ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2022/1/12
 
  1 ᠰᠠᠷ᠎ᠠ ᠶᠢᠨ 6 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ︽ᠰᠣᠩᠭᠤᠭᠤᠯᠢ ᠶᠢᠨ ᠠᠷᠭ᠎ᠠ︾ ︵ᠲᠥᠰᠦᠯ︶ ᠪᠣᠯᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠡᠯ᠎ᠡ ᠲᠥᠷᠥᠯ ᠤᠨ ᠰᠢᠢᠳᠪᠦᠷᠢ ︵ᠲᠥᠰᠦᠯ ︶ ᠶᠢ ᠵᠥᠪᠳᠡᠨ ᠶᠠᠷᠢᠯᠴᠠᠪᠠ᠃     ᠮᠠ ᠱᠦ᠋ ᠶᠢᠦ᠂ ᠪᠥᠸᠧ ᡁᠢ ᠬᠤᠶ᠂ ᠯᠢ ᠵᠣᠣ ᠬᠤᠶ᠂ ᠦ᠋ ᠸᠧᠶ ᠳ᠋ᠦᠩ᠂  ᠭᠤᠸ᠎ᠠ ᠨᠠᠷ  ᠪᠠ ᠡᠯ᠎ᠡ ᠡᠲᠡᠭᠡᠳ ᠤᠨ ᠬᠢᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ ᠵᠥᠪᠳᠡᠯᠴᠡᠵᠦ᠂ ᠣᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠭᠡᠰᠢᠭᠦᠳ  ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠤᠯᠤᠰ ᠲᠦᠷᠦ ᠶᠢᠨ ᠵᠣᠭᠰᠣᠴᠠ ᠥᠨᠳᠥᠷ᠂ ᠤᠨᠤᠯ ᠤᠨ ᠰᠠᠭᠤᠷᠢ ᠭᠦᠨᠴᠡ ᠲᠠᠢ᠂ ᠥᠩᠭᠡᠷᠡᠭᠰᠡᠨ ᠳᠦᠷᠪᠡᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠ ᠪᠣᠭᠤᠮᠢ ᠶᠢ ᠪᠤᠰᠤᠳᠴᠢ ᠪᠠᠷ ᠵᠠᠳᠠᠯᠵᠤ᠂ ᠢᠷᠡᠭᠡᠳᠦᠢ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠲᠡᠮᠡᠴᠡᠬᠦ ᠬᠠᠷᠠᠯᠲᠠ ᠶᠢ ᠲᠣᠳᠣᠷᠬᠠᠢ ᠳᠤᠷᠠᠳᠴᠤ᠂ ᠰᠡᠳᠬᠢᠴᠡ ᠲᠣᠳᠣᠷᠬᠠᠢ᠂ ᠭᠤᠣᠯᠳᠠᠯᠭ᠎ᠠ ᠳᠣᠪᠤᠶᠢᠮ᠎ᠠ ᠪᠠᠶᠢᠵᠤ᠂ ᠬᠥᠮᠦᠰ ᠤᠨ ᠰᠡᠳᠬᠢᠯ ᠢ ᠬᠥᠭᠵᠢᠭᠡᠵᠦ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠢᠯᠡᠳᠬᠡᠯ ᠪᠣᠯᠤᠭᠰᠠᠨ ᠪᠠᠶᠢᠨ᠎ᠠ᠃ ᠣᠯᠠᠨ ᠢᠶᠠᠷ ᠢᠶᠠᠨ ᠡᠭᠦᠷᠭᠡ ᠬᠠᠷᠢᠭᠤᠴᠠᠯᠭ᠎ᠠ ᠬᠦᠨᠳᠦ᠂ ᠥᠩᠭᠡ ᠭᠡᠷᠡᠯᠲᠡᠢ ᠭᠡᠳᠡᠭ ᠢ ᠭᠦᠨᠵᠡᠭᠡᠢ ᠮᠡᠳᠡᠷᠡᠵᠦ᠂ ᠰᠤᠷᠤᠯᠴᠠᠯᠭ᠎ᠠ ᠪᠠᠨ ᠴᠢᠩᠭᠠᠳᠬᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠢᠳᠡᠪᠬᠢᠲᠡᠢ ᠪᠠᠷ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠬᠤᠰᠢᠭᠤ ᠨᠠᠮ ᠤᠨ ᠬᠤᠷᠢᠶ᠎ᠠ ᠪᠠ ᠬᠤᠰᠢᠭᠤ ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠤᠨ᠎ᠠ ᠭᠡᠵᠦ ᠢᠯᠡᠳᠬᠡᠵᠡᠭᠡᠪᠡ᠃       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠸᠠᠩ ᠵᠢᠶᠠᠨ
      ᠢᠷᠡᠭᠡᠳᠦᠶ ᠶᠢᠨ ᠲᠠᠪᠤᠨ ᠵᠢᠯ ᠳᠤ᠂ ᠢᠯᠠᠩᠭᠤᠶ᠎ᠠ 2022 ᠣᠨ ᠤ ᠭᠤᠤᠯᠳᠠᠯᠭ᠎ᠠ ᠲᠠᠢ ᠠᠵᠢᠯ ᠤᠨ ᠳᠤᠮᠳᠠ ᠬᠤᠲᠠ ᠶᠢᠨ ᠰᠠᠭᠤᠷᠢ ᠲᠥᠬᠦᠭᠡᠷᠦᠮᠵᠢ ᠶᠢ ᠪᠥᠬᠦ ᠬᠦᠴᠦᠨ ᠢᠶᠠᠷ ᠳᠡᠭᠡᠭᠰᠢᠯᠡᠭᠦᠯᠬᠦ᠂ ᠰᠢᠨ᠎ᠡ ᠬᠠᠭᠤᠴᠢᠨ ᠬᠤᠲᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢ ᠳᠤᠷᠠᠳᠤᠨ ᠭᠠᠷᠭᠠᠵᠠᠶ᠂ ᠡᠨᠡ ᠪᠣᠯ ᠴᠥᠮ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠠᠩᠬᠠᠷᠤᠯ ᠲᠠᠯᠪᠢᠵᠤ ᠪᠠᠶᠢᠭ᠎ᠠ ᠭᠤᠤᠯᠳᠠᠯᠭ᠎ᠠ ᠮᠥᠨ ᠪᠥᠭᠡᠳ ᠲᠤᠰᠤᠯᠲᠠ ᠨᠢ ᠴᠦ ᠮᠠᠰᠢ ᠪᠣᠳᠠᠲᠠᠶ ᠶᠤᠮ᠃ ᠡᠭᠦᠨ ᠤ ᠬᠠᠮᠲᠤ ᠪᠠᠰᠠ ︽ᠬᠥᠮᠦᠨ ᠪᠠ ᠮᠡᠷᠭᠡᠵᠢᠯ ᠢ ᠤᠶᠠᠯᠳᠤᠭᠤᠯᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ︾ ᠶᠢ ᠳᠤᠷᠠᠳᠴᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠳᠤ ᠮᠠᠰᠢ ᠶᠡᠭᠡ ᠳᠡᠭᠡᠭᠰᠢᠯᠡᠯᠲᠡ ᠲᠠᠢ ᠪᠣᠯᠭᠠᠵᠠᠶ᠃ ᠡᠭᠦᠨ ᠠᠴᠠ ᠭᠠᠳᠠᠨ᠎ᠠ ᠨᠠᠰᠤᠨ ᠳᠤ ᠥᠯᠥ ᠭᠦᠷᠦᠭᠰᠡᠳ ᠤᠨ ᠵᠠᠰᠠᠭ ᠨᠡᠶᠢᠭᠡᠮ ᠬᠡᠷ ᠰᠤᠷᠭᠠᠭᠤᠯᠢ ︽ᠳᠥᠷᠪᠡ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠪᠠᠶᠢᠭᠤᠯᠤᠯ ᠢ ᠪᠠᠶᠢᠭᠤᠯᠵᠤ᠂ ᠨᠡᠶᠢᠭᠡᠮ ᠳᠠᠶᠠᠭᠠᠷ ᠢ ᠳᠠᠶᠢᠴᠢᠯᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠷᠡᠰ ᠬᠤᠷᠢᠭᠯᠠᠵᠤ᠂ ᠬᠡᠷ ᠤᠨ ᠠᠬᠠᠮᠠᠳ ᠢ ᠬᠢᠨᠠᠨ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ  ᠭᠦᠢᠴᠡᠳᠬᠡᠬᠦ ᠶᠢ ᠬᠢᠨᠠᠨ ᠵᠢᠯᠣᠭᠤᠳᠴᠤ᠂ ᠬᠤᠶᠢᠰᠢᠳᠠ ᠬᠡᠦᠬᠡᠳ ᠢ ᠦᠨᠡᠨ ᠬᠦ ᠨᠡᠶᠢᠭᠡᠮ ᠳᠤ ᠠᠭᠤᠰᠬᠠᠨ ᠣᠷᠣᠭᠤᠯᠵᠤ᠂ ᠨᠡᠶᠢᠭᠡᠮ ᠳᠤ ᠬᠤᠪᠢ ᠨᠡᠮᠡᠷᠢ  ᠦᠵᠡᠭᠦᠯᠬᠦ ᠪᠤᠯᠭᠠᠨ᠎ᠠ᠃ ᠶᠡᠷᠦᠩᠬᠡᠶᠢᠯᠡᠭᠡᠳ ᠬᠡᠯᠡᠪᠡᠯ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠤᠪᠤᠶᠢᠮ᠎ᠠ᠂ ᠰᠡᠳᠬᠢᠴᠡ ᠲᠣᠳᠣᠷᠬᠠᠢ᠂ ᠦᠨᠡᠨ ᠠᠴᠠ ᠵᠥᠪ ᠢ ᠡᠷᠢᠬᠦ᠂ ᠡᠵᠡᠮᠳᠡᠬᠦ ᠬᠥᠭᠵᠢᠯᠲᠡ ᠶᠢᠨ ᠴᠢᠭᠯᠡᠯ ᠴᠦ ᠲᠦᠢᠯ ᠤᠨ ᠣᠨᠣᠪᠴᠢᠲᠠᠢ ᠶᠤᠮ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号