᠪᠯᠡᠭᠡ ᠶᠢ | ᠨᠠᠶᠢᠷᠠᠭᠤᠯᠤᠨ ᠵᠣᠬᠢᠶᠠᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠣᠨ ᠤ ᠠᠯᠪᠠᠨ ᠶᠠᠪᠤᠳᠠᠯ ᠳᠤ ᠬᠡᠷᠡᠭᠯᠡᠬᠦ | ᠲᠡᠷᠭᠡ ᠶᠢᠨ ᠲᠣᠬᠢᠷᠠᠭᠤᠯᠵᠤ ᠰᠢᠨᠡᠴᠢᠯᠡᠬᠦ ᠲᠦᠯᠦᠪᠯᠡᠭᠡ ᠶᠢ ᠦᠨᠳᠦᠰᠦᠯᠡᠨ᠂ ᠬᠤᠳᠠᠯᠳᠤᠨ ᠠᠪᠬᠤ ᠵᠠᠷᠤᠳᠠᠯ ᠢ | ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠨ ᠲᠦᠰᠥᠪ ᠲᠤ ᠣᠷᠤᠭᠤᠯᠤᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠦᠪᠯᠡᠷᠡᠭᠦᠯᠦᠨ ᠬᠤᠳᠠᠯᠳᠤᠵᠤ | ᠠᠪᠬᠤ ᠶᠢ ᠨᠢᠭᠡᠲᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠡᠯ᠎ᠡ ᠨᠢᠭᠡᠴᠢ ᠨᠢ ᠦᠪᠡᠰᠦᠪᠡᠨ ᠬᠤᠳᠠᠯᠳᠤᠨ | ᠠᠪᠴᠤ ᠪᠣᠯᠬᠤ ᠦᠭᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠪᠣᠯᠣᠨ ᠲᠣᠬᠢᠷᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ | ᠡᠯ᠎ᠡ ᠰᠠᠯᠠᠭ᠎ᠠ ᠮᠦᠴᠢᠷ ᠲᠤ ᠤᠯᠤᠰ ᠲᠤ ᠪᠠᠨ ᠦᠢᠯᠡᠳᠪᠦᠷᠢᠯᠡᠭᠰᠡᠨ ᠮᠠᠰᠢᠨ ᠲᠡᠷᠭᠡ ᠶᠢ ᠲᠣᠬᠢᠷᠠᠭᠤᠯᠤᠨ | ᠬᠡᠷᠡᠭᠯᠡᠭᠦᠯᠵᠦ᠂ ᠰᠢᠨ᠎ᠡ ᠡᠨᠧᠷᠬᠢ ᠶᠢᠨ ᠮᠠᠰᠢᠨ ᠲᠡᠷᠭᠡ ᠬᠡᠷᠡᠭᠯᠡᠬᠦ ᠶᠢ ᠵᠣᠷᠢᠬᠵᠢᠭᠤᠯᠤᠨ᠎ᠠ᠃ | ᠬᠤᠷᠢ ᠶᠢᠰᠦᠳᠤᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠦᠴᠢᠷ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠵᠦ ᠬᠠᠮᠢᠶᠠᠷᠬᠤ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠲᠡᠮᠲᠡᠭ ᠲᠠᠢ ᠢᠯᠭᠠᠵᠢᠭᠤᠯᠤᠨ ᠬᠠᠮᠢᠶᠠᠷᠬᠤ᠂ ᠬᠡᠷᠡᠭᠯᠡᠬᠦ ᠶᠢ ᠲᠡᠮᠲᠡᠭᠯᠡᠬᠦ᠂ | ᠲᠣᠭᠲᠠᠭᠰᠠᠨ ᠭᠠᠵᠠᠷ ᠵᠤᠭᠰᠤᠭᠠᠬᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠢᠲᠡᠭᠦᠮᠵᠢᠯᠡᠨ ᠬᠠᠳᠠᠭᠠᠯᠠᠬᠤ ᠵᠡᠷᠭᠡ | ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠠᠯᠪᠠᠨ ᠤ ᠲᠡᠷᠭᠡ ᠶᠢ ᠬᠤᠪᠢᠨ ᠳᠤ ᠪᠠᠨ ᠬᠡᠷᠡᠭᠯᠡᠬᠦ᠂ ᠬᠤᠪᠢ ᠶᠢᠨ | ᠲᠡᠷᠭᠡ ᠶᠢᠨ ᠵᠠᠷᠤᠳᠠᠯ ᠢᠶᠠᠨ ᠠᠯᠪᠠᠨ ᠠᠴᠠ ᠭᠠᠷᠭᠠᠯᠭᠠᠬᠤ ᠶᠢ ᠴᠢᠩᠭ᠎ᠠ ᠴᠠᠭᠠᠵᠠᠯᠠᠵᠤ᠂ ᠠᠯᠪᠠᠨ ᠶᠠᠪᠤᠳᠠᠯ ᠤᠨ ᠵᠠᠮ | ᠠᠶᠠᠯᠠᠯ ᠤᠨ ᠨᠦᠬᠦᠪᠦᠷᠢ ᠶᠢ ᠠᠪᠴᠤ ᠪᠠᠶᠢᠬᠤ ᠶᠢᠨ ᠳᠠᠭᠠᠤ ᠳᠤ ᠪᠠᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ | ᠲᠣᠭᠲᠠᠭᠠᠯ ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃ | ᠳᠦᠷᠪᠡᠳᠦᠭᠡᠷ ᠪᠦᠯᠦᠭ ᠡᠬᠢ ᠪᠠᠶᠠᠯᠢᠬ ᠢ ᠠᠷᠪᠢᠯᠠᠬᠤ ᠬᠠᠮᠢᠶᠠᠷᠤᠯᠲᠠ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠦᠴᠢᠷ ᠲᠠᠢ ᠬᠠᠮᠲᠤᠷᠠᠵᠤ᠂ ᠲᠤᠰ ᠭᠠᠵᠠᠷ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ | ᠲᠦᠯᠦᠪᠵᠢᠭᠦᠯᠭᠡ ᠪᠠᠨ ᠦᠨᠳᠦᠰᠦᠯᠡᠨ᠂ ᠲᠤᠰ ᠱᠠᠲᠤᠨ ᠤ ᠪᠠᠶᠢᠭᠤᠯᠭ᠎ᠠ ᠶᠢᠨ ᠣᠨ ᠤ ᠡᠨᠧᠷᠬᠢ ᠠᠷᠪᠢᠯᠠᠬᠤ ᠬᠠᠷᠠᠯᠲᠠ | ᠂ ᠭᠦᠢᠴᠡᠳᠭᠡᠯ ᠲᠤᠭ᠎ᠠ ᠪᠣᠯᠣᠨ ᠡᠭᠦᠷᠭᠡ ᠶᠢ ᠲᠣᠭᠲᠠᠭᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠵᠡᠷᠭᠡ | ᠰᠠᠯᠠᠭ᠎ᠠ ᠮᠦᠴᠢᠷ ᠲᠠᠢ ᠬᠠᠮᠲᠤᠷᠠᠵᠤ᠂ ᠲᠤᠰ ᠱᠠᠲᠤᠨ ᠤ ᠵᠠᠰᠠᠭ ᠤᠨ ᠣᠷᠳᠣᠨ ᠤ ᠠᠯᠪᠠᠨ ᠬᠡᠷᠡᠭᠯᠡᠭᠡᠨ ᠤ ᠭᠡᠷ | ᠪᠠᠶᠢᠰᠢᠩ ᠢ ᠰᠢᠨ᠎ᠡ ᠪᠠᠷ ᠪᠠᠶᠢᠭᠤᠯᠬᠤ᠂ ᠦᠷᠭᠡᠳᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠵᠡᠷᠭᠡ ᠲᠣᠭᠲᠠᠮᠠᠯ | ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠦᠷᠦᠯ ᠵᠦᠢᠯ ᠳᠤ ᠡᠨᠧᠷᠬᠢ ᠠᠷᠪᠢᠯᠠᠬᠤ ᠬᠢᠨᠠᠨ ᠪᠠᠶᠢᠴᠠᠭᠠᠯᠲᠠ ᠶᠢ | ᠦᠷᠨᠢᠭᠦᠯᠬᠦ ᠬᠡᠷᠡᠭᠲᠡᠢ᠃ ᠡᠨᠧᠷᠬᠢ ᠠᠷᠪᠢᠯᠠᠬᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠦᠷᠦᠯ | ᠵᠦᠢᠯ ᠢ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠪᠦᠲᠦᠭᠡᠨ ᠪᠠᠶᠢᠭᠤᠯᠬᠤ ᠶᠢ | ᠵᠥᠪᠰᠢᠶᠡᠷᠡᠵᠦ ᠪᠣᠯᠬᠤ ᠦᠭᠡᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠠᠷᠪᠢᠯᠠᠬᠤ ᠲᠠᠯ᠎ᠠ ᠪᠠᠷ ᠬᠢ ᠬᠠᠮᠢᠶᠠᠷᠤᠯᠲᠠ ᠶᠢᠨ ᠴᠢᠳᠠᠪᠤᠷᠢ ᠪᠣᠯᠣᠨ | ᠲᠣᠷᠰᠢᠯᠭ᠎ᠠ ᠲᠠᠢ ᠠᠳᠠᠯ ᠠᠬᠤᠢ ᠶᠢᠨ ᠦᠢᠯᠡᠴᠢᠯᠡᠭᠡᠨ ᠤ ᠨᠢᠭᠡᠴᠢ ᠶᠢ ᠰᠤᠩᠭᠤᠬᠤ ᠶᠢᠨ ᠬᠠᠮᠲᠤ᠂ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠵᠣᠬᠢᠬᠤ ᠡᠨᠧᠷᠬᠢ ᠠᠷᠪᠢᠯᠠᠬᠤ ᠬᠠᠷᠠᠯᠲᠠ ᠶᠢᠨ ᠭᠦᠢᠴᠡᠳᠭᠡᠯ ᠲᠤᠭ᠎ᠠ ᠪᠣᠯᠣᠨ ᠡᠨᠧᠷᠬᠢ | ᠠᠷᠪᠢᠯᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠶᠢᠨ ᠭᠡᠷᠡᠲᠦ | ᠬᠠᠮᠢᠶᠠᠷᠤᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ ᠪᠠᠶᠢᠭᠠᠳ ᠡᠨᠧᠷᠬᠢ ᠠᠷᠪᠢᠯᠠᠬᠤ ᠮᠡᠷᠭᠡᠵᠢᠯ ᠤᠨ | ᠦᠭᠡᠷᠡᠴᠢᠯᠡᠯᠲᠡ ᠪᠣᠯᠣᠨ ᠡᠨᠧᠷᠬᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠠᠬᠢᠭᠤᠯᠵᠤ ᠪᠣᠯᠣᠨ᠎ᠠ᠃ | ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠥᠭᠵᠢᠭᠦᠯᠦᠯᠲᠡ ᠪᠠ | ᠦᠭᠡᠷᠡᠴᠢᠯᠡᠯᠲᠡ ᠵᠡᠷᠭᠡ ᠰᠠᠯᠠᠭ᠎ᠠ ᠮᠦᠴᠢᠷ ᠲᠠᠢ ᠬᠠᠮᠲᠤᠷᠠᠯᠴᠠᠵᠤ ᠪᠠᠶᠢᠭᠤᠯᠭ᠎ᠠ ᠶᠢᠨ ᠡᠨᠧᠷᠬᠢ ᠶᠢᠨ ᠬᠤᠷᠤᠭᠳᠠᠯ ᠤᠨ | ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠳᠦᠷᠢᠮ ᠢ ᠲᠣᠭᠲᠠᠭᠠᠵᠤ᠂ ᠨᠡᠶᠢᠲᠡ ᠳᠤ ᠵᠠᠷᠯᠠᠬᠤ ᠭᠤᠣᠯ ᠴᠤᠭᠴᠠ᠂ | ᠬᠡᠪᠴᠢᠶ᠎ᠡ᠂ ᠠᠭᠤᠯᠭ᠎ᠠ ᠵᠢᠴᠢ ᠠᠷᠭ᠎ᠠ ᠬᠡᠯᠪᠡᠷᠢ ᠶᠢ ᠲᠤᠳᠤᠷᠬᠠᠶᠢᠯᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠡᠨᠧᠷᠬᠢ ᠶᠢᠨ | ᠬᠤᠷᠤᠭᠳᠠᠯ ᠤᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠢ᠃ | ᠭᠤᠴᠢᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤᠨ ᠠᠰᠢᠭᠯᠠᠯᠲᠠ | ᠵᠡᠷᠭᠡ ᠰᠠᠯᠠᠭ᠎ᠠ ᠮᠦᠴᠢᠷ ᠲᠠᠢ ᠬᠠᠮᠲᠤᠷᠠᠵᠤ᠂ ᠪᠠᠶᠢᠭᠤᠯᠭ᠎ᠠ ᠶᠢᠨ ᠤᠰᠤ ᠠᠷᠪᠢᠯᠠᠬᠤ ᠠᠵᠢᠯ ᠢ ᠵᠢᠯᠤᠭᠤᠳᠴᠤ | ᠵᠣᠬᠢᠴᠠᠭᠤᠯᠬᠤ ᠪᠠ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠣᠰᠣᠨ ᠤ ᠡᠬᠢ ᠰᠤᠷᠪᠤᠯᠵᠢ ᠳᠤ ᠲᠦᠷᠦᠯ ᠬᠤᠪᠢᠶᠠᠨ | ᠨᠤᠷᠮᠠᠴᠢᠯᠠᠬᠤ ᠪᠠ ᠬᠠᠷᠠᠯᠲᠠᠲᠤ ᠬᠠᠷᠢᠭᠤᠴᠠᠯᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠠᠷᠪᠢᠯᠠᠬᠤ | ᠮᠡᠷᠭᠡᠵᠢᠯ ᠪᠣᠯᠣᠨ ᠲᠥᠭᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠰᠤᠨ ᠤ ᠡᠬᠢ ᠰᠤᠷᠪᠤᠯᠵᠢ ᠶᠢ ᠠᠷᠪᠢᠯᠠᠨ | ᠠᠰᠢᠭᠯᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠢᠳᠡᠭᠡᠨ ᠤ ᠵᠦᠢᠯ ᠬᠤᠳᠠᠯᠳᠤᠨ ᠠᠪᠬᠤ᠂ ᠲᠥᠭᠦᠬᠡᠢ ᠮᠠᠲ᠋ᠧᠷᠢᠶᠠᠯ ᠢ ᠠᠩᠬ᠎ᠠ | ᠡᠳ᠋ᠰᠢᠭᠦᠯᠬᠦ᠂ ᠲᠣᠭᠤᠭᠠᠨ ᠭᠡᠷ ᠤᠨ ᠬᠤᠭ ᠨᠣᠪᠰᠢ ᠶᠢᠨ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠵᠡᠷᠭᠡ ᠲᠠᠯ᠎ᠠ ᠠᠴᠠ | ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠢ ᠠᠷᠪᠢᠯᠠᠨ ᠭᠠᠮᠨᠠᠬᠤ ᠬᠠᠮᠢᠶᠠᠷᠤᠯᠲᠠ ᠶᠢ ᠦᠷᠨᠢᠭᠦᠯᠬᠦ | ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠬᠠᠭᠤᠴᠢᠨ ᠪᠠ ᠬᠠᠶᠠᠭᠳᠠᠮᠠᠯ ᠪᠤᠳᠠᠰ ᠢ ᠲᠦᠷᠦᠯ ᠬᠤᠪᠢᠶᠠᠬᠤ᠂ | ᠲᠦᠪᠯᠡᠷᠡᠭᠦᠯᠦᠨ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠪᠣᠢ ᠪᠣᠯᠣᠭᠰᠠᠨ ᠨᠢᠭᠤᠴᠠ ᠪᠤᠰᠤ ᠬᠠᠶᠠᠭᠳᠠᠮᠠᠯ ᠴᠠᠭᠠᠰᠤ | ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠭᠦᠨ ᠵᠡᠷᠭᠡ ᠬᠠᠭᠤᠴᠢᠨ ᠪᠠ ᠬᠠᠶᠠᠭᠳᠠᠮᠠᠯ ᠪᠤᠳᠠᠰ ᠢ | ᠲᠦᠪᠯᠡᠷᠡᠭᠦᠯᠦᠨ ᠬᠤᠷᠢᠶᠠᠵᠤ ᠠᠪᠤᠭᠠᠳ ᠰᠢᠢᠳᠪᠦᠷᠢᠯᠡᠵᠦ᠂ ᠡᠷᠬᠢᠯᠳᠦᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ︔ | ᠤᠯᠤᠰ ᠤᠨ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠨᠢᠭᠤᠴᠠ ᠶᠢ ᠬᠠᠮᠠᠭᠠᠯᠠᠬᠤ ᠶᠢᠨ ᠬᠤᠯᠪᠣᠭᠳᠠᠯ ᠪᠦᠬᠦᠢ | ᠲᠣᠭᠲᠠᠭᠠᠯ ᠶᠤᠰᠤᠭᠠᠷ ᠦᠭᠡᠶᠢᠰᠬᠡᠬᠦ ᠬᠡᠷᠡᠭᠲᠡᠢ᠃ | ᠲᠠᠪᠤᠳᠤᠭᠠᠷ ᠪᠦᠯᠦᠭ ᠦᠢᠯᠡᠴᠢᠯᠡᠭᠡᠨ ᠤ ᠬᠠᠮᠢᠶᠠᠷᠤᠯᠲᠠ ᠬᠢᠭᠡᠳ ᠬᠢᠨᠠᠯᠲᠠ ᠪᠠᠶᠢᠢᠴᠠᠭᠠᠯᠲᠠ | ᠭᠤᠴᠢᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠠᠷᠤ | ᠲᠠᠯ᠎ᠠ ᠶᠢᠨ ᠦᠢᠯᠡᠴᠢᠯᠡᠭᠡᠨ ᠤ ᠨᠢᠭᠡᠲᠦᠯᠲᠡᠢ ᠲᠦᠷᠦᠯ ᠵᠦᠢᠯ ᠪᠣᠯᠣᠨ ᠪᠠᠷᠢᠮᠵᠢᠶ᠎ᠠ ᠶᠢ ᠲᠣᠭᠲᠠᠭᠠᠵᠤ᠂ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠤᠨ ᠠᠷᠤ ᠲᠠᠯ᠎ᠠ ᠶᠢᠨ ᠦᠢᠯᠡᠴᠢᠯᠡᠭᠡᠨ ᠤ | ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠠᠬᠢᠭᠤᠯᠵᠤ᠂ ᠠᠷᠤ ᠲᠠᠯ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠤᠨ | ᠳᠦᠬᠦᠷᠵᠢᠭᠦᠯᠬᠦ ᠪᠠ ᠠᠷᠪᠢᠯᠠᠨ ᠬᠡᠷᠡᠭᠯᠡᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠨᠢ ᠲᠣᠭᠲᠠᠭᠠᠭᠰᠠᠨ ᠲᠦᠷᠦᠯ ᠵᠦᠢᠯ ᠪᠣᠯᠣᠨ ᠪᠠᠷᠢᠮᠵᠢᠶ᠎ᠠ ᠠᠴᠠ | ᠬᠡᠲᠦᠷᠡᠭᠦᠯᠦᠨ ᠠᠷᠤ ᠲᠠᠯ᠎ᠠ ᠶᠢᠨ ᠦᠢᠯᠡᠴᠢᠯᠡᠭᠡ ᠶᠢ ᠬᠠᠩᠭᠠᠵᠤ ᠪᠣᠯᠬᠤ ᠦᠭᠡᠢ᠃ | ᠭᠤᠴᠢᠨ ᠨᠠᠶᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠶᠤᠰᠤᠯᠠᠯ ᠤᠨ ᠵᠦᠢᠯᠡᠰ ᠢ ᠳᠦᠭᠦᠮᠴᠢᠯᠡᠬᠦ᠂ ᠪᠣᠲᠠᠲᠠᠢ ᠶᠢ ᠡᠷᠬᠢᠮᠯᠡᠨ ᠠᠷᠪᠢᠲᠠᠢ ᠭᠠᠮᠲᠠᠢ ᠪᠠᠶᠢᠬᠤ | ᠵᠠᠷᠴᠢᠮ ᠢ ᠵᠢᠷᠤᠮᠯᠠᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ | ᠲᠤᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠵᠦ᠂ ᠠᠯᠪᠠᠨ ᠶᠠᠪᠤᠳᠠᠯ ᠤᠨ ᠵᠣᠴᠢᠯᠠᠬᠤ ᠬᠡᠪᠴᠢᠶ᠎ᠡ | ᠪᠣᠯᠣᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢᠨ ᠬᠠᠮᠢᠶ᠎ᠠ | ᠪᠦᠬᠦᠢ ᠲᠣᠭᠲᠠᠭᠠᠯ ᠶᠤᠰᠤᠭᠠᠷ᠂ ᠠᠷᠤ ᠲᠠᠯ᠎ᠠ ᠶᠢᠨ ᠦᠢᠯᠡᠴᠢᠯᠡᠭᠡᠨ ᠤ ᠲᠦᠷᠦᠯ ᠵᠦᠢᠯ ᠪᠣᠯᠣᠨ ᠪᠠᠷᠢᠮᠵᠢᠶ᠎ᠠ ᠶᠢ | ᠦᠨᠳᠦᠰᠦᠯᠡᠨ᠂ ᠵᠣᠬᠢᠬᠤ ᠬᠢᠷᠢ ᠭᠡᠮ ᠲᠠᠢ ᠪᠤᠶᠤ ᠴᠢᠳᠠᠪᠤᠷᠢ ᠲᠠᠢ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠰᠤᠩᠭᠤᠵᠤ ᠠᠷᠤ ᠲᠠᠯ᠎ᠠ ᠶᠢᠨ ᠦᠢᠯᠡᠴᠢᠯᠡᠭᠡ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠶᠠᠪᠤᠳᠠᠯ ᠤᠨ | ᠵᠣᠴᠢᠯᠠᠬᠤ ᠵᠡᠷᠭᠡ ᠠᠵᠢᠯ ᠢ ᠳᠠᠭᠠᠭᠠᠨ ᠠᠪᠴᠤ ᠭᠦᠢᠴᠡᠳᠭᠡᠯᠭᠡᠬᠦ ᠬᠡᠷᠡᠭᠲᠡᠢ᠃ | ᠳᠦᠴᠢᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠤᠰ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠪᠣᠯᠣᠨ ᠳᠣᠣᠷᠠᠳᠤ ᠱᠠᠲᠤᠨ ᠤ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ | ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠴᠠᠭ ᠲᠣᠬᠠᠢ ᠳᠤ ᠨᠢ | ᠵᠠᠯᠠᠷᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠥᠭᠵᠢᠭᠦᠯᠦᠯᠲᠡ ᠪᠠ | ᠦᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠤᠳᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠵᠤ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠪᠠᠶᠢᠭᠤᠯᠭ᠎ᠠ ᠶᠢᠨ | ᠶᠠᠪᠤᠳᠠᠯ ᠤᠨ ᠠᠵᠢᠯᠯᠠᠭᠠᠨ ᠤ ᠵᠠᠷᠤᠳᠠᠯ᠂ ᠡᠳ᠋ ᠬᠦᠷᠦᠩᠭᠡ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ | ᠠᠮᠦᠷ ᠲᠥᠪᠰᠢᠨ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ︔ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠷᠢᠮᠵᠢᠶ᠎ᠠ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠣᠯᠪᠠᠯ᠂ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | | ᠳᠦᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠦᠴᠢᠷ ᠨᠢ ᠪᠠᠶᠢᠭᠤᠯᠭ᠎ᠠ ᠶᠢᠨ ᠶᠠᠪᠤᠳᠠᠯ ᠢ ᠢᠯᠡ ᠪᠣᠯᠭᠠᠬᠤ ᠳᠦᠷᠢᠮ ᠢ ᠪᠠᠶᠢᠭᠤᠯᠵᠤ᠂ | ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ | ᠠᠵᠢᠯᠯᠠᠭᠤᠯᠬᠤ ᠵᠠᠷᠤᠳᠠᠯ᠂ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠵᠠᠷᠤᠳᠠᠯ ᠵᠡᠷᠭᠡ | ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠦᠰᠦᠪ ᠪᠠ ᠲᠦᠰᠦᠪ ᠤᠨ ᠭᠦᠢᠴᠡᠳᠭᠡᠯ ᠤᠨ ᠪᠠᠶᠢᠳᠠᠯ ᠵᠢᠴᠢ | ᠪᠤᠰᠤᠳ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ | ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ | ᠵᠢᠷᠭᠤᠳᠤᠭᠠᠷ ᠪᠦᠯᠦᠭ ᠬᠠᠦᠯᠢ ᠴᠠᠭᠠᠵᠠ ᠶᠢᠨ ᠬᠠᠷᠢᠴᠠᠭᠤᠯᠭ᠎ᠠ | ᠳᠦᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ︽ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠳᠤ ᠨᠢᠭᠡᠨᠲᠡ ᠰᠢᠢᠳᠭᠡᠵᠦ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ | ᠲᠣᠭᠲᠠᠭᠠᠯ ᠢ ᠨᠢ ᠵᠢᠷᠤᠮᠯᠠᠬᠤ ᠬᠡᠷᠡᠭᠲᠡᠢ᠃ | ᠳᠦᠴᠢᠨ ᠭᠤᠷᠪᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠠᠯᠪᠠᠨ ᠶᠠᠪᠤᠳᠠᠯ ᠳᠤ | ᠬᠡᠷᠡᠭᠯᠡᠬᠦ ᠲᠡᠷᠭᠡ ᠶᠢ ᠬᠤᠪᠢᠨ ᠳᠤ ᠪᠠᠨ ᠬᠡᠷᠡᠭᠯᠡᠭᠰᠡᠨ᠂ ᠬᠤᠪᠢ ᠶᠢᠨ ᠲᠡᠷᠭᠡ ᠶᠢᠨ ᠵᠠᠷᠤᠳᠠᠯ ᠢᠶᠠᠨ ᠠᠯᠪᠠᠨ ᠢᠶᠠᠷ | ᠭᠠᠷᠭᠠᠯᠭᠠᠭᠰᠠᠨ ᠪᠤᠶᠤ ᠠᠯᠪᠠᠨ ᠶᠠᠪᠤᠳᠠᠯ ᠤᠨ ᠨᠦᠬᠦᠪᠦᠷᠢ ᠶᠢ ᠠᠪᠤᠭᠰᠠᠨ ᠪᠦᠭᠡᠳ ᠠᠯᠪᠠᠨ ᠶᠠᠪᠤᠳᠠᠯ ᠳᠤ ᠬᠡᠷᠡᠭᠯᠡᠬᠦ | ᠲᠡᠷᠭᠡ ᠶᠢ ᠲᠣᠭᠲᠠᠭᠠᠯ ᠠᠴᠠ ᠵᠦᠷᠢᠴᠡᠨ ᠬᠡᠷᠡᠭᠯᠡᠭᠰᠡᠨ ᠪᠠᠶᠢᠪᠠᠯ᠂ ᠳᠡᠭᠡᠳᠦ ᠱᠠᠲᠤᠨ ᠤ ᠪᠠᠶᠢᠭᠤᠯᠭ᠎ᠠ ᠨᠢ ᠵᠠᠷᠯᠢᠭᠳᠠᠵᠤ | ᠪᠠᠶᠢᠭᠠᠳ ᠵᠠᠯᠠᠷᠠᠭᠤᠯᠬᠤ ᠬᠡᠷᠡᠭᠲᠡᠢ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠣᠮᠢᠯᠠᠬᠤ ᠪᠠ | ᠪᠠᠭᠤᠯᠭᠠᠭᠰᠠᠨ ᠪᠠᠶᠢᠭᠤᠯᠭ᠎ᠠ ᠨᠢ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ ᠰᠢᠢᠳᠭᠡᠯ ᠣᠯᠭᠤᠬᠤ | ᠬᠡᠷᠡᠭᠲᠡᠢ᠃ | ᠳᠦᠴᠢᠨ ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠭᠴᠢᠳ ᠨᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠵᠢᠯᠯᠠᠭ᠎ᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ | ᠠᠯᠮᠠᠶᠢᠷᠠᠨ ᠣᠰᠤᠯᠳᠤᠭᠰᠠᠨ᠂ ᠭᠤᠶᠠᠴᠢᠯᠠᠨ ᠬᠠᠤᠯᠢ ᠶᠤᠰᠣ ᠶᠢ ᠵᠦᠷᠢᠴᠡᠭᠰᠡᠨ ᠪᠤᠶᠤ ᠱᠠᠮᠰᠢᠵᠤ ᠬᠠᠭ᠋ᠤᠤᠯᠢ ᠢᠳᠡᠭᠰᠡᠨ | ᠪᠠᠶᠢᠪᠠᠯ᠂ ᠬᠠᠤᠯᠢ ᠶᠤᠰᠤᠭᠠᠷ ᠰᠢᠢᠳᠭᠡᠯ ᠥᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠭᠡᠮᠵᠢᠯᠡᠬᠦ ᠬᠡᠷᠡᠭᠲᠡᠢ᠃ | ᠳᠦᠴᠢᠨ ᠲᠠᠪᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢᠨ ᠢᠯᠡᠴᠢᠯᠡᠨ | ᠮᠡᠳᠡᠭᠦᠯᠦᠯᠲᠡ ᠶᠢ ᠣᠯᠤᠭᠠᠳ ᠴᠠᠭ ᠲᠣᠬᠠᠢ ᠳᠤ ᠨᠢ ᠬᠠᠤᠯᠢ ᠶᠤᠰᠤᠭᠠᠷ ᠪᠠᠶᠢᠴᠠᠭᠠᠵᠤ ᠰᠢᠢᠳᠪᠦᠷᠢᠯᠡᠭᠰᠡᠨ ᠦᠭᠡᠢ | ᠪᠠᠶᠢᠪᠠᠯ᠂ ᠳᠡᠭᠡᠳᠦ ᠱᠠᠲᠤᠨ ᠤ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ︔ ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠣᠮᠢᠯᠠᠬᠤ ᠪᠠ ᠪᠠᠭᠤᠯᠭᠠᠭᠰᠠᠨ ᠪᠠᠶᠢᠭᠤᠯᠭ᠎ᠠ ᠨᠢ ᠬᠠᠷᠢᠭᠤᠴᠠᠯᠭ᠎ᠠ ᠲᠠᠢ | ᠬᠦᠮᠦᠰ ᠲᠤ ᠬᠠᠤᠯᠢ ᠶᠤᠰᠤᠭᠠᠷ ᠰᠢᠢᠳᠭᠡᠯ ᠥᠭᠬᠦ ᠬᠡᠷᠡᠭᠲᠡᠢ᠃ | ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠦᠴᠢᠨ ᠵᠢᠷᠭᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠶᠠᠪᠤᠳᠠᠯ ᠭᠡᠳᠡᠭ ᠨᠢ | ᠪᠠᠶᠢᠭᠤᠯᠭ᠎ᠠ ᠶᠢᠨ ᠬᠡᠪ ᠤᠨ ᠠᠵᠢᠯᠯᠠᠭᠠᠨ ᠢ ᠪᠠᠲᠤᠯᠠᠬᠤ ᠡᠯ᠎ᠡ ᠵᠦᠢᠯ ᠤᠨ ᠠᠵᠢᠯᠯᠠᠭ᠎ᠠ ᠶᠢ ᠵᠢᠭᠠᠵᠤ ᠪᠣᠢ᠂ ᠡᠭᠦᠨ ᠳᠤ | ᠵᠠᠷᠤᠳᠠᠯ ᠤᠨ ᠬᠠᠮᠢᠶᠠᠷᠤᠯᠲᠠ᠂ ᠡᠳ᠋ ᠬᠦᠷᠦᠩᠭᠡ ᠶᠢᠨ ᠬᠠᠮᠢᠶᠠᠷᠤᠯᠲᠠ᠂ ᠡᠬᠢ ᠪᠠᠶᠠᠯᠢᠭ ᠢ ᠠᠷᠪᠢᠯᠠᠬᠤ ᠬᠠᠮᠢᠶᠠᠷᠤᠯᠲᠠ᠂ | ᠠᠯᠪᠠᠨ ᠶᠠᠪᠤᠳᠠᠯ ᠤᠨ ᠵᠣᠴᠢᠯᠠᠬᠤ ᠵᠢᠴᠢ ᠠᠷᠤ ᠲᠠᠯ᠎ᠠ ᠶᠢᠨ ᠦᠢᠯᠡᠴᠢᠯᠡᠭᠡ ᠵᠡᠷᠭᠡ ᠲᠠᠯ᠎ᠠ ᠳᠠᠬᠢ ᠠᠵᠢᠯ | ᠶᠠᠪᠤᠳᠠᠯ ᠤᠳ ᠢ ᠪᠠᠭᠲᠠᠭᠠᠨ᠎ᠠ᠃ ᠲᠤᠰ ᠠᠷᠭ᠎ᠠ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ | ᠭᠡᠳᠡᠭ ᠨᠢ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠪᠠᠷ ᠡᠳ᠋ ᠪᠠᠷᠠᠭ᠎ᠠ ᠪᠠ ᠦᠢᠯᠡᠴᠢᠯᠡᠭᠡ ᠬᠤᠳᠠᠯᠳᠤᠨ | ᠠᠪᠬᠤ ᠳᠤ ᠬᠡᠷᠡᠭᠯᠡᠬᠦ ᠡᠯ᠎ᠡ ᠵᠦᠢᠯ ᠤᠨ ᠪᠡᠯᠡ ᠮᠦᠩᠭᠦ ᠶᠢ ᠵᠢᠭᠠᠵᠤ ᠪᠣᠢ᠃ | ᠳᠦᠴᠢᠨ ᠳᠤᠯᠤᠳᠤᠭᠠᠷ ᠵᠦᠢᠯ ᠪᠤᠰᠤᠳ ᠲᠥᠷᠥ ᠶᠢᠨ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ | ᠠᠷᠠᠳ ᠤᠨ ᠪᠦᠯᠬᠦᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠲᠤᠰ ᠠᠷᠭ᠎ᠠ ᠪᠠᠷ | ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ᠳᠦᠴᠢᠨ ᠨᠠᠶᠢᠮᠠᠳᠤᠭᠠᠷ ᠵᠦᠢᠯ ᠲᠤᠰ ᠠᠷᠭ᠎ᠠ ᠶᠢ 2019 ᠣᠨ ᠤ 2 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |