ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡ︶
ᠨᠡᠶᠢᠲᠡᠯᠡᠭᠰᠡᠨ ᠴᠠᠭ᠄
2022/1/17
                  —— 2022 ᠣᠨ ᠤ 1 ᠰᠠᠷ᠎ᠠ ᠶᠢᠨ 6 ᠤ ᠡᠳᠦᠷ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ                             ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                                                                         ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠤᠯᠠᠭᠴᠢ ᠬᠤᠰᠢᠭᠤᠨ ᠳᠠᠷᠤᠭ᠎ᠠ    ᠴᠢᠨ ᠬᠤᠸᠠᠢ ᠳ᠋ᠦᠩᠲᠦᠯᠦᠭᠡᠯᠡᠭᠴᠢᠳ ᠡ᠄        ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ  ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠣᠷᠤᠯᠴᠠᠭᠰᠠᠨ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃        ᠥᠩᠭᠡᠷᠡᠭᠰᠡᠨ ᠳᠦᠷᠪᠡᠨ ᠵᠢᠯ ᠤᠨ ᠠᠵᠢᠯ ᠤᠨ ᠡᠷᠭᠢᠴᠡᠭᠦᠯᠦᠯ        ᠳᠥᠷᠪᠡᠨ ᠵᠢᠯ ᠤᠨ ᠲᠤᠷᠰᠢ᠂ ᠠᠵᠤ ᠠᠬᠤᠢ ᠶᠢᠨ ᠬᠦᠨᠳᠦ ᠬᠡᠴᠡᠭᠦᠦ ᠪᠠᠶᠢᠳᠠᠯ ᠪᠠ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠶᠡᠭᠡ ᠡᠭᠦᠷᠭᠡ ᠶᠢᠨ ᠡᠮᠦᠨ᠎ᠡ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠯ ᠬᠦᠴᠦᠨ ᠢ ᠪᠠᠷᠢᠮᠲᠠᠯᠠᠨ᠂ ᠬᠦᠴᠢᠷ ᠢ ᠰᠥᠷᠥᠨ ᠤᠷᠤᠭᠰᠢᠯᠠᠵᠤ᠂  ᠦᠨᠡᠨ ᠪᠣᠳᠠᠲᠠᠢ ᠠᠵᠢᠯᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃        ᠶᠡᠷᠦᠩᠬᠡᠶᠢᠯᠡᠭᠰᠡᠨ ᠬᠦᠴᠦᠨ ᠰᠢᠨ᠎ᠡ ᠳᠡᠭᠲᠡᠷ ᠲᠤ ᠭᠠᠷᠪᠠ᠃ ᠠᠵᠤ ᠠᠬᠤᠶ ᠶᠢᠨ ᠪᠠᠭᠤᠷᠠᠯᠲᠠ ᠪᠠ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠨᠥᠯᠥᠭᠡᠯᠡᠯ ᠳᠤᠤᠷ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ ᠪᠠᠷ 5.2 % ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠳᠤᠮᠳᠠᠴᠢ ᠪᠠᠷ 4 % ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠵᠢᠯ ᠳᠤᠮᠳᠠᠴᠢ ᠪᠠᠷ 4.2 % ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠲᠦᠷᠦᠭᠦᠦ ᠭᠤᠷᠪᠠ ᠳᠤ ᠣᠷᠣᠪᠠ᠃ ᠬᠤᠲᠠ ᠬᠦᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠣᠯᠭ᠎ᠠ ᠨᠢ ᠵᠢᠯ ᠳᠤᠮᠳᠠᠴᠢ ᠪᠠᠷ 6.6 % ᠪᠠ 10.2 % ᠨᠡᠮᠡᠭᠳᠡᠵᠦ᠂ ᠲᠣᠰ ᠲᠣᠰ 2017 ᠣᠨ ᠤ ᠬᠢ ᠠᠴᠠ 1.3 ᠳᠠᠬᠢᠨ ᠪᠠ 1.5 ᠳᠠᠬᠢᠨ ᠪᠣᠯᠵᠣ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠠᠶᠢᠪᠠ᠃ ᠳᠥᠷᠪᠡᠨ ᠵᠢᠯ ᠳᠤ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 636 ᠨᠠᠶᠢᠳᠠᠪᠦᠷᠢᠵᠢᠭᠤᠯᠵᠤ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 138.8 ᠳ᠋ᠦᠩᠰᠢᠭᠤᠷ ᠲᠥᠭᠦᠷᠢᠭ ᠬᠦᠷᠴᠠᠢ᠃       ᠭᠤᠷᠪᠠᠨ ᠠᠵᠤ ᠦᠢᠯᠡᠰ ᠰᠢᠨ᠎ᠡ ᠳᠠᠪᠠᠯᠲᠠ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠴᠢᠩᠭᠠᠷᠠᠪᠠ᠃ ᠪᠥᠬᠦ ᠬᠤᠰᠢᠭᠤᠨ ᠤ ᠭᠠᠵᠠᠷ ᠰᠢᠷᠣᠶ ᠶᠢᠨ ᠡᠷᠭᠢᠯᠲᠡ ᠶᠢᠨ ᠨᠣᠷᠮ᠎ᠠ᠂ ᠲᠠᠷᠢᠮᠠᠯ ᠤᠨ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠨᠢ ᠲᠣᠰ ᠲᠣᠰ 72 %᠂ 76.5 % ᠪᠠ 69 % ᠬᠦᠷᠴᠦ᠂ ᠠᠮᠤ ᠪᠤᠳᠠᠭᠠᠨ ᠤ ᠶᠡᠷᠦᠩᠬᠡᠶ ᠤᠨᠠᠯᠲᠠ ᠳᠥᠷᠪᠡᠨ ᠵᠢᠯ ᠳᠠᠷᠠᠭᠠᠯᠠᠨ 11 ᠳ᠋ᠦᠩᠰᠢᠭᠤᠷ ᠵᠢᠩ ᠢ ᠳᠠᠪᠠᠪᠠ᠃ ᠱᠦᠭᠦᠷ ᠡᠪᠡᠰᠦᠨ ᠤ ᠠᠵᠤ ᠦᠢᠯᠡᠰ ᠤᠨ ︽ᠨᠢᠭᠡ ᠪᠦᠰᠡ ᠭᠤᠷᠪᠠᠨ ᠲᠣᠭᠤᠷᠢᠭ︾ ᠤᠨ ᠲᠣᠭᠤᠷᠢᠨ ᠳᠤ᠂ 85 ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠲᠠᠰᠤᠭ ᠪᠠᠶᠢᠭᠤᠯᠤᠨ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ ᠳᠥᠷᠪᠡᠨ ᠵᠢᠯ ᠳᠠᠷᠠᠭᠠᠯᠠᠨ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠮᠠᠨ ᠤ ᠬᠤᠰᠢᠭᠤ ᠨᠢ ︽ᠳᠤᠮᠳᠠᠳᠤ ᠤᠯᠤᠰ ᠤᠨ ᠱᠦᠭᠦᠷ ᠡᠪᠡᠰᠦᠨ ᠤ ᠨᠤᠲᠤᠭ︾ ᠪᠣᠯᠪᠠ᠃ ᠠᠯᠠᠰᠢᠨ ᠦᠬᠡᠷ ᠤᠨ ᠠᠵᠤ ᠦᠢᠯᠡᠰ ᠤᠨ ︽ᠨᠢᠭᠡ ᠪᠦᠰᠡ ᠲᠠᠪᠤᠨ ᠲᠣᠭᠤᠷᠢᠭ︾ ᠤᠨ ᠲᠣᠭᠤᠷᠢᠨ ᠳᠤ᠂ 78 ᠲᠡᠵᠢᠭᠡᠨ ᠦᠷᠡᠵᠢᠭᠦᠯᠬᠦ ᠲᠣᠰᠬᠤᠨ ᠪᠠ 96 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ᠂ ᠠᠯᠠᠰᠢᠨ ᠦᠬᠡᠷ ᠤᠨ ᠲᠤᠭ᠎ᠠ ᠲᠣᠯᠣᠭᠠᠶ 9.7 ᠲᠦᠮᠡ ᠪᠠᠶᠢᠭᠰᠠᠨ ᠠᠴᠠ ᠪᠠᠨ 20 ᠲᠦᠮᠡ ᠪᠣᠯᠪᠠ᠃ ︽ᠤᠯᠤᠰ ᠤᠨ ᠲᠠᠰ ᠤᠨ ᠡᠯᠵᠢᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ︾ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠹᠦ᠋ ᠾᠧ ᠪᠠᠯᠭᠠᠰᠤ᠂ ᠯᠢᠨᠳᠦ᠋ᠩ ᠪᠠᠯᠭᠠᠰᠤ ᠵᠢᠴᠢ ᠯᠦᠩᠴᠠᠩ ᠪᠠᠯᠭᠠᠰᠤ ᠪᠠᠷ ᠭᠤᠣᠯᠳᠠᠯᠭ᠎ᠠ ᠪᠣᠯᠭᠠᠭᠰᠠᠨ ᠠᠯᠠᠰᠢᠨ ᠡᠯᠵᠢᠭᠡ ᠶᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠵᠤ᠂ ᠬᠠᠷ᠎ᠠ ᠲᠣᠯᠣᠭᠠᠶᠢᠲᠤ ᠡᠯᠵᠢᠭᠡ ᠶᠢᠨ ᠡᠭᠦᠯᠳᠡᠷ ᠤᠨ ᠳᠠᠪᠠᠭᠤᠯᠢᠭ ᠢᠶᠠᠷ ᠪᠥᠬᠦ ᠤᠯᠤᠰ ᠲᠤ ᠲᠡᠷᠢᠭᠦᠯᠡᠪᠡ᠃ ᠡᠯᠳᠡᠪ ᠠᠮᠤ ᠪᠤᠷᠴᠠᠭ ᠲᠠᠷᠢᠬᠤ ᠲᠠᠯᠠᠪᠠᠢ ᠶᠢ 50 ᠲᠦᠮᠡᠨ ᠮᠤ᠋ ᠳᠤ ᠲᠣᠭᠲᠠᠪᠦᠷᠢᠵᠢᠭᠤᠯᠤᠨ᠂  ᠲᠥᠬᠦᠭᠡᠷᠦᠮᠵᠢᠲᠦ ᠲᠠᠷᠢᠶᠠᠯᠠᠩ 2 ᠲᠦᠮᠡᠨ ᠮᠤ᠋ ᠪᠠ ᠬᠢᠲᠠᠳ ᠡᠮ ᠤᠨ ᠮᠠᠲ᠋ᠧᠷᠢᠶᠠᠯ ᠲᠠᠷᠢᠬᠤ ᠲᠠᠯᠠᠪᠠᠢ ᠶᠢ 3 ᠲᠦᠮᠡᠨ ᠮᠤ᠋ ᠰᠢᠨ᠎ᠡ ᠪᠠᠷ ᠨᠡᠮᠡᠵᠦ᠂ 60 ᠲᠦᠮᠡᠨ ᠮᠤ᠋ ᠬᠡᠭᠡᠷ᠎ᠡ ᠶᠢᠨ ᠭᠦᠢᠯᠡᠰᠦ  ᠶᠢ ᠬᠦᠷᠢᠶᠡᠯᠡᠨ ᠬᠠᠪᠲᠠᠭᠠᠢ ᠭᠦᠢᠯᠡᠰᠦ ᠶᠢ ᠵᠠᠯᠭᠠᠪᠠ᠃ ︽ᠬᠢᠳᠠᠨ ᠰᠢᠮᠡᠲᠦ ᠪᠦᠲᠦᠭᠡᠭᠳᠡᠬᠦᠨ︾ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠡᠭᠦᠳᠴᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢᠶᠠᠷ ① ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ 62 ᠶᠢ ᠭᠡᠷᠡᠴᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠠᠮᠤᠷ ᠲᠦᠪᠰᠢᠨ ᠬᠤᠰᠢᠭᠤ  ᠪᠠᠷ ᠦᠨᠡᠯᠡᠭᠳᠡᠵᠦ᠂ ᠳ᠋ᠠ ᠯᠢᠶᠤᠤ ᠸᠠᠩ ᠹᠦ᠋ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠮᠧᠩ︾ ᠦᠰᠦᠭ ᠤᠨ ᠲᠡᠮᠳᠡᠭ② ᠤᠨ ᠡᠷᠬᠡ ᠶᠢ ᠣᠯᠪᠠ᠃ ᠠᠵᠤ ᠦᠢᠯᠡᠳᠪᠦᠷᠢ ᠶᠢᠨ ᠠᠵᠤ ᠠᠬᠤᠶ ᠬᠦᠴᠦᠷᠬᠡᠭᠵᠢᠪᠡ᠃ ᠠᠵᠤ ᠦᠢᠯᠡᠳᠪᠦᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ 379 ᠡᠷᠦᠬᠡ ᠪᠣᠯᠵᠤ᠂ 76 % ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ᠲᠣᠭᠤᠷᠢᠭ ᠲᠤ ᠰᠠᠭᠤᠷᠢᠰᠢᠭᠰᠠᠨ ᠠᠵᠤ ᠠᠬᠤᠶᠢᠯᠠᠯ ᠤᠨ ᠲᠤᠭ᠎ᠠ ᠳᠠᠬᠢᠨ ᠢᠶᠠᠷ ᠦᠰᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 47.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 6.6 % ᠨᠡᠮᠡᠭᠳᠡᠪᠡ᠃ ᠪᠠᠶᠠᠨᠨᠢᠷᠤᠭᠤ᠂ ᠹᠦ᠋ ᠾᠧ᠂ ᠤᠯᠠᠭᠠᠨᠳᠠᠪᠠᠭ᠎ᠠ ᠭᠤᠷᠪᠠᠨ ᠶᠡᠭᠡ ᠠᠭᠤᠷᠬᠠᠢ ᠶᠢᠨ ᠣᠷᠤᠨ ᠪᠠᠶᠢᠭᠤᠯᠵᠤ᠂ ᠢᠦᠢ ᠪᠠᠩ ᠠᠭᠤᠷᠬᠠᠢ ᠪᠣᠯᠤᠨ ᠵᠧᠵᠢᠶᠠᠩ ᠤᠨ ᠭᠦᠸᠧ ᠴᠧᠩ ᠪᠦᠯᠦᠭᠯᠡᠯ ᠢ ᠳᠠᠬᠢᠨ ᠪᠠᠶᠢᠭᠤᠯᠵᠤ᠂ ᠪᠦᠬᠦ ᠬᠤᠰᠢᠭᠤᠨ ᠤ ᠥᠩᠭᠡᠲᠦ ᠲᠡᠮᠦᠷᠯᠢᠭ ᠤᠨ ᠬᠦᠳᠡᠷ ᠰᠢᠯᠢᠬᠦ ᠴᠢᠳᠠᠪᠦᠷᠢ ᠨᠢ ᠡᠳᠦᠷ ᠲᠤ 1.2 ᠲᠦᠮᠡᠨ ᠲᠣᠨ ᠢ ᠳᠠᠪᠠᠨ᠂ ᠵᠢᠯ ᠤᠨ ᠲᠡᠮᠦᠷᠯᠢᠭ ᠬᠠᠶᠢᠯᠤᠭᠤᠯᠤᠨ ᠪᠣᠯᠪᠠᠰᠤᠷᠠᠭᠤᠯᠬᠤ ᠴᠢᠳᠠᠪᠦᠷᠢ ᠨᠢ 20 ᠲᠦᠮᠡᠨ ᠲᠣᠨ ᠬᠦᠷᠪᠡ᠃ ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠳᠣᠨ ᠤᠰᠤ ᠦᠭᠡᠢ ᠹᠯᠣᠷᠲᠤ ᠤᠰᠤᠲᠥ᠋ᠷᠥᠭᠴᠢ ᠪᠣᠯᠪᠠᠰᠤᠷᠠᠭᠤᠯᠬᠤ ᠪᠠ ᠹᠦ᠋ ᠯᠢᠩ ᠪᠠᠷᠢᠯᠭ᠎ᠠ ᠶᠢᠨ ᠮᠠᠲ᠋ᠧᠷᠢᠶᠠᠯ ᠤᠨ ᠵᠢᠯ ᠳᠤ 50 ᠲᠦᠮᠡᠨ ᠲᠣᠨ ᠥᠨᠳᠥᠷ ᠢᠳᠡᠪᠬᠢᠲᠦ ᠺᠠᠯᠼ ᠤᠨ ᠢᠰᠦᠯ ᠪᠣᠯᠪᠠᠰᠤᠷᠠᠭᠤᠯᠬᠤ ᠵᠡᠷᠭᠡ ᠨᠢᠭᠡ ᠪᠦᠯᠦᠭ ᠲᠣᠮᠣ ᠲᠥᠷᠦᠯ ᠵᠦᠢᠯ ᠢ ᠨᠠᠶᠢᠳᠠᠪᠦᠷᠢᠵᠢᠭᠤᠯᠵᠤ᠂ ᠬᠢᠮᠢ ᠶᠢᠨ ᠠᠵᠤ ᠦᠢᠯᠡᠳᠪᠦᠷᠢ ᠪᠠ ᠲᠡᠮᠦᠷᠯᠢᠭ ᠤᠨ ᠪᠤᠰᠤ ᠠᠵᠤ ᠦᠢᠯᠡᠰ ᠢ ᠡᠬᠢᠯᠡᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠨ ᠬᠦᠭᠵᠢᠪᠡ᠃ ᠳᠥᠷᠪᠡᠨ ᠵᠢᠯ ᠳᠤ ᠨᠡᠶᠢᠲᠡ 21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠣᠳᠣᠨ ᠲᠥᠷᠥᠯ ᠵᠦᠢᠯ 18 ᠶᠢ ᠨᠠᠶᠢᠳᠠᠪᠦᠷᠢᠵᠢᠭᠤᠯᠤᠨ᠂ ᠬᠢᠳᠠᠨ ᠰᠤᠶᠤᠯ ᠤᠨ ᠵᠢᠭᠤᠯᠴᠢᠯᠠᠯ ᠤᠨ ᠱᠤᠭᠤᠮ ᠢ ᠠᠩᠬ᠎ᠠ ᠠᠯᠬᠤᠮ ᠪᠦᠷᠢᠯᠳᠦᠭᠦᠯᠵᠦ᠂ ᠵᠢᠭᠤᠯᠴᠢᠯᠠᠭᠰᠠᠳ ᠢ 542 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠨᠢ 78 ᠳ᠋ᠦᠩᠰᠢᠭᠤᠷ ᠲᠥᠭᠦᠷᠢᠭ ᠲᠤ ᠬᠦᠷᠦᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠶᠢᠭᠤᠯᠪᠠ᠃ ᠬᠤᠲᠠ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠭᠤᠣᠯ ᠴᠣᠭᠴᠠ 1.6 ᠲᠦᠮᠡ ᠳᠤ ᠬᠦᠷᠴᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 2 ᠳ᠋ᠦᠩᠰᠢᠭᠤᠷ ᠲᠥᠭᠦᠷᠢᠭ ᠰᠦᠯᠵᠢᠶ᠎ᠡ ᠪᠠᠷ ᠬᠤᠳᠠᠯᠳᠤᠨ ᠠᠪᠬᠤ ᠪᠠ ᠪᠣᠷᠤᠯᠠᠭᠤᠯᠵᠤ᠂ ᠵᠢᠯ ᠪᠦᠷᠢ ᠳᠤᠮᠳᠠᠴᠢ ᠪᠠᠷ 35 % ᠠᠴᠠ ᠳᠡᠭᠡᠭᠰᠢ ᠨᠡᠮᠡᠭᠳᠡᠭᠦᠯᠦᠨ᠂ 30 ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠭᠦᠢᠯᠭᠡᠭᠡᠨ ᠤ ᠪᠡᠯᠡ ᠮᠦᠩᠭᠦ ᠶᠢᠨ ᠲᠠᠪᠴᠠᠩ ᠳᠤ ᠫᠠᠶᠢᠰᠠ ᠡᠯᠭᠦᠪᠡ᠃       ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠨ᠎ᠡ ᠦᠷ᠎ᠡ ᠪᠦᠲᠦᠮᠵᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠦᠬᠦ ᠲᠠᠯ᠎ᠠ ᠶᠢᠨ ᠢᠯᠠᠯᠲᠠ ᠣᠯᠪᠠ᠃ ᠪᠦᠬᠦ ᠬᠤᠰᠢᠭᠤ ᠪᠠᠷ ᠢᠶᠠᠨ ᠭᠠᠪᠰᠢᠭᠠᠶᠢᠯᠠᠨ ᠪᠠᠶᠢᠯᠳᠤᠵᠤ᠂ 5200 ᠺᠠᠳ᠋ᠷ ᠠᠵᠢᠯᠳᠠᠨ ᠪᠠ ᠲᠣᠰᠬᠤᠨ ᠳᠤ ᠰᠠᠭᠤᠭ᠎ᠠ 600 ᠺᠠᠳ᠋ᠷ ᠰᠢᠷᠭᠠᠭᠤ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠯᠲᠡ ᠪᠣᠯᠤᠨ ᠤᠯᠤᠰ ᠤᠨ ᠭᠤᠷᠪᠠᠳᠠᠬᠢ ᠡᠲᠡᠭᠡᠳ ᠤᠨ ᠰᠤᠭᠤᠴᠢᠨ ᠰᠢᠯᠭᠠᠯᠲᠠ ᠵᠡᠷᠭᠡ ᠪᠠᠶᠢᠴᠠᠭᠠᠯᠲᠠ ᠳᠤ ᠴᠥᠮ ᠰᠢᠯᠢᠳᠡᠭ ᠬᠢᠷᠢ ᠪᠦᠲᠦᠮᠵᠢ ᠤᠯᠪᠠ᠃ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 27 ᠳ᠋ᠦᠩᠰᠢᠭᠤᠷ ᠲᠥᠭᠦᠷᠢᠭ ᠣᠷᠤᠭᠤᠯᠵᠤ ᠂ 651 ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ᠂ 3 ᠲᠦᠮᠡᠨ ᠡᠷᠦᠬᠡ ᠶᠢ ᠠᠮᠤᠷ ᠲᠦᠪᠰᠢᠨ ᠣᠷᠣᠨ ᠰᠠᠭᠤᠴᠠ ᠲᠠᠢ ᠪᠣᠯᠭᠠᠵᠤ᠂ 8 ᠲᠦᠮᠡᠨ ᠬᠦᠮᠦᠨ ᠠᠮᠠ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠂ 3 ᠲᠦᠮᠡᠨ ᠬᠦᠮᠦᠨ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠶᠠᠳᠠᠭᠤ ᠬᠦᠴᠢᠷᠲᠡᠢ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠭᠰᠠᠨ ᠬᠡᠦᠬᠡᠳ ᠨᠢᠭᠡ ᠴᠦ ᠪᠠᠶᠢᠬᠤ ᠥᠬᠡᠶ᠃ ᠪᠥᠬᠦ ᠬᠤᠰᠢᠭᠤᠨ ᠤ 5.2 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠠ 92 ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠱᠦᠭᠦᠷ ᠡᠪᠡᠰᠦᠨ ᠤ ᠠᠵᠤ ᠦᠢᠯᠡᠰ ᠤᠨ ︽ᠲᠠᠪᠤᠨ ᠬᠡᠯᠬᠢᠶ᠎ᠡ ᠶᠢ ᠨᠢᠭᠡᠳᠦᠯᠲᠡᠶ ᠲᠦᠯᠦᠪᠯᠡᠬᠦ︾ ᠶᠠᠳᠠᠭᠤ ᠶᠢ ᠲᠡᠳᠬᠦᠬᠦ ᠵᠠᠭᠪᠤᠷ③ ᠨᠢ ︽ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠬᠠᠮᠤᠭ ᠤᠨ ᠰᠣᠳᠤᠨ ᠬᠡᠷᠡᠭ ᠤᠨ ᠵᠢᠱᠢᠶ᠎ᠡ︾ ᠶᠢᠨ ᠢᠷᠠᠭᠤ ᠠᠯᠳᠠᠷ  ᠢ ᠭᠥᠷᠳᠡᠪᠡ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ︽ᠭᠤᠷᠪᠠᠨ ᠲᠣᠭᠤᠷᠢᠭ ᠭᠤᠷᠪᠠᠨ ᠱᠤᠭᠤᠮ︾④ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ︽ᠬᠤᠶᠠᠷ ᠢ ᠬᠤᠪᠢᠷᠠᠭᠤᠯᠵᠤ ᠬᠤᠶᠠᠷ ᠢ ᠨᠥᠬᠦᠪᠥᠷᠢᠯᠡᠬᠦ︾⑤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ 115 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢ ᠪᠠᠶᠢᠭᠤᠯᠤᠨ᠂ 87 ᠲᠦᠮᠡᠨ ᠮᠥ ᠣᠶᠢᠵᠢᠭᠤᠯᠵᠤ᠂ ᠦᠯᠵᠡᠶᠢᠮᠦ᠋ᠷᠡᠨ ᠭᠤᠤᠯ ᠤᠨ ᠤᠯᠤᠰ ᠤᠨ ᠨᠠᠮᠤᠭᠲᠤ ᠴᠡᠴᠡᠷᠯᠢᠭ ᠢ ᠪᠠᠶᠢᠭᠤᠯᠵᠤ ᠳᠠᠭᠤᠰᠬᠠᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠠ ᠣᠶ ᠰᠢᠭᠤᠶ ᠶᠢᠨ ᠪᠦᠷᠬᠦᠴᠡ ᠴᠥᠮ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠪᠠ᠃ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 81 ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ 23 ᠶᠢ ᠰᠢᠢᠳᠪᠦᠷᠢᠯᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠ ︽ᠡᠷᠭᠢᠴᠡᠭᠦᠯᠦᠯ︾ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠬᠠᠬᠰᠠᠨ 85 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠬᠤᠲᠠ ᠲᠣᠭᠤᠷᠢᠭ ᠤᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠦᠭᠡᠶᠢᠰᠬᠡᠨ᠂ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ 343 ᠡᠳᠦᠷ ᠲᠤ ᠬᠦᠷᠴᠦ᠂ ᠬᠤᠲᠠ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ 95% ᠪᠣᠯᠵᠤ᠂᠂ ᠲᠠᠷᠢᠶᠠᠨ ᠡᠮ᠂ ᠬᠢᠮᠢ ᠶᠢᠨ ᠪᠣᠷᠲᠣᠭᠤᠷ ᠵᠢᠴᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠡᠷᠡᠭᠯᠡᠬᠦ ᠬᠡᠮᠵᠢᠶ᠎ᠡ 3% ᠪᠠᠷ ᠪᠠᠭᠤᠷᠠᠨ᠂ ᠡᠵᠡᠭᠦᠢ ᠠᠭᠤᠷᠬᠠᠶ ᠶᠢᠨ ᠣᠷᠴᠢᠨ ᠲᠣᠭᠤᠷᠢᠨ ᠢ 8000 ᠮᠥ ᠰᠡᠷᠭᠦᠭᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 8 ᠶᠢ ᠪᠠᠶᠢᠭᠤᠯᠤᠨ᠂ ᠱᠠᠨ ᠶᠢᠨ ᠬᠤᠩ ᠯᠢᠩ ᠨᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠴᠣᠯᠠ ᠭᠥᠷᠳᠡᠪᠡ᠃ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠪᠡ᠃ ᠣᠯᠠᠨ ᠵᠦᠢᠯ ᠤᠨ ᠠᠷᠭ᠎ᠠ ᠪᠠᠷ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠨ᠂ ᠳᠡᠭᠡᠳᠦ ᠱᠠᠲᠤᠨ ᠤ ᠥᠷᠢ ᠥᠭᠴᠡᠭᠡ ᠠᠷᠢᠯᠭᠠᠭᠰᠠᠨ ᠱᠠᠩᠨᠠᠯ ᠤᠨ ᠮᠥᠩᠭᠦ ᠶᠢ 1.4 ᠳ᠋ᠦᠩᠰᠢᠭᠤᠷ ᠲᠥᠭᠦᠷᠢᠭ ᠣᠯᠵᠤ᠂ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠤᠯᠠᠪᠤᠷ ᠥᠩᠭᠡ ᠠᠴᠠ ᠪᠠᠭᠤᠷᠠᠭᠠᠳ ᠰᠢᠷ᠎ᠠ ᠥᠩᠭᠡ ᠪᠣᠯᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠬᠠᠷᠢᠴᠠᠯ 1.3 % ᠪᠤᠯᠵᠤ ᠪᠠᠭᠤᠷᠠᠪᠠ᠃ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠤᠳᠠᠲᠠᠶᠢᠵᠢᠭᠤᠯᠤᠨ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃      ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠰᠢᠨ᠎ᠡ ᠳᠦᠷᠰᠦ ᠪᠠᠶᠢᠳᠠᠯ ᠲᠠᠢ ᠪᠣᠯᠪᠠ᠃ ᠬᠤᠲᠠ ᠲᠣᠭᠤᠷᠢᠭ ᠤᠨ ᠳᠦᠷᠰᠦ ᠪᠠᠶᠢᠳᠠᠯ ᠴᠤ᠋ ᠰᠢᠨ᠎ᠡ ᠪᠣᠯᠪᠠ᠃ 27.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ 3609 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ᠂ 3542 ᠡᠷᠦᠬᠡ ᠰᠠᠭᠤᠭᠠᠯᠢ ᠠᠷᠠᠳ ᠢ ᠰᠢᠨ᠎ᠡ ᠣᠷᠣᠨ ᠰᠠᠭᠤᠴᠠ ᠳᠤ ᠨᠡᠭᠦᠯᠭᠡᠪᠡ᠃ ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠡᠮᠵᠢᠶᠡᠷᠢᠲᠦ ᠴᠡᠴᠡᠷᠯᠢᠭ ᠵᠡᠷᠭᠡ 7 ᠴᠡᠴᠡᠷᠯᠢᠭ ᠢ ᠠᠰᠢᠭᠯᠠᠯᠲᠠ ᠳᠤ ᠣᠷᠤᠭᠤᠯᠵᠤ᠂ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 25.7 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ︽ᠡᠭᠦᠳᠡ ᠭᠠᠷᠤᠮᠠᠭᠴᠠ ᠨᠣᠭᠤᠭᠠᠨ ᠥᠩᠭᠡ ᠲᠠᠢ ᠵᠣᠯᠭᠠᠨ᠂ ᠴᠢᠨᠠᠭᠰᠢ ᠶᠠᠪᠤᠪᠠᠯ ᠴᠡᠴᠡᠷᠯᠢᠭ ᠲᠤ ᠬᠦᠷᠬᠦ︾ ᠶᠢ ᠪᠡᠶᠡᠯᠡᠭᠦᠯᠪᠡ᠃ 81 ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠵᠦ᠂ ᠬᠤᠲᠠ ᠶᠢᠨ ᠶᠠᠪᠤᠳᠠᠯ ᠤᠨ ᠬᠤᠭᠤᠯᠠᠶ ᠰᠤᠪᠠᠭ 105 ᠺᠢᠯᠣᠮᠧᠲᠷ ᠪᠠ ᠬᠤᠲᠠ ᠲᠣᠭᠤᠷᠢᠭ ᠤᠨ ᠵᠠᠮ ᠢ 5 ᠺᠢᠯᠣᠮᠧᠲᠷ ᠰᠢᠨ᠎ᠡ ᠪᠠᠷ ᠳᠡᠪᠢᠰᠪᠡ᠃ ᠬᠤᠲᠠ ᠲᠣᠭᠤᠷᠢᠭ ᠤᠨ ᠪᠣᠷᠣ ᠲᠥᠯᠥᠪ 18 ᠲᠡᠭᠰᠢ ᠳᠥᠷᠪᠡᠯᠵᠢᠨ ᠺᠢᠯᠣᠮᠧᠲᠷ ᠠᠴᠠ ᠦᠷᠭᠡᠳᠦᠭᠡᠳ 22.5 ᠲᠡᠭᠰᠢ ᠳᠥᠷᠪᠡᠯᠵᠢᠨ ᠺᠢᠯᠣᠮᠧᠲᠷ  ᠪᠣᠯᠵᠤ᠂ ᠬᠥᠮᠦᠨ ᠠᠮᠠ 13 ᠲᠦᠮᠡ ᠶᠢ ᠳᠠᠪᠠᠪᠠ᠃ ᠬᠥᠳᠡᠭᠡ ᠲᠣᠰᠬᠤᠨ ᠤ ᠳᠦᠷᠢ ᠲᠥᠷᠬᠦ ᠢᠯᠡᠳᠲᠡ ᠰᠠᠶᠢᠵᠢᠷᠠᠪᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠥᠷᠨᠢᠭᠦᠯᠵᠦ᠂ 2929 ᠡᠷᠦᠬᠡ ᠶᠢᠨ ᠵᠣᠷᠯᠣᠩ ᠢ ᠥᠭᠡᠷᠡᠴᠢᠯᠡᠨ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ︽ᠡᠷᠦᠬᠡ ᠴᠤᠭᠯᠠᠭᠤᠯᠵᠤ᠂ ᠲᠣᠰᠬᠤᠨ ᠬᠤᠷᠢᠶᠠᠨ᠂ ᠰᠢᠶᠠᠩ ᠰᠢᠢᠳᠪᠦᠷᠢᠯᠡᠬᠦ︾ ᠲᠣᠭᠲᠠᠴᠠ ᠶᠢ  ᠪᠦᠷᠢᠯᠳᠦᠭᠦᠯᠵᠦ᠂ ᠮᠠᠯ ᠵᠢᠭᠦᠷᠲᠡᠨ ᠤ ᠪᠠᠭᠠᠰᠤ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 63% ᠪᠠᠶᠢᠭᠰᠠᠨ ᠠᠴᠠ 81% ᠪᠣᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ 65 % ᠪᠠᠶᠢᠭᠰᠠᠨ ᠠᠴᠠ 86 % ᠪᠣᠯᠪᠠ᠃ ᠬᠤᠲᠠ ᠬᠥᠳᠡᠭᠡ ᠶᠢᠨ ᠠᠶᠠᠨᠴᠢᠨ ᠤ ᠵᠥᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭᠠᠨ ᠤ ᠲᠤᠤᠷᠵᠢᠯ ᠢ ᠪᠠᠶᠢᠭᠤᠯᠵᠤ᠂ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ᠂ ᠠᠵᠢᠯᠯᠠᠭᠠᠨ ᠤ ᠲᠠᠰᠤᠭ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠢᠯᠥᠭᠡᠲᠦ ᠳᠡᠯᠭᠡᠭᠦᠷ ᠪᠣᠯᠤᠨ ᠠᠵᠢᠯᠯᠠᠭᠠᠨ ᠤ ᠠᠭᠤᠳᠠᠮ ᠲᠠᠯᠠᠪᠠᠶ ᠶᠢ ᠡᠯ᠎ᠡ ᠭᠠᠴᠠᠭ᠎ᠠ ᠲᠣᠰᠬᠤᠨ ᠳᠤ ᠨᠡᠶᠢᠳᠡᠮ ᠪᠠᠶᠢᠭᠤᠯᠤᠨ᠂ ᠠᠷᠪᠠᠨ ᠭᠤᠷᠪᠠᠨ ᠣᠪᠣᠭ᠎ᠠ ᠪᠠᠯᠭᠠᠰᠤ ᠨᠢ ᠤᠯᠤᠰ ᠤᠨ ︽ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ︾ ᠵᠢᠱᠢᠶ᠎ᠡ ᠦᠵᠡᠭᠦᠯᠬᠦ ᠬᠦᠴᠦᠷᠬᠡᠭ ᠪᠠᠯᠭᠠᠰᠤ ᠪᠠᠷ ᠦᠨᠡᠯᠡᠭᠳᠡᠵᠦ᠂ ᠯᠢᠨᠳᠦ᠋ᠩ ᠪᠠᠯᠭᠠᠰᠤᠨ ᠤ ᠬᠤᠶᠢᠲᠤ ᠰᠢᠩ ᠯᠦᠩ ᠳ᠋ᠢ ᠲᠣᠰᠬᠤᠨ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠶᠢᠨ ᠢᠷᠠᠭᠤ ᠠᠯᠳᠠᠷ ᠢ ᠬᠦᠷᠲᠡᠨ᠂ ᠬᠠᠷᠠᠬᠠᠳᠠ ᠪᠠᠯᠭᠠᠰᠤᠨ ᠤ ᠴᠢᠤᠸᠠᠨ ᠱᠧᠩ ᠲᠣᠰᠬᠤᠨ ᠤᠯᠤᠰ ᠤᠨ ᠣᠶ ᠰᠢᠭᠤᠶᠢᠲᠤ ᠲᠣᠰᠬᠤᠨ ᠢᠶᠠᠷ ᠦᠨᠡᠯᠡᠭᠳᠡᠪᠡ᠃ ᠬᠥᠭᠵᠢᠯᠲᠡ ᠶᠢᠨ ᠰᠠᠭᠤᠷᠢ ᠡᠳᠦᠷ ᠢᠷᠡᠬᠦᠶ᠎ᠡ ᠪᠠᠬᠢᠵᠢᠪᠡ᠃ ᠭᠢᠯᠦᠪᠡᠷ ᠵᠤᠤ ᠶᠢᠨ ᠰᠦᠮ᠎ᠡ ᠠᠴᠠ ᠯᠢᠶᠤᠤ ᠶᠢᠨ ᠳᠡᠭᠡᠳᠦᠰ ᠤᠨ ᠣᠩᠭᠤᠨ ᠤ ᠪᠠᠭᠤᠷᠢ ᠬᠦᠷᠬᠦ ᠵᠢᠭᠤᠯᠴᠢᠯᠠᠯ ᠤᠨ ᠵᠠᠰᠠᠮᠠᠯ ᠵᠠᠮ  ᠢ ᠨᠡᠪᠲᠡᠷᠡᠭᠦᠯᠵᠦ᠂ ᠤᠯᠤᠰ ᠤᠨ ᠵᠠᠮ 305 ᠱᠤᠭᠤᠮ ᠤᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠬᠡᠰᠡᠭ  ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠨᠡᠶᠢᠲᠡ 19.5 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠵᠤ 1593 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠪᠥᠬᠦ ᠤᠯᠤᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ 309 ᠰᠠᠭᠤᠷᠢ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠠᠬᠢᠵᠢᠭᠦᠯᠦᠨ᠂ 90 ᠰᠠᠭᠤᠷᠢ ᠴᠥᠭᠦᠷᠥᠮ ᠤᠨ ᠬᠠᠰᠢᠯᠭ᠎ᠠ ᠪᠠᠶᠢᠭᠤᠯᠵᠤ ᠤᠰᠤ ᠬᠠᠳᠠᠭᠠᠯᠠᠨ᠂ ᠬᠦᠪ ᠤᠨ ᠭᠤᠤ ᠤᠰᠤᠨ ᠠᠰᠢᠭᠯᠠᠯᠲᠠ ᠶᠢᠨ ᠭᠤᠣᠯ ᠢᠨᠵᠧᠨᠧᠷᠢᠩ ᠢ ᠠᠬᠢᠭᠤᠯᠪᠠ᠃ ᠲᠠᠷᠢᠶᠠᠯᠠᠩ ᠤᠨ ᠴᠠᠬᠢᠯᠭᠠᠨ ᠲᠣᠣᠷ ᠤᠨ ᠳᠠᠩ ᠴᠣᠭᠴᠠᠲᠤ ᠢᠨᠵᠧᠨᠧᠷᠢᠩ 39 ᠶᠢ ᠬᠡᠷᠡᠭᠵᠢᠭᠦᠯᠵᠦ᠂ ᠹᠦ᠋ ᠱᠠᠨ 66 ᠬᠢᠯᠦᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ ᠠᠰᠢᠭᠯᠠᠯᠲᠠ ᠳᠤ ᠣᠷᠣᠭᠤᠯᠪᠠ᠃ ᠭᠠᠴᠠᠭ᠎ᠠ ᠲᠣᠰᠬᠤᠨ ᠳᠤ 4G ᠰᠦᠯᠵᠢᠶ᠎ᠡ ᠶᠢ ᠨᠡᠶᠢᠳᠡᠮ ᠪᠥᠷᠬᠦᠭᠦᠯᠪᠡ᠃      ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃ ᠥᠭᠡᠷᠡᠴᠢᠯᠡᠯᠲᠡ ᠶᠢ ᠦᠷᠭᠡᠳᠬᠡᠨ ᠭᠦᠨᠵᠡᠭᠡᠶᠢᠷᠡᠭᠦᠯᠪᠡ᠃ ᠨᠠᠮ ᠵᠠᠰᠠᠭ ᠤᠨ ᠪᠠᠶᠢᠭᠤᠯᠤᠮᠵᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠠ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠵᠤ ᠡᠵᠡᠩᠨᠡᠬᠦ ᠡᠷᠬᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠨᠢ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠳᠤ ᠠᠵᠢᠯ ᠤᠨ ᠠᠮᠵᠢᠯᠲᠠ ᠪᠦᠲᠦᠮᠵᠢ ᠶᠢᠨ ᠰᠢᠯᠢᠳᠡᠭ ᠲᠠᠰ ᠢᠶᠠᠷ ᠦᠨᠡᠯᠡᠭᠳᠡᠨ᠂ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠭᠥᠷᠳᠡᠭᠰᠡᠳ ᠪᠠ ᠣᠨᠴᠠ ᠬᠦᠴᠢᠷᠳᠡᠯᠲᠡᠶ ᠠᠰᠠᠷᠠᠨ ᠲᠡᠵᠢᠭᠡᠭᠰᠡᠳ ᠤᠨ ᠮᠠᠭᠠᠳᠯᠠᠨ ᠲᠣᠭᠲᠠᠭᠠᠯᠲᠠ ᠪᠠ ᠬᠠᠮᠢᠶᠠᠷᠤᠯᠲᠠ ᠨᠢ ᠪᠥᠬᠦ ᠤᠯᠤᠰ ᠤᠨ ᠠᠩᠬᠠᠳᠠᠭᠴᠢ ISO9001 ᠶᠠᠰᠤ ᠴᠢᠨᠠᠷ ᠤᠨ ᠬᠠᠮᠢᠶᠠᠷᠤᠯᠲᠠ ᠶᠢᠨ ᠭᠡᠷᠡᠴᠢᠯᠡᠯ ᠢ ᠥᠩᠭᠡᠷᠡᠭᠡᠵᠦ᠂ ᠪᠥᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠠᠷᠪᠠᠨ ᠰᠣᠳᠣᠨ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 164 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠨ︾᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 90 % ᠬᠦᠷᠴᠦ᠂ 136 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠦᠨ᠂ ᠪᠠᠷᠢᠨ ᠭᠦᠢᠴᠡᠳᠬᠡᠬᠦ ᠵᠦᠢᠯᠡᠰ ᠤᠨ ᠡᠵᠡᠯᠡᠬᠦ ᠬᠠᠷᠢᠴᠠᠯ 66 % ᠬᠦᠷᠴᠦ᠂ ᠬᠢᠨᠠᠨ ᠵᠥᠪᠰᠢᠶᠡᠷᠡᠬᠦ ᠴᠠᠭ ᠢ ᠨᠡᠶᠢᠳᠡᠮ ᠳᠤ ᠪᠠᠨ 85 % ᠪᠠᠷ ᠪᠠᠭᠠᠰᠬᠠᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠤ᠂ ︽ᠲᠥᠷᠥᠯ ᠵᠦᠢᠯ  ᠤᠨ ᠬᠠᠮᠢᠶᠠᠷᠤᠭᠴᠢ︾ ᠶᠢᠨ ᠳᠦᠷᠢᠮ ᠢ ᠬᠡᠷᠡᠭᠵᠢᠭᠦᠯᠦᠨ᠂ 105 ᠭᠤᠣᠯᠳᠠᠯᠭ᠎ᠠ ᠲᠠᠢ ᠲᠥᠷᠥᠯ ᠵᠦᠢᠯ ᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠪᠡ᠃  ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠰᠢᠨ᠎ᠡ ᠲᠡᠮᠳᠡᠭᠯᠡᠯ ᠢ ᠡᠭᠦᠳᠪᠡ᠃ ᠱᠠᠨᠳᠦ᠋ᠩ ᠤᠨ ᠵᠦᠩ ᠱᠠᠨ ᠪᠠ ᠭᠤᠸᠠᠩᠳᠦ᠋ᠩ ᠤᠨ ᠬᠤᠩ ᠳ᠋ᠠ ᠵᠡᠷᠭᠡ ᠪᠡᠯᠡ ᠣᠷᠣᠭᠤᠯᠤᠯᠲᠠ ᠶᠢᠨ ᠠᠵᠤ ᠠᠬᠤᠶᠢᠯᠠᠯ 72 ᠶᠢ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 356 ᠳ᠋ᠦᠩᠰᠢᠭᠤᠷ ᠲᠥᠭᠦᠷᠢᠭ ᠤᠨ 111 ᠲᠥᠷᠦᠯ ᠵᠦᠢᠯ ᠤᠨ ᠭᠡᠷ᠎ᠡ ᠲᠣᠭᠲᠠᠨ᠂ ᠽᠢ ᠴᠤᠸᠠᠨ ᠨᠡᠭᠦᠷᠡᠰᠦᠨ ᠰᠢᠷᠬᠡᠭᠯᠢᠭ ᠪᠠ ᠬᠤᠩ ᠲᠠᠢ ᠰᠢᠨ᠎ᠡ ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠦᠯ ᠵᠦᠢᠯ ᠢ ᠬᠦᠭᠵᠢᠭᠦᠯᠵᠦ᠂ ᠲᠥᠷᠦᠯ ᠵᠦᠢᠯ ᠤᠨ ᠲᠤᠭ᠎ᠠ ᠪᠣᠯᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠵᠢᠯ ᠳᠤᠮᠳᠠᠴᠢ ᠪᠠᠷ ᠲᠤᠰ ᠲᠤᠰ 13 % ᠪᠣᠯᠤᠨ 19 % ᠪᠠᠷ ᠨᠡᠮᠡᠭᠳᠡᠨ᠂ ᠭᠤᠷᠪᠠᠨ ᠵᠢᠯ ᠳᠠᠷᠠᠭᠠᠯᠠᠨ ᠪᠦᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠭᠰᠠᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃       ᠠᠷᠠᠳ ᠤᠨ ᠠᠮᠢᠳᠤᠷᠠᠯ  ᠢ ᠰᠢᠨ᠎ᠡ ᠲᠦᠪᠰᠢᠨ ᠳᠤ ᠬᠦᠷᠭᠡᠪᠡ᠃ ᠠᠷᠠᠳ ᠤᠨ ᠦᠨᠳᠦᠰᠦᠨ ᠠᠮᠢᠳᠤᠷᠠᠯ ᠤᠨ ︽ᠪᠠᠲᠤᠯᠠᠭ᠎ᠠ ᠶᠢᠨ ᠲᠤᠤᠷ︾ ᠨᠠᠩ ᠪᠠᠲᠤ ᠪᠠᠬᠢ ᠪᠣᠯᠪᠠ᠃ ᠲᠦᠷᠪᠡᠨ ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ  ᠨᠡᠶᠢᠳᠡ112 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 79% ᠶᠢ ᠡᠵᠡᠯᠡᠪᠡ᠃ ᠬᠤᠲᠠ ᠪᠠᠯᠭᠠᠰᠤᠨ ᠳᠤ 5510 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠯᠲᠠ ᠶᠢ 5.2 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ ᠡᠯ᠎ᠡ ᠵᠦᠢᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 34.3 ᠳ᠋ᠦᠩᠰᠢᠭᠤᠷ ᠲᠥᠭᠦᠷᠢᠭ ᠲᠠᠷᠬᠠᠭᠠᠵᠤ᠂ ᠠᠳᠠᠯᠢ ᠬᠤᠭᠤᠴᠠᠭᠠᠨ ᠤ ᠬᠢ ᠠᠴᠠ 31% ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠳᠥᠷᠪᠡᠨ ᠵᠢᠯ ᠳᠠᠷᠠᠭᠠᠯᠠᠨ ᠮᠠᠩᠯᠠᠶᠢᠯᠠᠪᠠ︾᠃ ᠨᠡᠶᠢᠭᠡᠮ ᠤᠨ ᠠᠵᠢᠯ ᠦᠢᠯᠡᠰ ᠤᠨ ︽ᠲᠦᠭᠡᠮᠡᠯ ᠬᠠᠷᠠᠭᠠᠯᠵᠠᠯᠲᠤ ᠰᠦᠯᠵᠢᠶ᠎ᠡ︾ ᠤᠯᠠᠮ ᠵᠣᠬᠢᠴᠠᠩᠭᠤᠶ ᠪᠣᠯᠪᠠ᠃ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ 41 ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠬᠤᠰᠢᠭᠤ ᠳᠤ ᠣᠷᠤᠪᠠ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ ᠤᠯᠤᠰ ᠤᠨ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠪᠠ᠃ ᠣᠯᠠᠨ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ 13 ᠤᠳᠠᠭ᠎ᠠ ᠡᠷᠭᠢᠯᠡᠵᠦ᠂ ᠤᠯᠠᠭᠠᠨᠮᠥ᠋ᠴᠢᠷ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠭᠡᠷ ᠲᠥᠷᠥᠯ ᠤᠨ ᠤᠯᠠᠭᠠᠨᠮᠥ᠋ᠴᠢᠷ ᠢᠶᠠᠷ ᠦᠨᠡᠯᠡᠭᠳᠡᠨ᠂ ᠮᠦᠽᠧᠶ ᠨᠢ ᠤᠯᠤᠰ ᠤᠨ ᠬᠤᠶᠠᠳᠤᠭᠠᠷ ᠳᠡᠰ ᠤᠨ ᠮᠦᠽᠧᠶ ᠪᠣᠯᠵᠤ ᠲᠠᠰ ᠳᠡᠪᠰᠢᠪᠡ᠃ ᠤᠯᠤᠰ ᠤᠨ ᠲᠤᠰᠬᠠᠶ ᠠᠰᠢᠭ ᠢ 183 ᠵᠦᠢᠯ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ 11 ᠶᠢ ᠪᠠᠶᠢᠭᠤᠯᠪᠠ᠃ ᠨᠡᠶᠢᠭᠡᠮ ᠤᠨ ᠡᠶ᠎ᠡ ᠵᠣᠬᠢᠴᠠᠯ ᠤᠨ ︽ᠠᠮᠤᠷ ᠲᠦᠪᠰᠢᠨ ᠤ ᠰᠦᠯᠵᠢᠶ᠎ᠡ︾ ᠤᠯᠠᠮ ᠪᠠᠬᠢᠵᠢᠪᠡ᠃ ᠠᠮᠤᠷ ᠠᠮᠤᠭᠤᠯᠠᠩ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠮᠵᠢᠯᠲᠠ ᠲᠠᠢ ᠳᠠᠭᠤᠰᠬᠠᠨ᠂ ᠬᠡᠷᠡᠭ ᠡᠭᠦᠰᠦᠭᠰᠡᠨ ᠲᠤᠭ᠎ᠠ ᠵᠢᠯ ᠳᠠᠷᠠᠭᠠᠯᠠᠨ ᠪᠠᠭᠠᠰᠴᠤ᠂ ᠠᠮᠢᠨ ᠬᠡᠷᠡᠭ ᠪᠠ ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠪᠦᠬᠦᠨ ᠢ ᠪᠠᠶᠢᠴᠠᠭᠠᠨ ᠢᠯᠡᠷᠡᠭᠦᠯᠪᠡ᠃ ᠱᠠᠰᠢᠨ ᠰᠤᠷᠲᠠᠬᠤᠨ ᠤ ᠡᠯ᠎ᠡ ᠬᠦᠷᠢᠶᠡᠨ ᠤ ᠠᠵᠢᠯ ᠢ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠤᠨ᠂ ᠠᠷᠠᠳ ᠤᠨ ᠡᠶᠡᠳᠡᠭᠦᠯᠭᠡ ᠶᠢᠨ ᠠᠮᠵᠢᠯᠲᠠ ᠣᠯᠤᠭᠰᠠᠨ ᠨᠣᠷᠮ᠎ᠠ 98 % ᠳᠤ ᠬᠦᠷᠴᠦ᠂ ᠵᠠᠬᠢᠳᠠᠯ ᠰᠣᠷᠪᠤᠯᠵᠢᠯᠠᠯ ᠢ 274 ᠬᠤᠪᠢ ᠰᠢᠢᠳᠪᠦᠷᠢᠯᠡᠨ᠂ ᠵᠠᠬᠢᠳᠠᠯ ᠰᠣᠷᠪᠤᠯᠵᠢᠯᠠᠯ ᠤᠨ ︽ᠭᠤᠷᠪᠠᠨ ᠨᠣᠷᠮ᠎ᠠ︾⑥ ᠶᠢ ᠪᠦᠬᠦ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠭᠤᠯᠪᠠ᠃ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ︽ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠥᠷᠨᠢᠭᠦᠯᠵᠦ᠂ ᠲᠥᠪ ᠤᠨ ᠨᠠᠢᠮᠠᠨ ᠵᠣᠷᠪᠤᠰ ᠲᠣᠭᠲᠠᠭᠠᠯ ᠪᠠ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠡᠳ᠋ ᠤᠨ ᠵᠠᠰᠠᠭ ᠤᠨ ᠵᠠᠷᠤᠯᠭ᠎ᠠ ᠳᠠᠬᠢ ︽ᠭᠤᠷᠪᠠᠨ ᠠᠯᠪᠠᠨ ᠤ ᠵᠠᠷᠤᠳᠠᠯ︾ ᠤᠨ ᠡᠵᠡᠯᠡᠬᠦ ᠬᠤᠪᠢ ᠶᠢᠨ ᠵᠢᠩ ᠢ ᠦᠷᠭᠦᠯᠵᠢᠯᠡᠨ ᠪᠠᠭᠤᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠨᠡᠶᠢᠲᠡ 526 ᠬᠤᠪᠢ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠪᠡ᠃ ︽ᠳᠣᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠵᠡᠷᠭᠡ ᠴᠢᠬᠤᠯᠠ ᠶᠡᠭᠡ ᠤᠯᠤᠰ ᠤᠨ ᠪᠠᠶᠢᠳᠠᠯ ᠪᠣᠯᠤᠨ ᠤᠯᠤᠰ ᠤᠨ ᠬᠦᠴᠦᠨ ᠤ ᠪᠠᠶᠢᠴᠠᠭᠠᠯᠲᠠ ᠶᠢ ᠪᠡᠶᠡᠯᠡᠭᠦᠯᠪᠡ᠃ ᠦᠵᠡᠯ ᠤᠬᠠᠮᠰᠠᠷ ᠤᠨ ᠬᠡᠯᠪᠡᠷᠢ᠂ ᠭᠠᠳᠠᠭᠠᠳᠤ ᠶᠠᠪᠤᠳᠠᠯ ᠨᠢᠭᠤᠴᠠ ᠶᠢ ᠬᠠᠮᠠᠭᠠᠯᠠᠬᠤ᠂ ᠬᠢᠨᠠᠨ ᠪᠣᠳᠣᠯᠲᠠ ᠳᠠᠩᠰᠠ ᠡᠪᠬᠡᠮᠡᠯ᠂ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠢᠴᠢ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号