2021 ᠣᠨ ᠪᠣᠯ ᠠᠷᠪᠠᠨ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠬᠠᠮᠤᠭ ᠤᠨ ᠰᠡᠭᠦᠯᠴᠢ | ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠠᠬᠢᠭᠤᠯᠵᠤ᠂ ᠬᠤᠰᠢᠭᠤᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤ ᠤᠳᠠᠭᠠᠨ ᠤ ᠬᠤᠷᠠᠯᠳᠤᠭᠠᠨ ᠢᠶᠠᠷ | ᠪᠠᠲᠤᠯᠠᠭᠰᠠᠨ ᠠᠵᠢᠯ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠪᠥᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 6.5 % ᠨᠡᠮᠡᠭᠳᠵᠡᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 10.9% ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10% | ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 6.5 % | ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠤᠪᠢᠶᠠᠷᠢᠯᠠᠵᠤ | ᠪᠣᠯᠬᠤ ᠣᠷᠣᠯᠭ᠎ᠠ ᠲᠣᠰ ᠲᠣᠰ 6.5% ᠪᠠ 8.5 % ᠨᠡᠮᠡᠭᠳᠡᠪᠡ᠃ ᠬᠥᠭᠵᠢᠯᠲᠡ ᠶᠢᠨ ᠬᠦᠳᠡᠯᠭᠡᠭᠴᠢ ᠡᠨᠧᠷᠭᠢ | ᠴᠢᠩᠭᠠᠷᠠᠪᠠ᠃ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 46 ᠶᠢ | ᠪᠦᠬᠦᠨ ᠢ ᠠᠵᠢᠯ ᠡᠬᠢᠯᠡᠭᠦᠯᠦᠨ᠂ 34.7 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠲᠠᠰ ᠳᠡᠪᠰᠢᠭᠦᠯᠵᠦ᠂ 16 ᠶᠡᠷᠦᠩᠬᠡᠢ ᠦᠢᠯᠡᠴᠢᠯᠡᠭᠡᠨ ᠤ ᠴᠣᠩᠬᠤ ᠪᠠ | 8 ᠲᠤᠰᠬᠠᠶ ᠲᠣᠭᠤᠷᠢᠭ ᠭᠠᠷᠭᠠᠵᠤ᠂ ᠬᠢᠨᠠᠨ ᠵᠦᠪᠰᠢᠶᠡᠷᠡᠯ ᠳᠤ ᠬᠤᠯᠪᠣᠭᠳᠠᠭᠰᠠᠨ 40 ᠰᠠᠯᠠᠭ᠎ᠠ ᠮᠥᠴᠢᠷ ᠢ 100 | % ᠪᠠᠷ ᠲᠥᠪᠯᠡᠷᠡᠭᠦᠯᠦᠨ ᠠᠵᠢᠯᠯᠠᠭᠤᠯᠵᠤ᠂ 12345 ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠭᠤᠷᠪᠠᠨ | ᠨᠣᠷᠮ᠎ᠠ︾⑦ ᠴᠦᠮ 95% ᠠᠴᠠ ᠳᠡᠭᠡᠭᠰᠢ ᠪᠠᠶᠢᠪᠠ᠃ ︽ᠰᠢᠷᠣᠶ ᠶᠢ ᠤᠷᠢᠳᠠᠪᠠᠷ ᠮᠠᠯᠲᠠᠵᠤ︾ ᠳᠤᠲᠠᠭᠤ | ᠪᠠᠶᠢᠬᠤ ᠶᠢ ᠵᠦᠪᠰᠢᠶᠡᠷᠡᠨ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ⑧ ᠢ ᠬᠡᠷᠡᠭᠵᠢᠭᠦᠯᠵᠦ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠭᠠᠳ 54 | ᠠᠵᠢᠯᠯᠠᠬᠤ ᠡᠳᠦᠷ ᠪᠣᠯᠭᠠᠪᠠ᠃ ᠪᠦᠬᠦ ᠵᠢᠯ ᠳᠤ 30 ᠲᠦᠷᠥᠯ ᠵᠦᠢᠯ ᠢ ᠣᠷᠤᠭᠤᠯᠤᠨ ᠠᠪᠴᠢᠷᠠᠵᠤ᠂ ᠨᠡᠶᠢᠲᠡ 46. | 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠵᠢᠯ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ | ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠢ ᠦᠷᠨᠢᠭᠦᠨ ᠬᠦᠭᠵᠢᠪᠡ᠃ ᠲᠠᠷᠢᠶᠠᠯᠠᠬᠤ | ᠣᠷᠣᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ 9 ᠪᠠᠭ᠎ᠠ ᠲᠣᠭᠤᠷᠢᠭ ᠪᠠ ᠮᠠᠯᠵᠢᠬᠤ ᠣᠷᠣᠨ ᠤ ᠭᠡᠷ | ᠪᠦᠯᠢ ᠶᠢᠨ ᠮᠠᠯᠵᠢᠯ ᠤᠨ ᠲᠠᠯᠠᠪᠠᠢ 30 ᠶᠢ ᠬᠥᠭᠵᠢᠭᠦᠯᠵᠦ᠂ ︽ᠨᠠᠶᠢᠳᠠᠨ ᠲᠡᠵᠢᠭᠡᠯᠭᠡᠵᠦ ᠦᠷᠡᠵᠢᠭᠦᠯᠬᠦ︾⑨ ᠪᠠᠷ | ᠳᠠᠮᠵᠢᠭᠤᠯᠤᠨ 7 ᠲᠣᠰᠬᠤᠨ ᠳᠤ 389 ᠰᠢᠨ᠎ᠡ ᠲᠡᠵᠢᠭᠡᠨ ᠦᠷᠡᠵᠢᠭᠦᠯᠬᠦ ᠡᠷᠦᠬᠡ ᠭᠠᠷᠭᠠᠵᠤ᠂ ᠠᠯᠠᠰᠢᠨ ᠦᠬᠡᠷ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠠᠩᠬ᠎ᠠ ᠠᠯᠬᠤᠮ ᠪᠦᠲᠦᠭᠡᠨ ᠪᠠᠶᠢᠭᠤᠯᠪᠠ᠃ ᠱᠦᠭᠦᠷ | ᠡᠪᠡᠰᠦᠨ ᠤ ᠠᠵᠤ ᠦᠢᠯᠡᠰ ᠤᠨ ᠲᠣᠭᠤᠷᠢᠭ ᠪᠠ ᠱᠠᠩ ᠵᠢᠩ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠪᠣᠯᠪᠠᠰᠤᠷᠠᠭᠤᠯᠤᠨ ᠡᠳ᠋ᠰᠢᠭᠦᠯᠬᠦ ᠲᠣᠭᠤᠷᠢᠭ ᠨᠢ ︽ᠪᠦᠬᠦ ᠤᠯᠤᠰ ᠤᠨ ᠬᠥᠳᠡᠭᠡ ᠲᠣᠰᠬᠤᠨ ᠤ ᠦᠢᠯᠡᠰ | ᠪᠣᠰᠬᠠᠬᠤ ᠬᠦᠷᠢᠶᠡᠯᠡᠩ ᠤᠨ ᠨᠡᠷᠡᠰ︾ ᠲᠤ ᠵᠢᠭᠰᠠᠭᠠᠭᠳᠠᠪᠠ᠃ ᠤᠯᠠᠭᠠᠨᠬᠠᠳᠠ ᠶᠢᠨ ᠬᠤᠩ ᡁᠢ 3000 ᠲᠣᠯᠣᠭᠠᠢ | ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠲᠠᠯᠠᠪᠠᠢ ᠶᠢ ᠡᠬᠢᠯᠡᠨ ᠪᠠᠶᠢᠭᠤᠯᠵᠤ᠂ ᠬᠠᠷ᠎ᠠ ᠡᠯᠵᠢᠭᠡᠨ ᠤ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠬᠡᠪᠴᠢᠶᠡᠵᠢᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ | 8.4 ᠲᠦᠮᠡᠨ ᠮᠤ᠋ ᠪᠠ ᠪᠦᠷᠬᠦᠭᠦᠯ ᠥᠬᠡᠶ ᠭᠦᠢᠬᠡᠨ ᠲᠠᠷᠢᠵᠤ ᠳᠤᠰᠤᠯᠭᠠᠨ ᠤᠰᠤᠯᠠᠬᠤ ᠭᠠᠵᠠᠷ 5 ᠲᠦᠮᠡᠨ ᠮᠤ᠋ | ᠪᠣᠯᠭᠠᠪᠠ᠃ ᠪᠠᠭᠠᠷᠢᠨ ᠵᠡᠭᠦᠨ ᠬᠤᠰᠢᠭᠤᠨ ᠤ ᠬᠤᠨᠢᠨ ᠮᠢᠬ᠎ᠠ᠂ ᠯᠢᠨᠳᠦ᠋ᠩ ᠤᠨ ᠰᠢᠷ᠎ᠠ ᠠᠯᠢᠮ᠎ᠠ ᠵᠢᠴᠢ ᠬᠠᠷᠠᠬᠠᠳᠠ | ᠶᠢᠨ ᠡᠷᠳᠡᠨᠢ ᠰᠢᠰᠢ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠡᠷᠡᠰ ᠲᠤ ᠣᠷᠣᠭᠤᠯᠪᠠ᠃ ᠠᠵᠤ ᠦᠢᠯᠡᠳᠪᠦᠷᠢ ᠲᠦᠷᠭᠡᠨ ᠪᠥᠭᠡᠳ ᠯᠠᠪᠳᠠᠭᠤᠨ ᠬᠦᠭᠵᠢᠪᠡ᠃ ᠫᠧᠩ ᠹᠧᠩ | ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠲᠣᠨ ᠤᠰᠤ ᠦᠭᠡᠢ ᠹᠯᠣᠷᠲᠤ ᠤᠰᠤᠲᠥ᠋ᠷᠥᠭᠴᠢ | ᠪᠣᠯᠪᠠᠰᠤᠷᠠᠭᠤᠯᠬᠤ ᠨᠢᠭᠡᠳᠦᠭᠡᠷ ᠬᠤᠭᠤᠴᠠᠭ᠎ᠠ᠂ ᠢᠦᠢ ᠪᠠᠩ ᠠᠭᠤᠷᠬᠠᠢ ᠶᠢᠨ ᠦᠢᠯᠡᠰ ᠤᠨ ᠡᠳᠦᠷ ᠪᠦᠷᠢ 5000 | ᠲᠣᠨ ᠬᠦᠳᠡᠷ ᠰᠢᠯᠢᠵᠦ ᠥᠷᠭᠡᠳᠬᠡᠨ ᠪᠠᠶᠢᠭᠤᠯᠬᠤ ᠵᠢᠴᠢ ᠶᠢᠨ ᠹᠠᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ | ᠠᠰᠢᠭᠯᠠᠬᠤ ᠨᠢᠭᠡᠳᠦᠭᠡᠷ ᠬᠤᠭᠤᠴᠠᠭ᠎ᠠ ᠵᠡᠷᠭᠡ ᠲᠥᠷᠦᠯ ᠵᠦᠢᠯ ᠢ ᠠᠰᠢᠭᠯᠠᠯᠲᠠ ᠳᠤ ᠣᠷᠤᠭᠤᠯᠤᠨ᠂ ᠭᠤᠸᠠᠩᠳᠦ᠋ᠩ | ᠤᠨ ᠬᠤᠩ ᠳ᠋ᠠ ᠪᠣᠯᠤᠨ ᠵᠢᠢ ᠠᠨ ᠬᠢᠮᠢ ᠶᠢᠨ ᠠᠵᠤ ᠦᠢᠯᠡᠳᠪᠦᠷᠢ ᠶᠢ ᠳᠠᠬᠢᠨ ᠪᠠᠶᠢᠭᠤᠯᠵᠤ᠂ ᠳ᠋ᠤᠤ ᠰᠢᠨ ᠬᠡᠢ | ᠪᠡᠶᠡᠲᠦ ᠪᠠ ᠯᠧᠢ ᠰᠢᠨ ᠴᠢᠯᠠᠭᠤᠨ ᠮᠠᠲ᠋ᠧᠷᠢᠶᠠᠯ ᠵᠡᠷᠭᠡ 5 ᠲᠥᠷᠦᠯ ᠵᠦᠢᠯ ᠨᠢ ᠹᠧᠩ ᠬᠤᠸᠠᠩ ᠱᠠᠨ ᠠᠵᠤ | ᠦᠢᠯᠡᠳᠪᠦᠷᠢ ᠲᠥᠪᠯᠡᠷᠡᠭᠰᠡᠨ ᠲᠣᠭᠤᠷᠢᠭ ᠲᠤ ᠰᠠᠭᠤᠷᠢᠰᠢᠵᠠᠢ᠃ ᠳᠤᠮᠳᠠᠳᠤ ᠶᠢᠨ ᠥᠩᠭᠡᠲᠦ ᠲᠡᠮᠦᠷᠯᠢᠭ ᠤᠨ | ᠪᠠᠶᠠᠨᠨᠢᠷᠤᠭᠤ ᠠᠭᠤᠷᠬᠠᠶ ᠶᠢᠨ ᠰᠲ᠋ᠣᠺ ᠤᠨ ᠡᠷᠬᠡ ᠶᠢᠨ ᠠᠰᠢᠭ ᠣᠯᠵᠠᠪᠤᠷᠢ ᠶᠢ ᠮᠠᠨ ᠤ ᠬᠤᠰᠢᠭᠤᠨ ᠳᠤ | ᠠᠮᠵᠢᠯᠲᠠ ᠲᠠᠢ ᠪᠠᠷ ᠰᠢᠯᠵᠢᠭᠦᠯᠪᠡ᠃ ᠦᠢᠯᠡᠴᠢᠯᠡᠭᠡᠨ ᠤ ᠦᠢᠯᠡᠰ ᠪᠠᠳᠠᠷᠠᠨ ᠬᠦᠭᠵᠢᠪᠡ᠃ ᠭᠢᠳᠠᠨ ᠰᠣᠶᠣᠯ ᠤᠨ | ᠠᠵᠤ ᠦᠢᠯᠡᠰ ᠤᠨ ᠲᠣᠭᠤᠷᠢᠭ ᠨᠢ ᠤᠯᠤᠰ ᠤᠨ 3A ᠲᠠᠰ ᠤᠨ ᠦᠵᠡᠮᠵᠢ ᠶᠢᠨ ᠣᠷᠣᠨ ᠪᠣᠯᠵᠣ᠂ ᠯᠢᠶᠣᠤ ᠶᠢᠨ | ᠳᠡᠭᠡᠳᠦ ᠨᠡᠶᠢᠰᠯᠡᠯ ᠤᠨ ᠪᠠᠭᠤᠷᠢ ᠪᠠ ᠮᠦᠽᠧᠶ ᠶᠢᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠵᠢᠴᠢ ᠭᠢᠯᠦᠪᠡᠷ | ᠵᠤᠤ ᠶᠢᠨ ᠰᠦᠮ᠎ᠡ ᠶᠢᠨ ᠦᠵᠡᠮᠵᠢ ᠶᠢᠨ ᠣᠷᠤᠨ ᠵᠡᠷᠭᠡ ᠲᠥᠷᠥᠯ ᠵᠦᠢᠯ ᠪᠠᠷᠢᠯᠭ᠎ᠠ ᠳᠠᠭᠤᠰᠴᠤ᠂ ︽ᠭᠢᠳᠠᠨ ᠰᠤᠶᠤᠯ | ᠢ ᠰᠣᠨᠢᠷᠬᠠᠵᠤ᠂ ᠳᠡᠭᠡᠳᠦ ᠨᠡᠶᠢᠰᠯᠡᠯ ᠢ ᠪᠠᠭ᠋ᠠᠷᠬᠠᠬᠤ︾ ᠵᠢᠭᠤᠯᠴᠢᠯᠠᠯ ᠤᠨ ᠠᠵᠢᠯᠯᠠᠭ᠎ᠠ ᠨᠢ ᠪᠥᠬᠦ ᠤᠯᠤᠰ ᠤᠨ | ᠰᠣᠶᠣᠯ ᠤᠨ ᠥᠪ ᠤᠨ ᠵᠢᠭᠤᠯᠴᠢᠯᠠᠯ ᠤᠨ ᠵᠠᠭᠤᠨ ᠬᠦᠴᠦᠷᠬᠡᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠶᠢᠨ ᠲᠥᠷᠥᠯ ᠵᠦᠢᠯ ᠨᠢ ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ | ᠪᠤᠳᠠᠰ ᠤᠨ ᠭᠦᠢᠯᠭᠡᠭᠡᠨ ᠤ ᠰᠦᠯᠵᠢᠶᠡᠨ ᠴᠡᠭ ᠢ ᠭᠠᠴᠠᠭ᠎ᠠ ᠲᠣᠰᠬᠤᠨ ᠳᠤ ᠨᠡᠶᠢᠳᠡᠮ ᠳᠡᠯᠭᠡᠷᠡᠭᠦᠯᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠣᠭᠤᠮᠲᠠ ᠰᠢᠪᠲᠤᠯᠤᠨ ᠠᠵᠢᠯ ᠡᠬᠢᠯᠡᠪᠡ᠃ ᠨᠡᠶᠢᠲᠡ5.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 289 | ᠲᠥᠷᠥᠯ ᠵᠦᠢᠯ ᠢ ᠨᠠᠶᠢᠳᠠᠪᠦᠷᠢᠵᠢᠭᠤᠯᠪᠠ᠃ 356 ᠰᠢᠯᠢᠳᠡᠭ ᠺᠠᠳ᠋ᠷ ᠢ ᠰᠤᠩᠭᠤᠨ ᠭᠠᠴᠠᠭ᠎ᠠ ᠲᠤᠰᠬᠤᠨ ᠳᠤ | ᠲᠣᠮᠢᠯᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠣᠷᠤᠯᠴᠠᠭᠤᠯᠪᠠ᠃ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠤᠭ ᠨᠣᠪᠰᠢ ᠶᠢ ᠬᠠᠯᠠᠭᠠᠨ | ᠵᠠᠳᠠᠷᠠᠭᠤᠯᠬᠤ ᠥᠷᠲᠡᠭᠡ᠂ ᠬᠤᠭ ᠨᠣᠪᠰᠢ ᠪᠤᠯᠠᠬᠤ ᠲᠠᠯᠠᠪᠠᠢ ᠵᠢᠴᠢ ᠪᠣᠷᠳᠣᠭᠤᠷ ᠣᠪᠣᠭᠠᠯᠠᠬᠤ ᠲᠥᠪ 49 ᠶᠢ | ᠪᠠᠶᠢᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠴᠡᠭ 100 ᠶᠢ ᠰᠢᠨ᠎ᠡ ᠪᠠᠷ ᠭᠠᠷᠭᠠᠵᠤ᠂ | ᠬᠤᠷᠢᠶᠠᠨ ᠠᠪᠴᠤ ᠠᠰᠢᠭᠯᠠᠬᠤ ᠨᠣᠷᠮ᠎ᠠ ᠨᠢ 80% ᠬᠦᠷᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠠᠬᠢᠭᠤᠯᠪᠠ᠃ ᠲᠤᠭᠤᠷ ᠤᠨ ᠴᠡᠴᠡᠭᠲᠦ ᠬᠦᠷᠢᠶᠡᠯᠡᠩ ᠪᠠ ᠰᠢᠷᠭ᠎ᠠ ᠵᠡᠭᠡᠯᠢ ᠵᠡᠷᠭᠡ 6 ᠬᠡᠰᠡᠭ ᠳᠥᠭᠦᠮ | ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ᠂ 52 ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠵᠦ᠂ 13 | ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠶᠢ ᠰᠢᠨ᠎ᠡ ᠪᠠᠷ ᠨᠡᠭᠡᠭᠡᠨ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠦᠷᠢᠶᠡᠨ ᠤ 5 ᠲᠠᠯ᠎ᠠ ᠶᠢᠨ 42 ᠲᠤᠰᠬᠠᠢ ᠲᠥᠷᠥᠯ ᠤᠨ ᠠᠰᠠᠭᠤᠳᠠᠯ ᠢ ᠴᠡᠭᠴᠡᠯᠡᠨ ᠵᠠᠰᠠᠵᠤ᠂ | ᠬᠤᠲᠠ ᠶᠢᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠮᠢ | ᠠᠬᠤᠶ ᠶᠢᠨ ᠬᠠᠮᠠᠭᠠᠯᠠᠯᠲᠠ ᠶᠢ ᠴᠢᠩᠭᠠᠳᠬᠠᠪᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠦᠨ᠂ 61 ᠲᠦᠮᠡᠨ ᠮᠥ ᠣᠶ ᠰᠢᠭᠤᠶ ᠨᠤᠲᠤᠭ ᠪᠡᠯᠴᠢᠭᠡᠷ ᠢ ᠰᠡᠷᠭᠦᠭᠡᠨ ᠬᠠᠮᠠᠭᠠᠯᠠᠵᠤ᠂ 30 ᠲᠦᠮᠡᠨ ᠮᠥ | ᠬᠡᠭᠡᠷ᠎ᠡ ᠶᠢᠨ ᠭᠦᠢᠯᠡᠰᠦ ᠶᠢ ᠬᠦᠷᠢᠶᠡᠯᠡᠨ ᠬᠠᠪᠲᠠᠭᠠᠶ ᠭᠦᠢᠯᠡᠰᠦ ᠶᠢ ᠵᠠᠯᠭᠠᠵᠤ᠂ ᠬᠠᠯᠢᠭᠤᠲᠤ ᠤᠰᠤᠨ ᠴᠥᠭᠦᠷᠥᠮ ᠢ | ᠪᠠᠬᠢᠵᠢᠭᠦᠯᠬᠦ ᠠᠵᠢᠯ ᠢ ᠳᠠᠭᠤᠰᠬᠠᠨ᠂ ᠭᠤᠤᠯ ᠮᠦᠷᠡᠨ ᠤ ᠳᠠᠷᠤᠭ᠎ᠠ ᠶᠢᠨ ᠲᠦᠷᠢᠮ ᠤᠨ ︽ᠠᠷᠪᠠᠨ ᠵᠣᠷᠪᠤᠰ︾ | ᠲᠤᠷᠰᠢᠯᠭ᠎ᠠ ᠬᠢᠳᠡᠯ ᠢ ᠪᠥᠬᠦ ᠬᠤᠲᠠ ᠳᠤ ᠳᠡᠯᠭᠡᠷᠡᠭᠦᠯᠪᠡ᠃ ᠡᠨᠧᠷᠭᠢ ᠶᠢᠨ ᠬᠤᠷᠣᠭᠳᠠᠯ ᠶᠡᠬᠡᠲᠡᠶ 6 ᠠᠵᠤ ᠠᠬᠤᠶᠢᠯᠠᠯ | ᠮᠡᠷᠭᠡᠵᠢᠯ ᠤᠨ ᠰᠢᠨᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ | ᠬᠢᠨᠠᠨ ᠬᠡᠮᠵᠢᠵᠦ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠵᠠᠰᠠᠬᠤ ᠪᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠤᠰᠬᠠᠢ ᠴᠡᠭᠴᠡᠯᠡᠨ ᠵᠠᠰᠠᠪᠠ᠃ ᠣᠯᠠᠨ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠪᠡ᠃ | ᠡᠩ ᠤᠨ ᠪᠠ ᠪᠠᠴᠢᠮ ᠪᠠᠶᠢᠳᠠᠯ ᠢ ᠠᠷᠭᠠᠴᠠᠬᠤ ᠨᠢᠭᠡ ᠴᠣᠭᠴᠠᠵᠢᠭᠰᠠᠨ ᠵᠢᠯᠤᠭᠤᠳᠬᠤ ᠲᠣᠭᠲᠠᠯᠴᠠᠭ᠎ᠠ ᠶᠢ | ᠪᠦᠲᠦᠮᠵᠢᠲᠡᠶ ᠠᠵᠢᠯᠯᠠᠭᠤᠯᠵᠤ᠂ 400 ᠭᠠᠷᠤᠶ ᠰᠠᠯᠠᠭ᠎ᠠ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ | ᠬᠤᠰᠢᠭᠤᠨ ᠠᠴᠠ 3385 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ | ᠡᠳ᠋ ᠪᠣᠳᠠᠰ ᠢ ᠭᠦᠢᠴᠡᠳ ᠨᠦᠭᠡᠴᠡᠯᠡᠨ᠂ ᠪᠥᠬᠦ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ | ᠨᠢ ᠪᠥᠬᠦ ᠬᠤᠲᠠ ᠳᠤ ᠲᠦᠷᠦᠭᠦᠯᠡᠵᠦ᠂ ᠪᠥᠬᠦ ᠬᠤᠲᠠ ᠶᠢᠨ ᠴᠠᠭ ᠳᠠᠷᠠᠭᠠᠯᠠᠨ ᠵᠠᠳᠠᠯᠬᠤ ᠮᠠᠶ᠋ᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠰᠠᠭᠤᠷᠢᠯᠠᠨ᠂ ᠪᠥᠬᠦ | ᠬᠦᠷᠢᠶ᠎ᠡ ᠪᠠ ᠪᠥᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠰᠣᠷᠢᠯᠲᠠ ᠶᠢ 5 ᠤᠳᠠᠭ᠎ᠠ | ᠥᠷᠨᠢᠭᠦᠯᠪᠡ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠤ | ᠲᠣᠭᠤᠷᠢᠭ ᠤᠨ ᠪᠥᠲᠥᠭᠡᠨ ᠪᠠᠶᠢᠭᠤᠯᠤᠯᠲᠠ ᠳᠠᠭᠤᠰᠴᠤ᠂ ᠣᠯᠠᠨ ᠴᠡᠭ ᠲᠤ ᠬᠦᠷᠴᠦ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠭᠠᠳᠠᠭᠠᠳᠤ ᠠᠴᠠ ᠣᠷᠣᠭᠤᠯᠬᠤ | ᠪᠠᠷᠠᠭᠠᠨ ᠤ ︽ᠳᠥᠷᠪᠡᠨ ᠲᠤᠰᠬᠠᠶ︾ ᠬᠠᠮᠢᠶᠠᠷᠤᠯᠲᠠ ᠶᠢᠨ ᠵᠠᠭᠪᠤᠷ⑩ ᠢ ᠪᠥᠬᠦ ᠬᠤᠲᠠ ᠳᠤ ᠳᠡᠯᠭᠡᠷᠡᠭᠦᠯᠵᠦ᠂ ᠪᠥᠬᠦ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ | ᠠᠷᠠᠳ ᠤᠨ ᠦᠨᠳᠦᠰᠦᠨ ᠠᠮᠢᠳᠤᠷᠠᠯ ᠢ ᠴᠢᠩᠭ᠎ᠠ ᠪᠠᠲᠤᠯᠠᠪᠠ ᠃ 1559 ᠡᠷᠦᠬᠡ ᠶᠢᠨ 3229 ︽ᠭᠤᠷᠪᠠᠨ | ᠲᠥᠷᠥᠯ︾ ᠤᠨ ᠬᠥᠮᠦᠰ ⑪ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠳᠤ | ᠶᠠᠳᠠᠭᠤᠷᠠᠭᠰᠠᠨ ᠪᠤᠶᠤ ᠳᠠᠬᠢᠨ ᠶᠠᠳᠠᠭᠤᠷᠠᠭᠰᠠᠨ ᠪᠠᠶᠢᠳᠠᠯ ᠭᠠᠷᠤᠭᠰᠠᠨ ᠦᠭᠡᠢ᠃ ᠠᠵᠢᠯ ᠣᠯᠭᠤᠯᠲᠠ ᠶᠢᠨ ᠨᠥᠬᠦᠪᠥᠷᠢ | ᠮᠥᠩᠭᠦ ᠶᠢ 2769 ᠲᠦᠮᠡᠨ ᠲᠥᠭᠦᠷᠢᠭ ᠨᠠᠶᠢᠳᠠᠪᠦᠷᠢᠵᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 318 ᠲᠦᠮᠡᠨ ᠲᠥᠭᠦᠷᠢᠭ ᠬᠠᠰᠤᠵᠤ | ᠬᠡᠯᠲᠦᠷᠢᠭᠦᠯᠦᠨ᠂ ᠬᠤᠲᠠ ᠪᠠᠯᠭᠠᠰᠤᠨ ᠳᠤ 1200 ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠦᠨᠳᠦᠰᠦᠨ | ᠨᠠᠰᠤᠵᠢᠯ ᠤᠨ ᠳᠠᠭᠠᠳᠬᠠᠯ ᠪᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ ᠴᠥᠮ | 95 % ᠠᠴᠠ ᠳᠡᠭᠡᠭᠰᠢ ᠪᠣᠯᠵᠤ᠂ ᠴᠢᠶᠠᠨ ᠢ ᠶᠤᠸᠠᠨ ᠡᠷᠡᠭᠦᠯᠵᠢᠯ ᠠᠰᠠᠷᠠᠮᠵᠢ ᠶᠢᠨ ᠲᠥᠪ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠪᠥᠬᠦ ᠬᠤᠰᠢᠭᠤᠨ ᠤ ᠣᠷᠣᠨ ᠬᠡᠪᠴᠢᠶᠡᠨ ᠤ ᠨᠠᠰᠤᠲᠠᠨ ᠢ ᠠᠰᠠᠷᠠᠬᠤ | ᠬᠦᠷᠢᠶᠡᠯᠡᠩ ᠤᠨ ᠪᠠᠶᠢᠷᠢᠯᠠᠭᠤᠯᠤᠯᠲᠠ ᠪᠥᠬᠦ ᠲᠠᠯ᠎ᠠ ᠪᠠᠷ ᠪᠦᠷᠢᠯᠳᠦᠪᠡ᠃ ᠣᠯᠠᠨ ᠨᠡᠶᠢᠲᠡ ᠶᠢᠨ ᠦᠢᠯᠡᠴᠢᠯᠡᠭᠡ | ᠲᠡᠩᠴᠡᠭᠦᠷᠢᠲᠠᠢ ᠬᠦᠭᠵᠢᠪᠡ᠃ ᠭᠤᠷᠪᠠᠨ ᠬᠠᠪᠴᠢᠯ ᠪᠠᠭ᠎ᠠ ᠰᠤᠷᠭᠠᠭᠤᠯᠢ ᠶᠢᠨ ᠭᠤᠷᠪᠠᠳᠤᠭᠠᠷ ᠬᠤᠭᠤᠴᠠᠭ᠎ᠠ ᠪᠠ | ᠬᠤᠰᠢᠭᠤᠨ ᠤ ᠰᠢᠭᠤᠳ ᠬᠠᠷᠢᠶ᠎ᠠ ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠦᠭᠡᠷᠡᠴᠢᠯᠡᠯᠲᠡ ᠵᠡᠷᠭᠡ 18 ᠲᠥᠷᠥᠯ | ᠵᠦᠢᠯ ᠢ ᠪᠠᠶᠢᠭᠤᠯᠵᠤ ᠳᠠᠭᠤᠰᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠪᠦᠬᠦᠨ ᠢᠶᠠᠷ ᠢᠶᠠᠨ | ᠰᠤᠷᠭᠠᠭᠤᠯᠢ ᠶᠢᠨ ᠳᠣᠲᠣᠷᠠᠬᠢ ᠳᠠᠰᠬᠠᠯ ᠤᠨ ᠬᠠᠮᠢᠶᠠᠷᠤᠯᠲᠠ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠵᠡᠩᠨᠡᠯᠲᠡ ᠶᠢᠨ ᠬᠡᠯᠪᠡᠷᠢ ᠶᠢᠨ ᠬᠤᠪᠢᠷᠠᠭᠠᠯᠲᠠ 100 % ᠳᠤ ᠬᠦᠷᠪᠡ | ᠃ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠲᠡᠨ ᠤ ᠥᠷᠥᠭᠡ ᠶᠢ ᠠᠰᠢᠭᠯᠠᠯᠲᠠ ᠳᠤ | ᠣᠷᠤᠭᠤᠯᠵᠤ᠂ ᠨᠢᠩ ᠰᠢᠨ ᠡᠮᠨᠡᠯᠭᠡ ᠶᠢᠨ ᠬᠤᠷᠢᠶᠠᠨ ᠤ ᠰᠢᠨ᠎ᠡ ᠰᠠᠭᠤᠴᠠ ᠶᠢᠨ ᠪᠦᠲᠦᠭᠡᠨ ᠪᠠᠶᠢᠭᠤᠯᠤᠯᠲᠠ | ᠤᠷᠤᠭᠰᠢᠲᠠᠢ ᠶᠠᠪᠤᠭᠳᠠᠨ᠂ 120 ᠪᠠᠴᠢᠮ ᠠᠪᠤᠷᠠᠯᠲᠠ ᠶᠢᠨ ᠲᠣᠭᠠᠴᠢᠯᠠᠭᠰᠠᠨ ᠵᠢᠯᠣᠭᠤᠳᠬᠤ ᠲᠥᠪ ᠢ ᠪᠠᠶᠢᠭᠤᠯᠪᠠ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠵᠤ᠂ 1.16 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠤᠯᠲᠠ ᠲᠠᠢ ᠬᠤᠲᠠ ᠲᠣᠭᠤᠷᠢᠭ ᠤᠨ ᠪᠠᠷᠠᠭᠤᠨᠳᠡᠬᠢ ᠲᠣᠭᠤᠷᠢᠯ ᠵᠠᠮ ᠢ ᠪᠠᠶᠢᠭᠤᠯᠵᠤ | ᠳᠠᠭᠤᠰᠤᠨ᠂ 57.3 ᠺᠢᠯᠦᠮᠧᠲᠷ 14 ᠵᠤᠷᠪᠤᠰ ᠭᠤᠣᠯᠳᠠᠯᠭ᠎ᠠ ᠲᠠᠢ ᠵᠠᠮ ᠢ ᠲᠡᠷᠭᠡ ᠨᠡᠪᠲᠡᠷᠡᠭᠦᠯᠪᠡ᠃ ᠨᠡᠶᠢᠭᠡᠮ ᠤᠨ | ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠪᠠ᠃ ᠠᠮᠤᠷ ᠠᠮᠤᠭᠤᠯᠠᠩ ᠵᠡᠭᠦᠨ ᠬᠤᠰᠢᠭᠤᠨ ᠤ ᠪᠥᠲᠥᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠬᠤᠲᠠ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ︽ᠬᠤᠶᠠᠷ ᠠᠩᠭᠢ | ᠨᠢᠭᠡ ᠲᠠᠰᠤᠭ︾⑫ ᠶᠢ ᠪᠦᠲᠦᠮᠵᠢᠲᠡᠢ ᠠᠵᠢᠯᠯᠠᠭᠤᠯᠤᠨ᠂ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ | ⑬ᠠᠵᠢᠯ ᠢ ᠭᠦᠨᠵᠡᠭᠡᠢ ᠦᠷᠨᠢᠭᠦᠯᠪᠡ᠃ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠢ ᠴᠡᠭᠴᠡᠯᠡᠨ ᠵᠠᠰᠠᠬᠤ ᠪᠠ | ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠬᠤᠰᠢᠭᠤ | ᠱᠠᠲᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠬᠤ ᠪᠠ ᠵᠠᠬᠢᠳᠠᠯ | ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠤᠨ ᠰᠠᠷ᠎ᠠ ᠶᠢᠨ ᠲᠣᠭᠲᠠᠮᠠᠯ ᠬᠤᠷᠠᠯ ᠤᠨ ᠲᠦᠷᠢᠮ ᠢ ᠬᠡᠷᠡᠭᠵᠢᠭᠦᠯᠵᠦ᠂ | ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠲᠥᠪ ᠤᠨ ᠬᠠᠮᠲᠤᠷᠠᠨ ᠭᠦᠢᠴᠡᠳᠬᠡᠬᠦ ᠠᠯᠪᠠᠨ | ᠭᠡᠷ ᠠᠴᠠ ᠲᠤᠰᠢᠶᠠᠨ ᠰᠢᠢᠳᠪᠦᠷᠢᠯᠡᠭᠦᠯᠦᠭᠰᠡᠨ 65 ᠬᠤᠪᠢ ᠵᠠᠬᠢᠳᠠᠯ ᠰᠤᠷᠪᠤᠯᠵᠢᠯᠠᠯ ᠢ ᠪᠦᠬᠦᠨ ᠢ ᠰᠢᠢᠳᠪᠦᠷᠢᠯᠡᠪᠡ᠃ | ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ | ︽ᠤᠯᠠᠭᠠᠨ ᠱᠤᠭᠤᠮ ᠤᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ︾ ᠤᠯᠠᠮ ᠪᠠᠲᠤᠵᠢᠪᠠ᠃ | ᠲᠥᠯᠥᠭᠡᠯᠡᠭᠴᠢᠳ ᠡ︕ ᠪᠠᠭᠠᠲᠤᠷᠯᠠᠵᠤ ᠪᠠᠶᠢᠮᠠᠨ ᠬᠦᠴᠢᠷ ᠢ ᠢᠯᠠᠵᠤ᠂ ᠪᠢᠯᠡᠭᠦᠳᠡᠵᠦ ᠪᠠᠶᠢᠮᠠᠨ ᠬᠠᠰ | ᠪᠣᠯᠳᠠᠭ᠃ ᠳᠥᠷᠪᠡᠨ ᠵᠢᠯ ᠤᠨ ᠬᠠᠲᠠᠭᠤᠵᠢᠯᠲᠠᠢ ᠲᠡᠮᠡᠴᠡᠯ ᠪᠠ ᠳᠥᠷᠪᠡᠨ ᠵᠢᠯ ᠤᠨ ᠨᠠᠨᠳᠢᠨ ᠲᠤᠷᠰᠢᠯᠭ᠎ᠠ ᠨᠢ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠵᠢᠴᠢ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠠᠴᠠ ᠰᠠᠯᠵᠤ ᠴᠢᠳᠠᠬᠤ ᠦᠭᠡᠢ ᠶᠤᠮ︕ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠪᠠ ᠬᠠᠪᠰᠤᠷᠤᠨ ᠳᠡᠮᠵᠢᠬᠦ ᠠᠴᠠ ᠰᠠᠯᠵᠤ ᠴᠢᠳᠠᠬᠤ | ᠦᠭᠡᠢ ᠶᠤᠮ︕ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠢᠷᠭᠠᠭᠤ | ᠬᠠᠲᠠᠭᠤᠵᠢᠯᠲᠠᠶ ᠲᠡᠮᠡᠴᠡᠯ ᠠᠴᠠ ᠰᠠᠯᠵᠤ ᠴᠢᠳᠠᠬᠤ ᠦᠭᠡᠢ ᠶᠤᠮ︕ ᠠᠳᠡ ᠪᠢ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠵᠢᠴᠢ ᠪᠠᠭᠠᠷᠢᠨ ᠵᠡᠭᠦᠨ ᠬᠤᠰᠢᠭᠤᠨ ᠤ | ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ |