ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2022/1/10
   
      1 ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠨᠥᠬᠦᠷ ᠤᠨ ᠶᠠᠷᠢᠶ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠬᠡᠯ ᠢ ᠶᠠᠷᠢᠯᠴᠠᠪᠠ᠃ ᠮᠠ  ᠱᠦ᠋ ᠶᠢᠦ᠂ ᠪᠥᠸᠧ ᡁᠢ ᠬᠤᠢ᠂ ᠯᠢ ᠴᠤᠤ ᠬᠤᠢ᠂ ᠦ᠋ ᠸᠧᠢ ᠳ᠋ᠦᠩ᠂  ᠭᠤᠸ᠎ᠠ ᠨᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠰᠣᠨᠣᠰᠪᠠ᠃       ᠶᠠᠷᠢᠯᠴᠠᠬᠤ ᠳᠤᠭᠤᠶᠢᠯᠠᠩ ᠤᠨ ᠡᠯ᠎ᠡ ᠬᠤᠷᠠᠯ ᠤᠨ ᠲᠠᠯᠠᠪᠠᠢ ᠳᠤ᠂ ᠡᠯ᠎ᠡ ᠡᠲᠡᠭᠡᠳ ᠤᠨ ᠭᠡᠰᠢᠭᠦᠳ ᠥᠪᠡᠷ ᠥᠪᠡᠷ ᠤᠨ ᠦᠵᠡᠯᠲᠡ ᠪᠠᠨ ᠬᠡᠯᠡᠵᠤ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨᠵᠢᠯᠡᠬᠦ ᠤᠬᠠᠭᠠᠨᠴᠢ ᠰᠠᠨᠠᠯ ᠰᠠᠨᠠᠭᠤᠯᠭ᠎ᠠ ᠳᠤᠷᠠᠳᠴᠤ᠂ ᠲᠤᠰᠠᠲᠠᠢ ᠠᠷᠭ᠎ᠠ ᠤᠬᠠᠭᠠᠨ ᠭᠠᠷᠭᠠᠵᠠᠢ᠃ ᠭᠡᠰᠢᠭᠦᠳ ᠶᠠᠷᠢᠯᠴᠠᠬᠤ ᠳᠤᠮᠳᠠ ᠪᠠᠨ ᠰᠠᠨᠠᠯ ᠨᠢᠭᠡᠲᠡᠢ ᠦᠵᠡᠭᠰᠡᠨ ᠨᠢ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠨᠥᠬᠦᠷ ᠤᠨ ᠶᠠᠷᠢᠶ᠎ᠠ ᠨᠢ ᠡᠷᠴᠢ ᠵᠣᠷᠢᠭ ᠢ ᠬᠥᠪᠴᠢᠯᠡᠵᠦ᠂ ᠬᠥᠮᠦᠰ ᠤᠨ ᠵᠣᠷᠢᠭ ᠢ ᠬᠥᠪᠴᠢᠯᠡᠵᠦ᠂ ᠤᠯᠤᠰ ᠲᠥᠷᠦ ᠶᠢᠨ ᠥᠨᠳᠥᠷᠴᠡ ᠲᠠᠢ ᠮᠥᠷᠲᠡᠭᠡᠨ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠠᠷᠪᠠᠨ ᠬᠤᠶᠠᠳᠤᠭᠠᠷ ᠬᠤᠭᠤᠴᠠᠭᠠᠨ ᠤ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠠᠮᠵᠢᠯᠲᠠ ᠶᠢ ᠭᠦᠢᠴᠡᠳ ᠨᠤᠲᠠᠯᠠᠵᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠭᠤᠣᠯ ᠡᠭᠦᠷᠭᠡ ᠪᠠ ᠴᠢᠷᠮᠠᠶᠢᠬᠤ ᠴᠢᠭᠯᠡᠯ ᠢ ᠲᠣᠳᠣᠷᠬᠠᠶᠢᠯᠠᠵᠤ᠂ ᠬᠤᠶᠢᠰᠢᠳᠠ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠭᠡᠰᠢᠭᠦᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ︽ᠬᠤᠶᠠᠷ ᠮᠡᠳᠡᠭᠦᠯᠦᠯᠲᠡ︾ ᠶᠢ ᠥᠨᠳᠥᠷ ᠦᠨᠡᠯᠡᠵᠦ᠂ ᠢᠯᠡᠳᠬᠡᠯ ᠤᠨ ᠭᠤᠤᠯ ᠰᠡᠳᠦᠪ ᠢᠯᠡ ᠲᠣᠳᠣ᠂ ᠭᠤᠤᠯᠳᠠᠯᠭ᠎ᠠ ᠲᠣᠪᠤᠶᠢᠮ᠎ᠠ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠠᠵᠢᠯ ᠢᠶᠠᠨ ᠳ᠋ᠦᠩᠨᠡᠬᠦ ᠳᠤ ᠦᠨᠡᠨ ᠠᠴᠠ ᠵᠥᠪ ᠢ ᠡᠷᠢᠵᠦ᠂ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠲᠠᠪᠤᠨ ᠵᠢᠯ ᠤᠨ ᠲᠤᠷᠰᠢᠬᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠶ  ᠭᠦᠢᠴᠡᠳᠬᠡᠵᠤ᠂ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ︾ ᠭᠡᠬᠦ ᠣᠶᠢᠯᠠᠭᠠᠭᠳᠠᠬᠤᠨ ᠢ  ᠭᠦᠢᠴᠡᠳ ᠢᠯᠡᠷᠡᠭᠦᠯᠪᠡ᠃ ᠮᠡᠳᠡᠭᠦᠯᠦᠯᠲᠡ ᠨᠢ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠨᠢ ᠰᠡᠳᠬᠢᠴᠡ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠠᠷᠠᠳ ᠤᠯᠠᠨ ᠤ ᠬᠦᠰᠡᠯ ᠡᠷᠡᠮᠡᠯᠵᠡᠯ ᠪᠠ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号