| 1 ᠰᠠᠷ᠎ᠠ ᠶᠢᠨ 6 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ | ᠯᠢᠨᠳᠦ᠋ᠩ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ | ᠣᠷᠣᠯᠴᠠᠵᠤ᠂ ᠲᠥᠯᠥᠭᠡᠯᠡᠭᠴᠢᠳ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ᠂ ᠥᠪᠡᠷ ᠤᠨ | ᠠᠵᠢᠯ ᠲᠠᠢ ᠪᠠᠨ ᠤᠶᠠᠯᠳᠤᠭᠤᠯᠤᠨ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠬᠥᠭᠵᠢᠯᠲᠡ ᠶᠢᠨ | ᠰᠠᠨᠠᠭᠤᠯᠭ᠎ᠠ ᠳᠤᠷᠠᠳᠪᠠ᠃ ᠷᠧᠨ ᠰᠢ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠤᠯᠠᠨ ᠲᠠᠢ | ᠶᠠᠷᠢᠯᠴᠠᠵᠤ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ | ᠰᠣᠯᠢᠯᠴᠠᠪᠠ᠃ | | ᠬᠤᠶᠢᠰᠢᠳᠠ ᠶᠢᠨ ᠲᠠᠪᠤᠨ ᠵᠢᠯ ᠪᠣᠯᠤᠨ 2022 ᠣᠨ ᠤ ᠠᠵᠢᠯ ᠤᠨ ᠲᠤᠬᠠᠶ ᠷᠧᠨ ᠰᠢ᠂ ᠣᠳᠣᠬᠠᠨ ᠤ | ᠪᠠᠶᠢᠳᠠᠯ ᠳᠤ ᠰᠠᠭᠤᠷᠢᠯᠠᠨ ᠠᠯᠤᠰ ᠬᠡᠲᠦ ᠶᠢ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠲᠣᠭᠲᠠᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠷᠬᠡᠪᠰᠢ ᠠᠮᠢ | ᠠᠬᠤᠢ ᠶᠢᠨ ᠣᠷᠴᠢᠨ ᠨᠥᠬᠦᠴᠡᠯ ᠢ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠶᠡᠭᠡ ᠪᠤᠳᠤᠯᠭ᠎ᠠ ᠪᠣᠯᠭᠠᠨ | ᠠᠳᠬᠤᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ ᠢᠮᠠᠭᠲᠠ ᠳᠡᠶᠢᠯᠦᠩᠭᠦᠢ ᠪᠠᠶᠢᠷᠢᠨ ᠳᠤ | ᠲᠠᠯᠪᠢᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠬᠦ ᠬᠡᠷᠡᠭᠲᠡᠢ᠃ ᠡᠷᠬᠡᠪᠰᠢ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠠᠵᠤ | ᠦᠢᠯᠡᠰ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠡᠯ᠎ᠡ ᠭᠠᠴᠠᠭ᠎ᠠ ᠲᠣᠰᠬᠤᠨ | ᠡᠷᠬᠡᠪᠰᠢ ᠭᠠᠵᠠᠷ ᠰᠢᠷᠣᠶ ᠶᠢ ᠲᠣᠰᠬᠤᠨ ᠤ ᠬᠠᠮᠲᠤ ᠨᠡᠶᠢᠲᠡ ᠳᠤ ᠲᠥᠪᠯᠡᠷᠡᠭᠦᠯᠵᠦ᠂ ᠲᠠᠷᠢᠮᠠᠯ ᠲᠡᠵᠢᠭᠡᠪᠦᠷᠢ ᠶᠢᠨ | ᠦᠢᠯᠡᠰ ᠤᠨ ᠲᠥᠷᠥᠯ ᠵᠦᠢᠯ᠂ ᠬᠡᠪᠴᠢᠶ᠎ᠡ᠂ ᠪᠠᠶᠢᠷᠢᠰᠢᠭᠤᠯᠤᠯᠲᠠ᠂ ᠠᠷᠭ᠎ᠠ ᠬᠡᠯᠪᠡᠷᠢ ᠵᠡᠷᠭᠡ ᠶᠢ ᠭᠦᠨᠵᠡᠭᠡᠶ | ᠰᠤᠳᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠬᠥᠲᠥᠯᠥᠨ ᠳᠠᠭᠠᠭᠤᠯᠬᠤ᠂ ᠣᠯᠠᠨ | ᠲᠦᠮᠡᠨ ᠤ ᠭᠠᠵᠠᠷ ᠰᠢᠷᠣᠶ ᠪᠠᠷ ᠬᠤᠪᠢ ᠣᠷᠣᠭᠤᠯᠬᠤ᠂ ᠬᠤᠷᠰᠢᠶ᠎ᠠ ᠪᠠᠶᠢᠭᠤᠯᠬᠤ ᠵᠠᠭᠪᠤᠷ ᠢᠶᠠᠷ ᠳᠠᠮᠵᠢᠭᠤᠯᠤᠨ᠂ | ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠠᠷᠠᠳ ᠣᠯᠠᠨ ᠤ ᠬᠠᠮᠲᠤ ᠪᠠᠷ ᠪᠠᠶᠠᠵᠢᠬᠤ ᠶᠢ | ᠳᠠᠶᠢᠴᠢᠯᠠᠬᠤ ᠬᠡᠷᠡᠭᠲᠡᠶ᠃ ᠡᠷᠬᠡᠪᠰᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠶ᠃ ᠪᠦᠬᠦ ᠬᠤᠰᠢᠭᠤ ᠪᠠᠷ ᠢᠶᠠᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠣᠳᠣᠬᠠᠨ ᠤ ᠠᠵᠤ ᠠᠬᠤᠢ ᠶᠢᠨ ᠠᠵᠢᠯ ᠤᠨ ᠭᠤᠣᠯ ᠭᠠᠷᠳᠠᠴᠠ ᠪᠣᠯᠭᠠᠵᠤ᠂ ᠨᠡᠩ | ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠷᠬᠡᠪᠰᠢ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠤᠷᠢᠳᠠᠴᠢ | ᠨᠦᠬᠦᠴᠡᠯ ᠪᠣᠯᠭᠠᠵᠤ᠂ ᠡᠷᠬᠡ ᠲᠡᠭᠰᠢ ᠲᠥᠪ ᠭᠤᠣᠯᠴᠢ᠂ ᠥᠨᠳᠥᠷ ᠪᠦᠲᠦᠮᠵᠢᠲᠡᠢ ᠳᠥᠭᠦᠮ ᠳᠥᠲᠡ | ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠦᠢᠯᠡᠴᠢᠯᠡᠭᠡᠨ ᠤ ᠲᠦᠪᠰᠢᠨ ᠢᠶᠠᠨ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ | ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ︽ᠳᠠᠭᠤᠳᠠᠪᠠᠯ ᠵᠠᠪᠠᠯ ᠴᠤᠤᠷᠢᠶᠠᠲᠤᠬᠤ᠂ ᠤᠴᠢᠷ ᠦᠭᠡᠢ ᠪᠣᠯ | ᠦᠯᠦ ᠬᠠᠷᠰᠢᠯᠠᠬᠤ︾ ᠤᠬᠠᠮᠰᠠᠷ ᠢ ᠪᠤᠢ ᠪᠣᠯᠭᠠᠵᠤ᠂ ᠠᠵᠤ ᠠᠬᠤᠶᠢᠯᠠᠯ ᠳᠤ ᠨᠢᠭᠡ ᠦᠷᠳᠡᠭᠡᠴᠢᠯᠡᠭᠰᠡᠨ | ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠡᠷᠬᠡᠪᠰᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢᠨ | ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠨᠡᠩ ᠰᠠᠶᠢᠲᠤᠷ ᠡᠳ᠋ᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ ᠵᠡᠷᠭᠡ ᠲᠠᠯ᠎ᠠ ᠶᠢᠨ ᠦᠢᠯᠡᠴᠢᠯᠡᠭᠡᠨ ᠢ ᠨᠡᠩ ᠢᠯᠡᠭᠦᠦ ᠠᠩᠬᠠᠷᠴᠤ᠂ ᠵᠠᠪᠠᠯ ᠪᠣᠳᠠᠲᠤ ᠶᠠᠪᠤᠳᠠᠯ ᠢ ᠪᠣᠳᠠᠲᠠᠢ | ᠬᠢᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ | ᠷᠧᠨ ᠰᠢ ᠴᠢᠬᠤᠯᠠᠴᠢᠯᠠᠬᠰᠠᠨ ᠨᠢ ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠶᠡᠭᠡ | ᠬᠠᠨᠳᠤᠰᠢ ᠶᠢ ᠣᠨᠣᠪᠴᠢᠲᠠᠢ ᠡᠵᠡᠮᠳᠡᠵᠦ᠂ ︽ᠲᠣᠭᠲᠠᠭᠤᠨ︾ ᠤ ᠰᠠᠭᠤᠷᠢᠨ ᠳᠡᠭᠡᠷ᠎ᠡ ᠤᠷᠤᠭᠰᠢᠯᠠᠨ ᠳᠠᠪᠰᠢᠬᠤ ᠪᠠ | ᠰᠢᠪᠲᠤᠯᠤᠯᠲᠠ ᠭᠠᠷᠭᠠᠬᠤ ᠶᠢ ᠡᠷᠢᠯᠬᠢᠯᠡᠬᠦ ᠬᠡᠷᠡᠭᠲᠡᠢ᠃ 2022 ᠣᠨ ᠤ ᠠᠵᠤ ᠠᠬᠤᠢ ᠶᠢᠨ ᠠᠵᠢᠯ ᠢ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ︽ | ᠲᠣᠭᠲᠠᠭᠤᠨ ᠪᠠᠶᠢᠯᠭᠠᠬᠤ︾ ᠦᠭᠡᠢ ᠪᠣᠯ ︽ᠤᠷᠤᠭᠰᠢᠯᠠᠬᠤ︾ ᠦᠭᠡᠢ ᠪᠠᠶᠢᠵᠤ᠂ ᠠᠵᠤ ᠠᠬᠤᠢ ᠶᠢᠨ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ ᠬᠢᠬᠦ ᠶᠢᠨ ᠬᠠᠮᠲᠤ᠂ ᠠᠵᠤ | ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ | ᠪᠥᠬᠦ ᠵᠢᠯ ᠳᠤ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠨ᠎ᠠ᠃ ᠠᠵᠤ ᠠᠬᠤᠶ ᠶᠢᠨ ᠡᠷᠭᠢᠯᠲᠡ ᠶᠢᠨ ᠵᠠᠳᠠᠯᠤᠯᠲᠠ | ᠮᠠᠭᠠᠳᠯᠠᠯᠲᠠ ᠶᠢ ᠴᠢᠩᠭᠠᠳᠬᠠᠵᠤ᠂ ᠢᠯᠠᠩᠭᠤᠶ᠎ᠠ ᠲᠥᠷᠥ ᠶᠢᠨ ᠪᠣᠳᠣᠯᠭ᠎ᠠ ᠶᠢ ᠠᠳᠬᠤᠵᠤ᠂ ᠲᠥᠷᠥᠯ ᠵᠦᠢᠯ ᠤᠨ | ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠵᠦ᠂ ᠨᠢᠭᠡ | ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ᠂ ᠲᠣᠭᠲᠠᠭᠤᠨ ᠲᠥᠷᠥᠯ ᠵᠦᠢᠯ ᠢ ᠥᠨᠳᠥᠷ | ᠪᠠᠷᠢᠮᠵᠢᠶ᠎ᠠ ᠪᠠᠷ ᠲᠥᠯᠥᠪᠵᠢᠭᠦᠯᠬᠦ ᠬᠡᠷᠡᠭᠲᠡᠶ᠃ ᠢᠯᠠᠩᠭᠤᠶ᠎ᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ | ᠭᠦᠢᠴᠡᠳᠬᠡᠬᠦ ᠶᠢ ᠴᠢᠩᠭᠠᠳᠬᠠᠵᠤ᠂ 46 ᠲᠥᠷᠥᠯ ᠵᠦᠢᠯ ᠤᠨ 2022 ᠣᠨ ᠤ 4 ᠳ᠋ᠦ᠋ᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠠᠷᠳᠠᠮ ᠭᠦᠢᠴᠡᠳᠬᠡᠬᠦ ᠶᠢ ᠪᠠᠲᠤᠯᠠᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠬᠦ | ᠬᠡᠷᠡᠭᠲᠡᠶ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠪᠣᠯᠤᠨ ᠦᠢᠯᠡᠳᠬᠦᠨ ᠤ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠬᠡᠷᠡᠭᠲᠡᠶ᠂ | ᠶᠡᠷᠦᠩᠬᠡᠶ ᠱᠦᠵᠢ ᠰᠢ ᠶᠢᠨ ᠫᠢᠩ ︽ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ᠂ ᠦᠨᠡᠨ ᠬᠦ ᠦᠷ᠎ᠡ ᠪᠦᠲᠦᠮᠵᠢ ᠤᠯᠬᠤ ᠬᠡᠷᠡᠭᠲᠡᠶ︾ ᠭᠡᠵᠦ ᠣᠨᠴᠠᠭᠠᠶᠢᠯᠠᠨ ᠴᠢᠬᠤᠯᠠᠴᠢᠯᠠᠭᠰᠠᠨ | ᠶᠤᠮ᠂ ᠮᠠᠨ ᠤ ᠬᠤᠰᠢᠭᠤᠨ ᠤ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ 11 ᠳ᠋ᠦᠩᠰᠢᠭᠤᠷ ᠵᠢᠩ | ᠣᠷᠴᠢᠮ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠢᠯ ᠳᠤ ᠶᠠᠭᠠᠬᠢᠭᠰᠠᠨ ᠴᠤ ᠠᠰᠠᠭᠤᠳᠠᠯ | ᠭᠠᠷᠭᠠᠵᠤ ᠪᠣᠯᠬᠤ ᠥᠬᠡᠶ᠂ ᠠᠮᠤ ᠪᠤᠳᠠᠭᠠᠨ ᠤ ᠤᠨᠠᠯᠲᠠ ᠶᠢ ᠶᠠᠭᠠᠬᠢᠭᠰᠠᠨ ᠴᠤ ᠪᠠᠭᠤᠷᠠᠭᠤᠯᠵᠤ ᠪᠣᠯᠬᠤ ᠥᠬᠡᠶ᠃ | ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠵᠤ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ | ᠬᠤᠷᠢᠭᠯᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ | ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠪᠠᠶᠢᠯᠳᠤᠬᠤ ᠪᠤᠳᠤᠯᠭ᠎ᠠ ᠶᠢ ᠦᠨᠡᠨ ᠬᠦ | ᠨᠠᠶᠢᠳᠠᠪᠤᠷᠢᠵᠢᠭᠤᠯᠬᠤ ᠬᠡᠷᠡᠭᠲᠡᠢ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠬᠠᠭᠤᠷᠠᠢ ᠪᠠᠷ ᠲᠠᠷᠢᠬᠤ ᠱᠠᠲᠤᠨ ᠲᠠᠷᠢᠶᠠᠨ ᠤ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠦᠨᠳᠦᠰᠦᠨ ᠠᠷᠠᠳ ᠤᠨ ᠠᠮᠢᠳᠤᠷᠠᠯ ᠢ | ᠲᠣᠭᠲᠠᠪᠤᠷᠢᠵᠢᠭᠤᠯᠵᠤ᠂ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠶ ᠲᠡᠮᠡᠴᠡᠨ | ᠣᠯᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠮᠠᠯ ᠠᠵᠤ ᠠᠬᠤᠶ ᠲᠠᠷᠢᠶᠠᠯᠠᠩ ᠵᠡᠷᠭᠡ ᠰᠠᠭᠤᠷᠢ | ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠦᠷᠭᠡᠨ ᠬᠡᠷᠡᠭᠵᠢᠭᠦᠯᠬᠦ ᠬᠡᠷᠡᠭᠲᠡᠶ᠃ ︽ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ︾ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠬᠤ ᠠᠵᠠ | ᠲᠣᠬᠢᠶᠠᠯ ᠢ ᠢᠳᠡᠪᠬᠢᠲᠡᠢ ᠡᠭᠦᠳᠴᠦ᠂ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠠᠵᠢᠯ ᠤᠨ ᠪᠠᠶᠢᠷᠢ ᠶᠢᠨ ᠪᠣᠯᠪᠠᠰᠤᠷᠠᠯ ᠢ ᠨᠠᠷᠢᠨ ᠬᠢᠨᠠᠮᠠᠭᠠᠢ ᠥᠷᠨᠢᠭᠦᠯᠵᠦ᠂ ᠠᠵᠢᠯᠯᠠᠭᠰᠠᠳ ᠤᠨ | ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠠᠶᠢᠭᠤᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯ ᠲᠠᠢ ᠬᠥᠮᠦᠰ ᠪᠠ ᠵᠡᠮᠳᠡᠭᠴᠦᠳ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠨᠡᠶᠢᠭᠡᠮ ᠬᠡᠷ ᠰᠤᠷᠭᠠᠭᠤᠯᠢ ︽ᠳᠥᠷᠪᠡ ᠶᠢ ᠨᠢᠭᠡ | ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠷᠡᠭᠦᠯ ᠡᠩᠬᠡ | ᠵᠡᠭᠦᠨ ᠬᠤᠰᠢᠭᠤᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠡᠭᠦᠨ ᠬᠤᠰᠢᠭᠤ ᠶᠢ ᠣᠷᠣᠨ ᠪᠦᠰᠡᠴᠢᠯᠡᠭᠰᠡᠨ | ᠡᠷᠡᠭᠦᠯᠵᠢᠯ ᠤᠨ ᠲᠥᠪ ᠪᠣᠯᠭᠠᠨ ᠪᠠᠶᠢᠭᠤᠯᠵᠤ ᠪᠣᠯᠤᠨ᠎ᠠ᠃ ᠨᠡᠶᠢᠭᠡᠮ ᠤᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ᠂ ᠢᠯᠠᠩᠭᠤᠶ᠎ᠠ ᠴᠠᠭᠠᠨ ᠰᠠᠷ᠎ᠠ ᠶᠢᠨ | ᠬᠤᠭᠤᠴᠠᠭᠠᠨ ᠳᠤ ᠨᠤᠲᠤᠭ ᠲᠠᠭᠠᠨ ᠪᠤᠴᠠᠬᠤ ᠬᠥᠮᠦᠰ ᠣᠯᠠᠰᠢᠷᠠᠬᠤ ᠶᠢ ᠭᠦᠨᠵᠡᠭᠡᠢ ᠲᠠᠨᠢᠬᠤ ᠳᠤ ᠡᠷᠬᠡᠪᠰᠢ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠨᠤᠲᠤᠭ ᠲᠠᠭᠠᠨ ᠪᠤᠴᠠᠭᠰᠠᠨ ᠬᠥᠮᠦᠰ ᠯᠦᠭᠡ ᠢᠳᠡᠪᠬᠢᠲᠡᠶ ᠬᠠᠷᠢᠯᠴᠠᠵᠤ᠂ ᠲᠡᠳᠡᠨ ᠤ ᠣᠶᠢᠷ᠎ᠠ ᠬᠠᠪᠢ ᠳᠠᠭᠠᠨ | ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠵᠣᠷᠢᠭᠵᠢᠭᠤᠯᠬᠤ ᠬᠡᠷᠡᠭᠲᠡᠶ᠃ ᠠᠮᠤᠷ ᠠᠮᠤᠭᠤᠯᠠᠩ ᠵᠡᠭᠦᠨ ᠬᠤᠰᠢᠭᠤᠨ ᠤ | ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠥᠷᠢᠴᠡᠯ ᠢ | ᠠᠷᠢᠯᠭᠠᠬᠤ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠠᠢ᠃ | ᠷᠧᠨ ᠰᠢ ᠠᠴᠠ᠂ ᠭᠤᠣᠯᠳᠠᠯᠭ᠎ᠠ ᠶᠢᠨ ᠲᠣᠭᠤᠷᠢᠨ ᠳᠤ ᠬᠠᠷᠠᠯᠲᠠ ᠲᠠᠢ ᠪᠠᠷ ᠬᠦᠴᠦᠯᠡᠵᠦ᠂ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠦᠬᠦ | ᠲᠠᠯ᠎ᠠ ᠪᠠᠷ ᠪᠠᠬᠢᠵᠢᠭᠦᠯᠵᠦ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠳᠠᠷᠤᠢ ᠲᠦᠷᠭᠡᠨ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ | ᠲᠥᠪᠯᠡᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠬᠦ ᠬᠡᠷᠡᠭᠲᠡᠢ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠢᠯᠠᠩᠭᠤᠶ᠎ᠠ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠠᠮᠤᠷ | ᠲᠦᠪᠰᠢᠨ ᠤᠤᠭᠤᠬᠤ ᠤᠰᠤ᠂ ᠰᠤᠷᠤᠯᠭ᠎ᠠ ᠠᠯᠳᠠᠭᠰᠠᠨ ᠬᠡᠦᠬᠡᠳ ᠢ ᠬᠠᠮᠢᠶᠠᠷᠤᠨ ᠡᠵᠡᠮᠳᠡᠬᠦ ᠵᠡᠷᠭᠡ ᠶᠢ ᠡᠷᠲᠡ | ᠢᠯᠡᠷᠡᠭᠦᠯᠵᠦ᠂ ᠡᠷᠲᠡ ᠬᠠᠪᠰᠤᠷᠤᠨ ᠲᠡᠳᠬᠦᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠭᠤᠣᠯᠳᠠᠯᠭ᠎ᠠ ᠶᠢ ᠠᠳᠬᠤᠵᠤ᠂᠂ ᠨᠢᠭᠡ ᠲᠠᠯ᠎ᠠ ᠪᠠᠷ ᠠᠵᠤ ᠦᠢᠯᠡᠰ ᠤᠨ | ᠬᠥᠭᠵᠢᠯᠲᠡ ᠶᠢ ᠰᠠᠶᠢᠲᠤᠷ ᠬᠥᠲᠥᠯᠥᠨ ᠳᠠᠭᠠᠭᠤᠯᠵᠤ᠂ ᠨᠥᠭᠦᠭᠡ ᠲᠠᠯ᠎ᠠ ᠪᠠᠷ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠰᠠᠶᠢᠲᠤᠷ ᠬᠥᠲᠥᠯᠥᠨ ᠳᠠᠭᠠᠭᠤᠯᠤᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠪᠠᠷ᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ ᠢ ᠶᠡᠭᠡ ᠪᠠᠷ ᠬᠥᠭᠵᠢᠭᠦᠯᠵᠦ᠂ ︽ᠪᠠᠭ᠎ᠠ | ᠬᠡᠪᠴᠢᠶ᠎ᠡ ᠲᠠᠢ︾ ︽ᠲᠣᠮᠣ ᠬᠠᠮᠲᠤᠯᠢᠭ︾ ᠤᠨ ᠬᠡᠪᠴᠢᠶᠡᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠵᠤ | ᠦᠢᠯᠡᠰ ᠤᠨ ᠬᠥᠭᠵᠢᠯᠲᠡ ᠪᠠᠷ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠶ᠃ ᠲᠥᠬᠦᠭᠡᠷᠦᠮᠵᠢᠲᠦ | ᠲᠠᠷᠢᠶᠠᠯᠠᠩ ᠤᠨ ᠲᠠᠯ᠎ᠠ ᠪᠠᠷ᠂ ᠬᠦᠢᠳᠡᠨ ᠰᠠᠷᠠᠪᠴᠢ ᠶᠢ ᠰᠠᠶᠢᠲᠤᠷ ᠪᠥᠲᠥᠭᠡᠨ ᠪᠠᠶᠢᠭᠤᠯᠬᠤ ᠶᠢᠨ ᠬᠠᠮᠲᠤ ᠳᠤᠯᠠᠭᠠᠨ | ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠰᠠᠶᠢᠲᠤᠷ ᠬᠢᠵᠦ᠂ ᠯᠢᠨᠳᠦ᠋ᠩ ᠪᠠᠯᠭᠠᠰᠤ ᠶᠢᠨ ᠵᠠᠮ | ᠬᠠᠷᠢᠯᠴᠠᠭ᠎ᠠ ᠲᠥᠬᠦᠮ ᠵᠡᠷᠭᠡ ᠳᠠᠪᠠᠭᠤᠯᠢᠭ ᠢᠶᠠᠨ ᠠᠰᠢᠭᠯᠠᠨ᠂ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ | ᠭᠤᠤᠯᠳᠠᠯᠭ᠎ᠠ ᠲᠠᠢ ᠰᠤᠳᠤᠯᠵᠤ ᠪᠣᠯᠤᠨ᠎ᠠ᠃ ᠭᠤᠷᠪᠠ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ | ᠣᠳᠣᠬᠢᠴᠢᠯᠠᠯᠲᠠ ᠶᠢᠨ ᠪᠦᠲᠦᠮᠵᠢᠲᠡᠢ ᠵᠠᠭᠪᠤᠷ ᠢ ᠨᠠᠷᠢᠨ ᠬᠢᠨᠠᠮᠠᠭᠠᠢ ᠰᠤᠳᠤᠯᠵᠤ᠂ ᠨᠠᠮ ᠤᠨ ᠪᠠᠶᠢᠭᠤᠯᠤᠯᠲᠠ ᠪᠠᠷ | ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ︽ᠲᠣᠣᠷᠵᠢᠭᠤᠯᠤᠯᠲᠠ + ᠮᠡᠳᠡᠭᠡ ᠵᠠᠩᠭᠢᠵᠢᠯᠲᠠ︾ ᠶᠢᠨ | ᠵᠠᠰᠠᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠣᠰᠣ ᠰᠤᠷᠲᠠᠬᠤᠨ ᠢᠶᠠᠷ ᠵᠠᠰᠠᠬᠤ᠂ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠪᠠᠷ | ᠲᠤᠯᠭᠠᠭᠤᠷᠢᠯᠠᠬᠤ᠂ ᠣᠨᠣᠪᠴᠢᠲᠠᠢ ᠦᠢᠯᠡᠴᠢᠯᠡᠭᠡ ᠬᠠᠩᠭᠠᠬᠤ ᠶᠢ ᠪᠡᠶᠡᠯᠡᠭᠦᠯᠬᠦ ᠬᠡᠷᠡᠭᠲᠡᠢ᠃ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠭᠤᠸᠠᠵᠢᠭᠤᠯᠬᠤ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠣᠷᠯᠣᠩ ᠤᠨ | ᠬᠤᠪᠢᠰᠬᠠᠯ ᠢ ᠠᠬᠢᠭᠤᠯᠬᠤ ᠬᠡᠷᠡᠭᠲᠡᠢ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠪᠣᠯᠪᠠᠰᠤᠨ ᠨᠤᠲᠤᠭ ᠤᠨ ᠰᠤᠷᠲᠠᠯ᠂ | ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠬᠤ ᠶᠢ ᠬᠦᠳᠦᠯᠦᠨ | ᠵᠢᠯᠣᠭᠤᠳᠬᠤ ᠬᠡᠷᠡᠭᠲᠡᠢ ᠭᠡᠵᠠᠢ᠃ | ᠲᠥᠯᠥᠭᠡᠯᠡᠭᠴᠢᠳ ᠠᠴᠠ᠂ 2022 ᠤᠨ ᠪᠣᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠴᠢᠬᠤᠯᠠ ᠨᠢᠭᠡ | ᠵᠢᠯ ᠪᠣᠯᠤᠨ᠎ᠠ᠂ ᠪᠢᠳᠡ ᠡᠷᠬᠡᠪᠰᠢ ᠰᠢᠨ᠎ᠡ ᠱᠠᠲᠤ ᠦᠶ᠎ᠡ ᠶᠢ ᠡᠵᠡᠮᠳᠡᠵᠦ᠂ ᠰᠢᠨ᠎ᠡ ᠣᠶᠢᠯᠠᠭᠠᠭᠳᠠᠬᠤᠨ ᠢ | ᠲᠤᠤᠱᠯᠠᠭᠤᠯᠵᠤ᠂ ᠰᠢᠨ᠎ᠡ ᠪᠠᠶᠢᠷᠢᠰᠢᠯ ᠳᠤ ᠠᠭᠤᠰᠤᠯᠴᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ | ᠪᠠᠷᠢᠮᠲᠠᠯᠠᠨ᠂ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ | ᠭᠡᠵᠦ ᠢᠯᠡᠳᠬᠡᠵᠡᠭᠡᠪᠡ᠃ |