ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2022/1/12
    ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠵᠤ᠂ 1 ᠰᠠᠷ᠎ᠠ ᠶᠢᠨ 7 ᠤ ᠦᠳᠡ ᠶᠢᠨ ᠬᠤᠶᠢᠨ᠎ᠠ ᠠᠮᠵᠢᠯᠲᠠ ᠲᠠᠢ ᠲᠡᠭᠦᠰᠪᠡ᠃     ᠷᠧᠨ ᠰᠢ᠂ ᠴᠢᠨ ᠬᠤᠸᠠᠢ ᠳ᠋ᠦᠩ᠂ ᠸᠠᠩ ᠴᠢᠩ ᠬᠤ᠋᠂ ᠱᠧᠨ ᡁᠢ ᠴᠢᠶᠠᠩ᠂ ᠮᠠ ᠱᠦ᠋ ᠶᠢᠦ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
    ᠶᠡᠭᠡ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠠᠩᠬᠠᠳᠤᠭᠠᠷ ᠬᠤᠷᠠᠯ ᠤᠨ ︽ᠰᠣᠩᠭᠤᠭᠤᠯᠢ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠨ᠂ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢ ᠰᠣᠩᠭᠤᠨ ᠭᠠᠷᠭᠠᠵᠤ᠂ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠤ ᠵᠢᠱᠢᠭᠳᠡᠭᠴᠢ ᠶᠢᠨ ᠨᠡᠷᠡᠰ ᠢ ᠲᠣᠭᠲᠠᠭᠠᠬᠤ ᠶᠢᠨ ᠬᠠᠮᠲᠤ ᠶᠡᠭᠡ ᠬᠤᠷᠠᠯ ᠳᠤ ᠳᠡᠪᠰᠢᠭᠦᠯᠵᠦ ᠪᠢᠯᠧᠲ ᠥᠭᠭᠦᠨ ᠰᠣᠩᠭᠤᠭᠤᠯᠪᠠ᠃
ᠮᠠ  ᠱᠦ᠋ ᠶᠢᠦ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠷᠢᠭᠦᠯᠡᠭᠴᠢ ᠪᠠᠷ ᠰᠣᠩᠭᠤᠭᠳᠠᠵᠤ᠂ ᠪᠥᠸᠧ ᡁᠢ ᠬᠤᠢ᠂ ᠯᠢ ᠴᠤᠤ ᠬᠤᠢ᠂ ᠡᠦ ᠸᠧᠢ ᠳ᠋ᠦᠩ᠂  ᠭᠤᠸ᠎ᠠ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠰᠦᠩ ᠴᠢᠩ ᠵᠢᠶᠦ᠋ᠨ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ᠃ ᠸᠠᠩ ᠬᠤᠸᠠᠨ ᠵᠡᠷᠭᠡ 29 ᠨᠥᠬᠦᠷ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ ᠲᠠᠷᠠᠭ᠎ᠠ ᠨᠢ᠂ ᠰᠢᠨ᠎ᠡ ᠪᠠᠷ ᠰᠣᠩᠭᠤᠭᠳᠠᠭᠰᠠᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠠ ᠪᠠᠶᠢᠩᠭᠤ ᠶᠢᠨ ᠭᠡᠰᠢᠭᠦᠳ ᠭᠡᠰᠢᠭᠦᠳ ᠲᠠᠢ ᠠᠭᠤᠯᠵᠠᠪᠠ᠃ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ / ᠳᠡᠳ᠋ ᠨᠠᠷᠢᠨ ᠪᠢᠴᠢᠭ ᠤᠨ ᠳᠠᠷᠤᠭ᠎ᠠ
   
     ᠶᠡᠭᠡ ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾᠂ ︽ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾᠂ ︽ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ ᠱᠦ᠋ ᠶᠢᠦ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠵᠦᠪᠯᠡᠯ ᠤᠨ ᠠᠩᠬᠠᠳᠤᠭᠠᠷ ᠬᠤᠷᠠᠯᠳᠤᠭᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠤᠳᠤᠷᠢᠳᠤᠯᠭ᠎ᠠ ᠳᠤᠤᠷ᠎ᠠ᠂ ᠪᠥᠬᠦ ᠭᠡᠰᠢᠭᠦᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠨᠢ ᠬᠥᠷ ᠬᠥᠭᠵᠢᠶᠡᠨᠲᠡᠶ᠂ ᠡᠶ᠎ᠡ ᠵᠣᠬᠢᠴᠠᠩᠭᠤᠶ᠂ ᠡᠶ᠎ᠡ ᠨᠠᠶᠢᠷᠲᠠᠶ ᠠᠭᠤᠷ ᠠᠮᠢᠰᠬᠤᠯ ᠢᠶᠠᠷ ᠪᠢᠯᠬᠠᠵᠤ᠂ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠡᠭᠡ ᠬᠤᠷᠠᠯ ᠪᠣᠯᠵᠣ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠪᠠ ᠤᠯᠤᠰ ᠲᠥᠷᠥ ᠶᠢᠨ ᠵᠥᠪᠯᠡᠯᠭᠡᠨ ᠤ  ᠦᠢᠯᠡᠰ ᠤᠨ ᠳᠠᠷᠪᠠᠭᠤᠯ ᠬᠡᠶᠢᠰᠬᠡᠨ ᠠᠯᠤᠰ ᠲᠤ ᠠᠶᠠᠯᠠᠬᠤ ᠶᠢ ᠬᠠᠮᠲᠤ ᠪᠠᠷ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
      ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠶ ᠮᠠ ᠱᠦ᠋ ᠶᠢᠦ ᠴᠢᠬᠤᠯᠠᠴᠢᠯᠠᠭᠰᠠᠨ ᠨᠢ᠂ ᠨᠢᠭᠡ ᠰᠡᠳᠬᠢᠯ ᠨᠢᠭᠡ ᠴᠢᠭᠯᠡᠯ ᠢ ᠪᠠᠷᠢᠮᠲᠠᠯᠠᠵᠤ᠂ ᠤᠯᠤᠰ ᠲᠥᠷᠥ ᠶᠢᠨ ᠪᠠᠶᠢᠭᠤᠯᠤᠯᠲᠠ ᠶᠢᠨ ︽ᠵᠦᠭᠯᠡᠭᠦᠷ︾ ᠢ ᠣᠨᠣᠪᠴᠢᠲᠠᠶ ᠰᠢᠯᠭᠠᠬᠤ ᠬᠡᠷᠡᠭᠲᠡᠶ᠃ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ  ᠂ ᠡᠷᠬᠡᠪᠰᠢ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠡᠷᠬᠡᠪᠰᠢ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠬᠤ ᠬᠡᠷᠡᠭᠲᠡᠢ᠃ ᠢᠮᠠᠭᠲᠠ ᠨᠠᠮ ᠤᠨ ᠤᠳᠤᠷᠢᠳᠤᠯᠭ᠎ᠠ ᠶᠢ ᠭᠤᠣᠯ ᠲᠦᠰᠢᠭ ᠪᠣᠯᠭᠠᠵᠤ᠂ ᠠᠷᠠᠳ ᠣᠯᠠᠨ ᠤ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪ ᠴᠢᠭᠯᠡᠯ ᠢᠶᠠᠷ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠯᠠᠪᠳᠠᠭᠤᠨ ᠢᠶᠠᠷ ᠬᠤᠯᠠ ᠠᠶᠠᠯᠠᠬᠤ ᠶᠢ ᠲᠠᠰᠤᠷᠠᠯᠲᠠ ᠦᠭᠡᠢ ᠠᠬᠢᠭᠤᠯᠪᠠ᠃ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠬᠥᠭᠡᠭᠡᠵᠦ ᠭᠦᠢᠴᠡᠨ ᠳᠠᠪᠠᠵᠤ ᠭᠠᠷᠬᠤ ᠬᠥᠭᠵᠢᠯᠲᠡ ᠶᠢᠨ ︽ᠭᠤᠣᠯ ᠰᠡᠳᠦᠪᠲᠦ ᠠᠶᠠᠰ︾ ᠢ ᠬᠥᠭᠵᠢᠮᠳᠡᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡ ᠬᠢᠬᠦ ᠳᠤ ︽ᠭᠤᠣᠯᠳᠠᠯᠭ᠎ᠠ︾ ᠪᠠᠷ ᠶᠡᠭᠡ ᠶᠠᠪᠤᠳᠠᠯ ᠢ ᠵᠥᠪᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠭᠤᠣᠯᠳᠠᠭᠤ ︽ᠬᠦᠴᠢᠷ ᠠᠰᠠᠭᠤᠳᠠᠯ︾ ᠢ ᠰᠢᠢᠳᠪᠦᠷᠢᠯᠡᠨ ᠬᠦᠴᠢᠷ ᠶᠠᠪᠤᠳᠠᠯ ᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠳᠡᠭᠡᠨ ︽ ᠬᠠᠯᠠᠮᠰᠢᠯ ᠴᠡᠭ︾ ᠲᠠᠢ ᠨᠢᠭᠲᠠ ᠤᠶᠠᠯᠳᠤᠭᠤᠯᠤᠨ ᠬᠡᠷᠡᠭ ᠶᠠᠪᠤᠳᠠᠯ ᠢ ᠢᠯᠡᠭᠦᠬᠡᠨ ᠪᠣᠳᠣᠯᠬᠢᠯᠠᠬᠤ ᠬᠡᠷᠡᠭᠲᠡᠢ᠃ ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠨᠡᠩ ᠤᠯᠠᠨ ︽ᠤᠯᠤᠰ ᠲᠦᠷᠦ ᠶᠢᠨ ᠵᠥᠪᠯᠡᠯᠭᠡᠨ ᠤ ᠳᠠᠭᠤᠨ︾ ᠢ ᠴᠤᠤᠷᠢᠶᠠᠲᠤᠭᠤᠯᠬᠤ ᠪᠠᠷ ᠴᠢᠷᠮᠠᠶᠢᠵᠤ᠂ ᠨᠡᠩ ᠤᠯᠠᠨ ︽ᠤᠯᠤᠰ ᠲᠦᠷᠦ ᠶᠢᠨ ᠵᠥᠪᠯᠡᠯᠭᠡᠨ ᠤ ᠬᠦᠴᠦᠨ︾ ᠢ ᠪᠠᠳᠠᠷᠠᠭᠤᠯᠬᠤ ᠬᠡᠷᠡᠭᠳᠡᠢ᠃ ᠢᠵᠢᠯ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ︽ᠰᠡᠳᠬᠢᠯ ᠤᠨ ᠬᠥᠭᠦᠷᠭᠡ︾ ᠶᠢ ᠰᠠᠶᠢᠲᠤᠷ ᠴᠣᠭᠴᠠᠯᠠᠬᠤ ᠬᠡᠷᠡᠭᠲᠡᠢ᠃ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠭᠤᠷᠢ ᠶᠢ ᠠᠷᠢᠯᠭᠠᠨ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠦᠨᠳᠦᠰᠦᠨ ᠡᠭᠦᠰᠦᠯᠲᠡ ᠪᠠ ᠦᠷ᠎ᠡ ᠳ᠋ᠦᠩ ᠪᠣᠯᠭᠠᠬᠤ ᠶᠢ ᠪᠠᠷᠢᠮᠲᠠᠯᠠᠨ᠂ ᠤᠯᠠᠨ ᠲᠦᠮᠡᠨᠴᠢ ᠱᠤᠭᠤᠮ ᠪᠠ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠠᠮᠲᠤ ᠪᠠᠷ ᠤᠷᠤᠭᠰᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ︽ᠰᠢᠨ᠎ᠡ ᠬᠠᠭᠤᠳᠠᠰᠤ ︾ ᠶᠢ ᠪᠢᠴᠢᠭᠯᠡᠶ᠎ᠡ᠃ ᠲᠤᠰᠢᠶᠠᠯ ᠢᠶᠠᠨ ᠭᠦᠢᠴᠡᠳᠬᠡᠬᠦ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠡᠰᠢᠭᠦᠳ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠦᠶ᠎ᠡ ᠶᠢᠨ ᠱᠠᠭᠠᠷᠳᠠᠯᠭ᠎ᠠ ᠶᠢ ᠴᠢᠩᠭ᠎ᠠ ᠲᠠᠭᠠᠵᠦ᠂ ᠬᠤᠭᠤᠴᠠᠭ᠎ᠠ ᠪᠦᠷᠢ ᠶᠢᠨ ᠤᠯᠤᠰ ᠲᠦᠷᠦ ᠶᠢᠨ ᠵᠥᠪᠯᠡᠯᠭᠡᠨ ᠤ ᠰᠢᠯᠢᠳᠡᠭ ᠤᠯᠠᠮᠵᠢᠯᠠᠯ᠂ ᠠᠵᠢᠯ ᠤᠨ ᠲᠤᠷᠰᠢᠯᠭ᠎ᠠ ᠶᠢ ᠵᠠᠯᠭᠠᠮᠵᠢᠯᠠᠭᠰᠠᠨ ᠰᠠᠭᠤᠷᠢᠨ ᠳᠡᠭᠡᠷ᠎ᠡ᠂ ᠵᠠᠯᠭᠠᠮᠵᠢᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠰᠢᠨ᠎ᠡ ᠶᠢ ᠡᠭᠦᠳᠬᠦ ᠬᠡᠷᠡᠭᠲᠡᠢ  ᠭᠡᠵᠠᠢ᠃
      ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠦᠨᠳᠦᠷᠯᠡᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号