ᠷᠧᠨ ᠰᠢ ᠵᠡᠷᠭᠡ ᠬᠤᠰᠢᠭᠤᠨ ᠤ ᠤᠳᠤᠷᠢᠳᠤᠯᠭ᠎ᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠠᠷᠠᠳ ᠤᠨ ᠳᠦᠯᠦᠭᠡᠯᠡᠭᠴᠢᠳ ᠢ ᠳᠣᠬᠤᠨᠢᠭᠤᠯᠤᠬᠰᠠᠨ
ᠨᠡᠶᠢᠲᠡᠯᠡᠭᠰᠡᠨ ᠴᠠᠭ᠄
2022/1/10
   
    1 ᠰᠠᠷ᠎ᠠ ᠶᠢᠨ 5 ᠤ ᠦᠳᠡ ᠶᠢᠨ ᠡᠮᠦᠨ᠎ᠡ᠂ ᠬᠤᠰᠢᠭᠤᠨ ᠤ ᠤᠳᠤᠷᠢᠳᠤᠯᠭ᠎ᠠ ᠷᠧᠨ ᠰᠢ᠂ ᠴᠢᠨ ᠬᠤᠸᠠᠢ ᠳ᠋ᠦᠩ᠂ ᠸᠠᠩ ᠴᠢᠩ ᠬᠤ᠋᠂ ᠱᠧᠨ ᡁᠢ ᠴᠢᠶᠠᠩ᠂ ᠮᠠ ᠱᠦ᠋ ᠶᠢᠦ ᠨᠠᠷ ᠲᠥᠯᠥᠭᠡᠯᠡᠭᠴᠢᠳ ᠤᠨ ᠰᠠᠭᠤᠭ᠎ᠠ ᠭᠠᠵᠠᠷ ᠲᠤ ᠬᠦᠷᠴᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠡᠷᠬᠢᠨ ᠦᠵᠡᠵᠦ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ  ᠳᠡᠪᠰᠢᠭᠦᠯᠵᠤ᠂ ᠲᠡᠲᠡᠡ ᠤ ᠵᠡᠭᠦᠨ ᠬᠤᠰᠢᠭᠤᠨ ᠤ ᠡᠯ᠎ᠡ ᠵᠦᠢᠯ ᠤᠨ ᠠᠵᠢᠯ ᠢ ᠶᠡᠭᠡ ᠪᠠᠷ ᠳᠡᠮᠵᠢᠭᠰᠡᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠥᠯᠥᠭᠡᠯᠡᠭᠴᠢᠳ ᠤᠨ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠪᠠᠨ ᠢᠳᠡᠪᠬᠢᠲᠡᠢ ᠳᠤᠷᠠᠳᠴᠤ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠲᠥᠯᠥᠭᠡᠯᠡᠭᠴᠢ ᠶᠢᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠲᠤᠭ ᠲᠡᠮᠲᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠶᠡᠭᠡ ᠬᠤᠷᠠᠯ ᠢᠶᠠᠨ ᠰᠠᠶᠢᠲᠤᠷ ᠬᠤᠷᠠᠯᠳᠤᠭᠤᠯᠬᠤ ᠶᠢ ᠭᠦᠰᠡᠭᠰᠡᠨ ᠪᠠᠶᠢᠨ᠎ᠠ᠃      ᠪᠥᠬᠦ ᠬᠤᠰᠢᠭᠤᠨ ᠤ ᠡᠯ᠎ᠡ ᠠᠵᠢᠯ ᠲᠥᠷᠥᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠨᠳᠦᠰᠦᠨ ᠱᠠᠲᠤᠨ ᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠲᠥᠯᠥᠭᠡᠯᠡᠭᠴᠢᠳ ᠠᠴᠠ ᠬᠤᠷᠠᠯ ᠤᠨ ᠬᠤᠭᠤᠴᠠᠭᠠᠨ ᠳᠤ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠰᠡᠳᠬᠢᠯᠭᠡ ᠪᠠ ᠳᠡᠭᠡᠳᠦ ᠬᠡᠮᠵᠢᠶ᠎ᠡ ᠤ ᠬᠠᠷᠢᠭᠤᠴᠠᠯᠭᠠᠳᠣ ᠤᠯᠤᠰ ᠲᠥᠷᠥ ᠶᠢᠨ ᠣᠪᠣᠷ ᠢᠶᠠᠷ ᠲᠣᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ ᠥᠬᠡᠶ ᠪᠠᠷ ᠶᠡᠭᠡ ᠬᠤᠷᠠᠯ ᠤᠨ ᠬᠤᠭᠤᠴᠠᠭᠠᠨ ᠳᠠᠬᠢ ᠡᠯ᠎ᠡ  ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号