ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ ᠤ ᠰᠢᠢᠳᠪᠦᠷᠢ
ᠨᠡᠶᠢᠲᠡᠯᠡᠭᠰᠡᠨ ᠴᠠᠭ᠄
2022/1/13
     ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠰᠢᠢᠳᠪᠦᠷᠢ ︵2022 ᠣᠨ ᠤ 1 ᠰᠠᠷ᠎ᠠ ᠶᠢᠨ 7 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠴᠠ ᠪᠠᠲᠤᠯᠠᠪᠠ︶᠃     ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠴᠠ ᠱᠧᠨ ᡁᠢ ᠴᠢᠶᠠᠩ ᠨᠥᠬᠦᠷ ᠤᠨ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠬᠢᠭᠰᠡᠨ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠪᠡ᠃     ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ ᠤ ᠰᠢᠢᠳᠪᠦᠷᠢ  ︵2022 ᠣᠨ ᠤ 1 ᠰᠠᠷ᠎ᠠ ᠶᠢᠨ 7 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠴᠠ ᠯᠢ ᠴᠧᠩ ᠭᠧ ᠨᠥᠬᠦᠷ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠪᠡ᠃ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ       ︵2022 ᠣᠨ ᠤ 1 ᠰᠠᠷ᠎ᠠ ᠶᠢᠨ 7 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ 2022 ᠣᠨ ᠤ 1 ᠰᠠᠷ᠎ᠠ ᠶᠢᠨ 4 ᠤ ᠡᠳᠦᠷ ᠠᠴᠠ 7 ᠤ ᠡᠳᠦᠷ ᠪᠣᠯᠲᠠᠯ᠎ᠠ ᠯᠢᠨᠳᠦ᠋ᠩ ᠳᠤ ᠬᠤᠷᠠᠯᠳᠤᠪᠠ᠃     ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ︾ ᠪᠣᠯᠤᠨ ︽ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠬᠡᠯ︾ ᠢ ᠰᠣᠨᠣᠰᠴᠤ ᠬᠢᠨᠠᠨ ᠵᠥᠪᠯᠡᠪᠡ᠃ ᠪᠦᠬᠦ ᠭᠡᠰᠢᠭᠦᠳ ᠪᠠᠭᠠᠷᠢᠨ ᠵᠡᠭᠦᠨ ᠬᠤᠰᠢᠭᠤᠨ ᠤ ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠪᠠ ᠪᠤᠰᠤᠳ ᠮᠡᠳᠡᠭᠦᠯᠦᠯᠲᠡ ᠶᠢ ᠰᠣᠨᠣᠰᠴᠤ ᠶᠠᠷᠢᠯᠴᠠᠪᠠ᠂ ᠭᠡᠰᠢᠭᠦᠳ ᠳᠡᠭᠡᠷᠡᠬᠢ ᠮᠡᠳᠡᠭᠦᠯᠦᠯᠲᠡ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠤᠨ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃     ᠬᠤᠷᠠᠯ ᠤᠨ ᠬᠤᠭᠤᠴᠠᠭᠠᠨ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠨᠥᠬᠦᠷ ᠪᠣᠯᠤᠨ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠪᠤᠰᠤᠳ ᠤᠳᠤᠷᠢᠳᠬᠤ ᠨᠥᠬᠦᠳ ᠬᠤᠷᠠᠯ ᠳᠤ ᠣᠷᠣᠯᠴᠠᠭᠰᠠᠨ ᠪᠥᠭᠡᠳ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠵᠤ᠂ ᠭᠡᠰᠢᠭᠦᠳ ᠲᠠᠢ ᠵᠥᠪᠳᠡᠯᠴᠡᠨ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠪᠠ᠃ ᠡᠯ᠎ᠡ ᠡᠲᠡᠭᠡᠳ ᠤᠨ ᠭᠡᠰᠢᠭᠦᠳ ᠵᠠᠰᠠᠭ ᠤᠨ ᠶᠠᠪᠤᠳᠠᠯ ᠳᠤ ᠣᠷᠣᠯᠴᠠᠬᠤ ᠣᠷᠭᠢᠯᠤᠮ᠎ᠠ ᠬᠠᠯᠠᠭᠤᠨ ᠰᠡᠳᠬᠢᠯᠭᠡ᠂ ᠳᠡᠭᠡᠳᠦ ᠬᠡᠮᠵᠢᠶᠡᠨ ᠤ ᠬᠠᠷᠢᠭᠤᠴᠠᠯᠭ᠎ᠠ ᠡᠭᠦᠷᠭᠡᠯᠡᠯ ᠢᠶᠠᠷ ᠭᠦᠨᠵᠡᠭᠡᠢ ᠵᠥᠪᠳᠡᠯᠴᠡᠨ ᠰᠠᠨᠠᠯ ᠵᠥᠪᠯᠡᠯᠭᠡ ᠳᠤᠷᠠᠳᠴᠤ᠂ ᠰᠢᠨ᠎ᠡ ᠨᠢᠭᠡ ᠬᠤᠭᠤᠴᠠᠭᠠᠨ ᠤ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠬᠤᠷᠠᠯ ᠠᠴᠠ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠵᠤ ᠂ ᠰᠤᠷᠲᠠᠯ ᠴᠢᠬᠡᠴᠢ ᠣᠪᠣᠷ ᠲᠥᠪ ᠪᠠᠶᠢᠵᠤ᠂ ᠲᠤᠭ ᠢᠶᠠᠨ ᠥᠨᠳᠥᠷ ᠮᠠᠨᠳᠤᠭᠤᠯᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠡᠭᠡ ᠬᠤᠷᠠᠯ ᠪᠣᠯᠵᠠᠢ᠃     ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠨᠥᠬᠦᠷ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶ᠎ᠠ ᠨᠢ ᠭᠤᠤᠯ ᠰᠡᠳᠦᠪ ᠲᠣᠳᠣᠷᠬᠠᠶ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠠᠷᠪᠠᠨ ᠬᠤᠶᠠᠳᠤᠭᠠᠷ ᠬᠤᠭᠤᠴᠠᠭᠠᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠨ ᠨᠤᠲᠠᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠲᠣᠳᠣᠷᠬᠠᠶ ᠱᠠᠭᠠᠷᠳᠠᠯᠭ᠎ᠠ ᠪᠠ ᠨᠠᠨᠳᠢᠨ ᠬᠦᠰᠡᠯ ᠲᠠᠯᠪᠢᠵᠤ᠂ ᠪᠥᠬᠦ ᠭᠡᠰᠢᠭᠦᠳ ᠲᠤ ᠲᠦᠢᠯ ᠤᠨ ᠶᠡᠭᠡ ᠵᠣᠷᠢᠭᠵᠢᠭᠤᠯᠤᠯ ᠪᠣᠯᠪᠠ᠃ ᠥᠷᠭᠡᠨ ᠳᠡᠯᠭᠡᠷ ᠭᠦᠨ ᠭᠦᠨᠵᠡᠭᠡᠢ ᠵᠥᠪᠳᠡᠯᠴᠡᠨ ᠶᠠᠷᠢᠯᠴᠠᠬᠤ ᠪᠠᠷ ᠲᠠᠮᠵᠢᠨ᠂ ᠭᠡᠰᠢᠭᠦᠳ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠥᠩᠭᠡᠷᠡᠭᠰᠡᠨ ᠲᠦᠷᠪᠡᠨ ᠵᠢᠯ ᠤᠨ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠭᠦᠢᠴᠡᠳ ᠪᠦᠬᠦ ᠲᠠᠯ᠎ᠠ ᠶᠢᠨ᠂ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠬᠤᠶᠢᠰᠢᠳᠠ ᠶᠢᠨ ᠲᠠᠪᠤᠨ ᠵᠢᠯ ᠤᠨ ᠠᠵᠢᠯ ᠢᠶᠠᠨ ᠪᠠᠶᠢᠷᠢᠯᠠᠭᠤᠯᠬᠤ ᠳᠠᠭᠠᠨ ᠰᠡᠳᠬᠢᠴᠡ ᠲᠣᠳᠣᠷᠬᠠᠢ᠂ ᠭᠤᠣᠯᠳᠠᠯᠭ᠎ᠠ ᠲᠤᠪᠤᠶᠢᠮ᠎ᠠ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠣᠯᠤᠨ ᠭᠤᠣᠯ ᠡᠭᠦᠷᠭᠡ ᠶᠢ ᠪᠡᠶᠡᠯᠡᠭᠦᠯᠬᠦ ᠳᠤ ᠢᠲᠡᠭᠡᠯ ᠳᠦᠭᠦᠷᠡᠩ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠵᠥᠪᠯᠡᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ  ᠂ ᠳᠥᠷᠪᠡᠳᠦᠭᠡᠷ  ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠥᠷᠥ ᠶᠢᠨ ᠵᠥᠪᠯᠡᠯᠭᠡ ᠶᠢ ᠯᠠᠪᠳᠠᠭᠤᠨ ᠪᠠᠲᠤᠲᠠᠶ ᠬᠦᠢᠴᠡᠳᠬᠡᠬᠦ ᠬᠡᠷᠡᠭᠲᠡᠶ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠷᠬᠡ ᠲᠤᠰᠢᠶᠠᠯ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠂ ᠬᠥᠭᠵᠢᠯᠲᠡ ᠶᠢ ᠠᠬᠢᠭᠤᠯᠬᠤ ᠳᠤᠮᠳᠠ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠂ ᠡᠶ᠎ᠡ ᠵᠣᠬᠢᠴᠠᠯ ᠢ ᠠᠬᠢᠭᠤᠯᠬᠤ ᠳᠤᠮᠳᠠ ᠬᠠᠮᠲᠤ ᠶᠢᠨ ᠲᠠᠨᠢᠯᠲᠠ ᠪᠠᠨ ᠨᠢᠭᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ  ᠦᠵᠡᠭᠦᠯᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠰᠢᠨ᠎ᠡ ᠬᠥᠭᠵᠢᠯᠲᠡ ᠂ ᠰᠢᠨ᠎ᠡ ᠦᠷ᠎ᠡ ᠪᠦᠲᠦᠮᠵᠢ ᠲᠠᠢ ᠪᠣᠯᠪᠠ ᠭᠡᠵᠠᠢ᠃       ᠬᠤᠷᠠᠯ ᠠᠴᠠ᠂ ᠬᠤᠶᠢᠰᠢᠳᠠ ᠶᠢᠨ ᠲᠠᠪᠤᠨ ᠵᠢᠯ ᠪᠣᠯ ᠪᠠᠭᠠᠷᠢᠨ ᠵᠡᠭᠦᠨ ᠬᠤᠰᠢᠭᠤᠨ ᠤ ᠳᠠᠪᠠᠨ ᠭᠠᠷᠴᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠲᠠᠬᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠤᠯ ᠭᠤᠭᠴᠤᠭ᠎ᠠ ᠪᠣᠯᠭᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠣᠷᠣᠨ ᠪᠠᠶᠢᠷᠢ ᠰᠢᠨ᠎ᠡ ᠡᠭᠦᠷᠭᠡ ᠬᠠᠷᠢᠭᠤᠴᠠᠯᠭ᠎ᠠ ᠰᠢᠨ᠎ᠡ  ᠡᠭᠦᠷᠬᠡᠯᠡᠯ ᠢ ᠪᠥᠬᠦ ᠲᠠᠯ᠎ᠠ ᠪᠠᠷ ᠡᠵᠡᠮᠳᠡᠵᠦ᠂ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠦᠬᠦᠯᠢ ᠴᠣᠭᠴᠠ ᠶᠢᠨ ᠳᠠᠪᠠᠭᠤᠯᠢᠭ ᠢ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠵᠥᠪᠯᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠤ᠂ ᠬᠥᠮᠦᠰ ᠤᠨ ᠰᠡᠳᠬᠢᠯ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠶ     ᠬᠤᠷᠠᠯ ᠠᠴᠠ ᠣᠷᠢᠶᠠᠯᠠᠬᠰᠠᠨ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠶᠡᠭᠡ ᠲᠠᠯ᠎ᠠ ᠠᠴᠠ ᠪᠣᠳᠣᠯᠬᠢᠯᠠᠬᠤ᠂ ᠪᠦᠬᠦ ᠲᠠᠯ᠎ᠠ ᠶᠢᠨ ᠳᠤᠤᠷ᠎ᠠ ᠠᠵᠢᠯᠯᠠᠬᠤ᠂ ᠰᠢᠨ᠎ᠡ  ᠪᠠᠶᠢᠳᠠᠯ ᠳᠤ ᠠᠮᠵᠢᠯᠲᠠ ᠭᠠᠷᠭᠠᠬᠤ᠂ ᠰᠢᠨ᠎ᠡ ᠬᠠᠭᠤᠳᠠᠰᠤ ᠶᠢ ᠰᠦᠪᠡᠭᠴᠢᠯᠡᠬᠦ ᠰᠥᠰᠥ ᠵᠣᠷᠢᠭ ᠢᠶᠠᠷ᠂ ᠵᠣᠷᠢᠭᠲᠠᠶ ᠪᠠᠷ ᠪᠤᠰᠤᠳ ᠠᠴᠠ ᠲᠦᠷᠦᠭᠦᠯᠡᠬᠦ  ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠴᠢᠷᠮᠠᠶᠢᠨ ᠠᠵᠢᠯᠯᠠᠵᠤ᠂ ᠨᠢᠭᠡ ᠰᠡᠳᠬᠢᠯ ᠨᠢᠭᠡ ᠴᠢᠭᠯᠡᠯ᠂ ᠭᠠᠷ ᠬᠤᠯᠪᠣᠨ ᠤᠷᠤᠭᠰᠢᠯᠠᠬᠤ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠂ ᠪᠠᠭᠠᠷᠢᠨ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠠᠢ︕
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号