ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/1/10
   
    1 ᠰᠠᠷ᠎ᠠ ᠶᠢᠨ 6 ᠤ ᠦᠳᠡ ᠶᠢᠨ ᠡᠮᠦᠨᠡᠬᠢ 9 ᠴᠠᠭ ᠲᠤ᠂ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠬᠢᠯᠡᠵᠦ ᠂ 209 ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠪᠣᠯᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠱᠢᠭᠳᠡᠭᠰᠡᠨ ᠲᠥᠷᠥᠯ  ᠵᠦᠢᠯ ᠤᠨ ᠮᠡᠳᠡᠭᠦᠯᠦᠯᠲᠡ ᠶᠢ ᠰᠣᠨᠣᠰᠪᠠ᠃
ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠬᠢᠯᠡᠪᠡ
ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠳᠤ ᠣᠷᠣᠯᠴᠠᠪᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠴᠢᠨ ᠬᠤᠸᠠᠢ ᠳ᠋ᠦᠩ ᠶᠡᠭᠡ ᠬᠤᠷᠠᠯ ᠳᠡᠭᠡᠷ᠎ᠡ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠪᠡ
ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠱᠧᠨ ᡁᠢ ᠴᠢᠶᠠᠩ ᠬᠤᠷᠠᠯ ᠡᠷᠭᠢᠯᠡᠪᠡ   ᠷᠧᠨ ᠰᠢ᠂ ᠴᠢᠨ ᠬᠤᠸᠠᠢ ᠳ᠋ᠦᠩ᠂ ᠸᠠᠩ ᠴᠢᠩ ᠬᠤ᠋᠂ ᠱᠧᠨ ᡁᠢ ᠴᠢᠶᠠᠩ᠂ ᠮᠠ ᠱᠦ᠋ ᠶᠢᠦ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ  ᠭᠦᠢᠴᠡᠳᠬᠡᠭᠴᠢ ᠲᠡᠷᠢᠭᠦᠯᠡᠭᠴᠢ ᠱᠧᠨ ᡁᠢ ᠴᠢᠶᠠᠩ ᠬᠤᠷᠠᠯ ᠢ ᠡᠷᠭᠢᠯᠡᠪᠡ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠴᠢᠨ ᠬᠤᠸᠠᠢ ᠳ᠋ᠦᠩ ᠶᠡᠭᠡ ᠬᠤᠷᠠᠯ ᠳᠡᠭᠡᠷ᠎ᠡ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠪᠡ᠃     ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ ᠵᠢᠭᠠᠵᠤ ᠭᠠᠷᠭᠠᠭᠰᠠᠨ ᠨᠢ᠂ ᠳᠥᠷᠪᠡᠨ ᠵᠢᠯ ᠤᠨ ᠲᠤᠷᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠢ ᠶᠢᠨ ᠪᠠᠶᠢᠳᠠᠯ ᠪᠣᠯᠤᠨ ᠥᠭᠡᠷᠡᠴᠢᠯᠡᠯᠲᠡ ᠬᠥᠭᠵᠢᠯᠲᠡ ᠶᠢᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠶᠢᠨ ᠡᠮᠦᠨ᠎ᠡ᠂  ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠬᠤᠰᠢᠭᠤ ᠵᠠᠰᠠᠭ ᠤᠨ ᠣᠷᠳᠣᠨ ᠨᠢ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ ᠢ ᠰᠥᠷᠥᠨ ᠤᠷᠤᠭᠰᠢᠯᠠᠵᠤ᠂ ᠬᠤᠶᠢᠰᠢ ᠤᠬᠤᠷᠢᠬᠤ ᠥᠬᠡᠶ ᠪᠠᠶᠢᠵᠤ᠂ ᠦᠨᠡᠨᠬᠦ  ᠪᠣᠳᠠᠲᠠᠶ ᠠᠵᠢᠯᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ ᠪᠠᠭᠠᠷᠢᠨ ᠵᠡᠭᠦᠨ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠴᠤ᠂ ᠭᠤᠷᠪᠠᠨ ᠠᠵᠤ  ᠦᠢᠯᠡᠰ ᠰᠢᠨ᠎ᠡ ᠳᠠᠪᠠᠯᠲᠠ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠳᠦᠷᠰᠦ ᠪᠠᠶᠢᠳᠠᠯ ᠢᠯᠡᠷᠡᠵᠦ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠰᠢᠨ᠎ᠡ ᠲᠦᠪᠰᠢᠨ ᠳᠤ ᠬᠦᠷᠴᠦ᠂  ᠨᠠᠮ ᠤᠨ ᠲᠣᠰ ᠪᠡᠶ᠎ᠡ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃      ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ᠂ 2021 ᠣᠨ ᠪᠣᠯ ᠠᠷᠪᠠᠨ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠰᠡᠭᠦᠯ ᠬᠤᠷᠢᠶᠠᠬᠤ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠵᠠᠰᠠᠭ ᠤᠨ ᠣᠷᠳᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠠᠵᠢᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠶᠢᠷᠢᠯᠡᠯ ᠤᠨ ᠶᠡᠷᠦᠩᠬᠡᠶ ᠥᠷᠲᠡᠭ 6 . 5 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 . 9 % ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10 % ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 6 . 5 % ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6 . 5 % ᠪᠠ 8 . 5 % ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠮᠠᠨ ᠤ ᠬᠤᠰᠢᠭᠤᠨ ᠤ ᠬᠥᠭᠵᠢᠯᠲᠡ ᠶᠢᠨ  ᠬᠥᠳᠡᠯᠭᠡᠬᠦ ᠡᠨᠧᠷᠭᠢ ᠴᠢᠩᠭ᠎ᠠ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠥᠷᠨᠢᠨ ᠬᠥᠭᠵᠢᠵᠦ᠂ ᠠᠵᠤ  ᠦᠢᠯᠡᠳᠪᠦᠷᠢ ᠶᠢᠨ ᠬᠥᠭᠵᠢᠯᠲᠡ ᠲᠦᠷᠭᠡᠨ ᠪᠥᠭᠡᠳ ᠲᠣᠭᠲᠠᠭᠤᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠥᠷᠨᠢᠭᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠷᠤᠭᠰᠢᠲᠠᠶ ᠶᠠᠪᠤᠭᠳᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠡᠮᠬᠢ ᠵᠢᠷᠤᠮ ᠲᠠᠢ ᠣᠷᠣᠬᠰᠢ ᠠᠭᠢᠵᠤ᠂ ᠠᠮᠢ ᠠᠬᠤᠶ ᠶᠢᠨ ᠬᠠᠮᠠᠭᠠᠯᠠᠯᠲᠠ ᠶᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠠᠳ ᠤᠨ ᠦᠨᠳᠦᠰᠦᠨ ᠠᠮᠢᠳᠤᠷᠠᠯ ᠢ ᠬᠦᠴᠦᠲᠡᠶ ᠪᠠᠲᠤᠯᠠᠵᠤ᠂ ᠣᠯᠠᠨ ᠨᠡᠶᠢᠲᠡ ᠶᠢᠨ ᠦᠢᠯᠡᠴᠢᠯᠡᠭᠡ ᠨᠡᠶᠢᠳᠡᠮ ᠠᠰᠢᠭ ᠬᠦᠷᠲᠡᠭᠡᠵᠦ ᠲᠡᠩᠴᠡᠭᠦᠷᠢᠲᠡᠶ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠲᠠᠢ ᠪᠠᠶᠢᠨ᠎ᠠ᠃       ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ᠂ ᠢᠷᠡᠬᠦ ᠲᠠᠪᠤᠨ ᠵᠢᠯ ᠪᠣᠯ ᠮᠠᠨ ᠤ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠡᠬᠢᠯᠡᠯᠲᠡ ᠶᠢᠨ ᠱᠠᠲᠤ᠂ ᠮᠥᠨ ᠴᠦ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ  ᠮᠠᠨᠳᠣᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ  ᠡᠵᠡᠮᠳᠡᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ  ᠳᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠨ᠎ᠠ᠂ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ᠂ ᠨᠡᠭᠡᠭᠡᠯᠲᠡ ᠶᠢ ᠥᠷᠭᠡᠳᠬᠡᠬᠦ ᠪᠠᠷ ᠰᠢᠪᠲᠤᠯᠤᠯᠲᠠ ᠪᠣᠯᠭᠠᠬᠤ᠂ ᠰᠢᠯᠢᠳᠡᠭ ᠠᠮᠢ ᠠᠬᠤᠶ᠂ ᠬᠥᠭᠵᠢᠯᠲᠡ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠠᠷᠠᠳ ᠲᠦᠮᠡᠨ ᠤ ᠨᠠᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠶᠢᠭᠤᠯᠬᠤ ᠪᠠᠷ ᠴᠥᠬᠦᠷᠡᠰᠢ ᠥᠬᠡᠶ ᠲᠡᠮᠡᠴᠡᠶ᠎ᠡ᠃      ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠬᠠᠷᠠᠯᠲᠠ ᠪᠣᠯ᠄ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠠᠪᠰᠢᠯᠲᠠ ᠲᠠᠢ ᠪᠣᠯᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠰᠢᠨ᠎ᠡ ᠬᠤᠷᠳᠤᠴᠠ ᠲᠠᠢ ᠪᠣᠯᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠵᠤ ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠷᠭ᠎ᠠ ᠵᠠᠮ   ᠢ ᠨᠡᠭᠡᠭᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠤᠨ᠎ᠠ᠃      ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ ᠬᠤᠰᠢᠭᠤ ᠵᠠᠰᠠᠭ ᠤᠨ ᠣᠷᠳᠣᠨ ᠤ ᠠᠵᠢᠯ ᠢ ᠳᠤᠤᠷᠠᠬᠢ ᠵᠢᠷᠭᠤᠭᠠᠨ ᠲᠠᠯ᠎ᠠ ᠪᠠᠷ ᠲᠥᠪᠯᠡᠷᠡᠭᠦᠯᠦᠨ ᠠᠳᠬᠤᠨ᠎ᠠ᠃ ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠨᠠᠩ ᠦᠵᠡᠰᠬᠦᠯᠡᠩᠲᠦ ᠰᠠᠶᠢᠬᠠᠨ ᠠᠮᠢ ᠠᠬᠤᠶ ᠶᠢᠨ ᠵᠡᠭᠦᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ︵ᠬᠤᠶᠠᠷ︶ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠷ ᠨᠠᠩ ᠴᠢᠩᠭ᠎ᠠ ᠰᠢᠨ᠎ᠡ ᠶᠢ ᠡᠭᠦᠳᠬᠦ ᠵᠡᠭᠦᠨ ᠬᠤᠰᠢᠭᠤ ᠶᠢ ᠴᠢᠷᠮᠠᠶᠢᠨ ᠴᠣᠭᠴᠠᠯᠠᠨ᠎ᠠ᠃ ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠴᠡᠪᠡᠷ ᠲᠡᠭᠰᠢ ᠡᠮᠬᠢ ᠵᠢᠷᠤᠮ ᠲᠠᠢ ᠨᠠᠩ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠵᠡᠭᠦᠨ ᠬᠤᠰᠢᠭᠤ ᠶᠢ ᠬᠦᠴᠦᠯᠡᠨ ᠪᠠᠶᠢᠭᠤᠯᠤᠨ᠎ᠠ᠃ ︵ᠳᠥᠷᠪᠡᠨ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠷᠴᠢᠨ ᠲᠣᠭᠤᠷᠢᠨ   ᠢ ᠰᠠᠶᠢᠵᠢᠷᠠᠭᠤᠯᠵᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠠᠭᠤᠰᠤᠯᠴᠠᠭᠰᠠᠨ ᠨᠠᠩ ᠠᠮᠢᠵᠢᠷᠠᠯ ᠤᠨ ᠬᠦᠴᠦᠨ ᠲᠠᠢ ᠨᠡᠭᠡᠭᠡᠯᠲᠡᠲᠦ ᠵᠡᠭᠦᠨ ᠬᠤᠰᠢᠭᠤ ᠶᠢ ᠬᠦᠴᠦᠯᠡᠨ ᠪᠠᠶᠢᠭᠤᠯᠤᠨ᠎ᠠ᠃ ︵ᠲᠠᠪᠤ︶ ᠬᠤᠰᠢᠭᠤ ᠲᠣᠭᠤᠷᠢᠭ ᠤᠨ ᠭᠤᠣᠯ ᠴᠣᠭᠴᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠴᠢᠳᠠᠪᠬᠢ ᠪᠦᠷᠢᠨ ᠲᠡᠭᠦᠯᠳᠡᠷ ᠨᠠᠩ ᠳᠣᠲᠣᠭᠠᠳᠤ ᠠᠭᠤᠯᠬᠤᠨ ᠲᠠᠢ ᠵᠡᠭᠦᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ︵ᠵᠢᠷᠭᠤᠭ᠎ᠠ︶ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠠᠩ ᠪᠠᠶᠠᠨ ᠴᠢᠨᠡᠭᠡᠯᠢᠭ ᠵᠣᠯ ᠵᠢᠷᠭᠠᠯᠲᠤ ᠵᠡᠭᠦᠨ ᠬᠤᠰᠢᠭᠤ ᠶᠢ ᠬᠦᠴᠦᠯᠡᠨ ᠪᠠᠶᠢᠭᠤᠯᠤᠨ᠎ᠠ᠃       ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ᠂ 2022 ᠤᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠬᠡᠷᠡᠭᠲᠡᠶ᠂ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 . 5 % ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 9 . 2 % ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6 . 5 % ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6 . 5 % ᠪᠠ 10 % ᠣᠷᠴᠢᠮ ᠨᠡᠮᠡᠭᠳᠡᠭᠦᠯᠦᠨ᠎ᠡ᠃       ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠤᠤᠷᠠᠬᠢ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ  ᠬᠢᠬᠦ ᠬᠡᠷᠡᠭᠲᠡᠶ᠄ ᠨᠢᠭᠡ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ︔ ᠬᠤᠶᠠᠷ ᠲᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮᠵᠢ ᠶᠢ ᠦᠷᠭᠦᠯᠵᠢᠯᠡᠨ ᠪᠠᠶᠢᠭᠤᠯᠤᠨ᠎ᠠ︔ ᠭᠤᠷᠪᠠ ᠳᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦᠯᠢ ᠴᠣᠭᠴᠠ ᠪᠠᠷ ᠨᠢ ᠴᠢᠩᠭᠠᠷᠠᠭᠤᠯᠤᠨ᠎ᠠ︔ ᠳᠥᠷᠪᠡ ᠳᠤ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ︔ ᠲᠠᠪᠤ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠨ᠎ᠠ︔ ᠵᠢᠷᠭᠤᠭ᠎ᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ︔ ᠳᠣᠯᠤᠭ᠎ᠠ ᠳᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ︔ ᠨᠠᠢᠮᠠ ᠳᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠨ᠎ᠠ︔ ᠶᠢᠰᠦ ᠳᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ   ᠢ ᠪᠦᠬᠦ ᠬᠦᠴᠦᠨ ᠢᠶᠠᠷ ᠪᠠᠲᠤᠯᠠᠨ᠎ᠠ᠃      ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ᠂ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ᠃ ᠦᠨᠡᠨᠴᠢ ᠰᠢᠳᠤᠷᠭᠤ ᠶᠢ ᠡᠷᠬᠢᠮᠯᠡᠵᠦ᠂ ᠠᠷᠠᠳ ᠤᠨ ᠲᠥᠯᠥᠭᠡ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ︔ ᠬᠠᠤᠯᠢ ᠪᠠᠷ ᠵᠠᠰᠠᠬᠤ ᠶᠢ ᠡᠷᠬᠢᠮᠯᠡᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ︔ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠦᠷ᠎ᠡ ᠪᠦᠲᠦᠮᠵᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ︔ ᠠᠷᠢᠭᠤᠨ ᠴᠢᠬᠡᠴᠢ ᠶᠢ ᠡᠷᠬᠢᠮᠯᠡᠵᠦ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠶ᠎ᠠ᠃       ᠴᠢᠨ ᠬᠤᠸᠠᠢ ᠳ᠋ᠦᠩ ᠮᠡᠳᠡᠭᠦᠯᠦᠯᠲᠡ ᠳᠡᠭᠡᠨ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠷᠡᠮᠡᠬᠡᠶᠢᠯᠡᠨ ᠤᠷᠤᠭᠰᠢᠯᠠᠵᠤ᠂ ᠵᠣᠷᠢᠭᠲᠠᠶ ᠪᠠᠷ ᠰᠢᠨ᠎ᠡ ᠪᠠᠶᠢᠳᠠᠯ ᠢ ᠨᠡᠭᠡᠭᠡᠵᠦ᠂ ︽ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ︾ ᠭᠡᠬᠦ ᠵᠣᠷᠢᠭ ᠰᠠᠨᠠᠭᠠᠨ ᠤ ᠠᠬᠤᠶ ᠪᠠᠶᠢᠳᠠᠯ ᠪᠣᠯᠤᠨ ︽ᠠᠮᠵᠢᠯᠲᠠ ᠤᠯᠬᠤ ᠳᠤ ᠯᠠᠪᠲᠠᠶ ᠪᠢ ᠪᠠᠶᠢᠬᠤ︾ ᠲᠡᠦᠬᠡᠨ ᠡᠭᠦᠷᠭᠡᠯᠡᠯ ᠢᠶᠠᠷ᠂ ᠣᠮᠤᠭ ᠲᠡᠭᠦᠯᠳᠡᠷ ᠢᠶᠠᠷ ᠴᠠᠭ ᠦᠶ᠎ᠡ ᠳᠤ ᠣᠰᠣᠯᠳᠠᠬᠤ ᠥᠬᠡᠶ᠂ ᠠᠷᠠᠳ ᠲᠦᠮᠡᠨ ᠳᠤ ᠣᠰᠣᠯᠳᠠᠬᠤ ᠥᠬᠡᠶ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢᠨ ᠰᠢᠨ᠎ᠡ ᠠᠶᠠᠨ ᠳᠤ  ᠮᠣᠷᠳᠠᠶ᠎ᠠ ᠭᠡᠵᠦ ᠢᠯᠡᠳᠬᠡᠪᠡ︕
ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠶᠠᠨ ᠵᠢᠶᠧ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠱᠢᠭᠳᠡᠭᠰᠡᠨ ᠲᠥᠷᠥᠯ  ᠵᠦᠢᠯ ᠤᠨ ᠮᠡᠳᠡᠭᠦᠯᠦᠯᠲᠡ ᠬᠢᠪᠠ᠃      ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠶᠠᠨ ᠵᠢᠶᠧ ᠶᠢᠨ ᠬᠢᠭᠰᠡᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠱᠢᠭᠳᠡᠭᠰᠡᠨ ᠲᠥᠷᠥᠯ ᠵᠦᠢᠯ ᠤᠨ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠬᠢᠨᠠᠨ ᠵᠢᠯᠣᠭᠤᠳᠬᠤ ᠳᠤᠭᠤᠢᠯᠠᠩ ᠬᠤᠷᠠᠯ ᠳᠤ ᠰᠠᠭᠤᠵᠤ ᠠᠵᠢᠯ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠥᠪᠯᠡᠯ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠭᠠᠵᠠᠷ ᠤᠨ ᠲᠠᠰ ᠤᠨ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠶᠢᠨ ᠬᠠᠷᠢᠭᠤᠴᠠᠯᠭᠠᠲᠠᠨ ᠨᠠᠷ᠂ ᠳᠤᠮᠳᠠᠳᠤ ᠣᠷᠣᠨ ᠤ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠨᠠᠷ ᠪᠣᠯᠤᠨ ᠬᠤᠰᠢᠭᠤᠨ ᠳᠣᠲᠣᠷᠠᠬᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠭᠡᠰᠢᠭᠦᠳ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠰᠤᠯᠠ ᠣᠷᠣᠯᠴᠠᠪᠠ᠃
ᠶᠡᠭᠡ ᠬᠤᠷᠠᠯ ᠤᠨ ᠲᠠᠯᠠᠪᠠᠢ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号