ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠲᠡᠮᠡᠴᠡᠬᠦ ᠬᠠᠷᠠᠯᠲᠠ | ᠢᠷᠡᠭᠡᠳᠦᠢ ᠶᠢᠨ ᠲᠠᠪᠤᠨ ᠵᠢᠯ ᠪᠣᠯ ᠮᠠᠨ ᠤ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠡᠬᠢᠯᠡᠯᠲᠡ ᠶᠢᠨ ᠱᠠᠲᠤ ᠮᠦᠨ᠂ ᠮᠥᠨᠴᠦ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ | ᠬᠠᠷᠠᠯᠲᠠ ᠡᠭᠦᠷᠭᠡ ᠪᠠᠨ ᠪᠡᠶᠡᠯᠡᠭᠦᠯᠬᠦ ᠨᠢ ᠲᠡᠶᠢᠮᠦ ᠬᠢᠯᠪᠠᠷ ᠶᠠᠪᠤᠳᠠᠯ ᠪᠢᠰᠢ ᠶᠤᠮ᠃ ᠬᠥᠭᠵᠢᠯᠲᠡ ᠶᠢᠨ ᠳᠤᠮᠳᠠ | ᠮᠥᠨ ᠯᠡ ᠮᠠᠰᠢ ᠤᠯᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠵᠤ᠂ ᠵᠥᠷᠢᠴᠡᠯ | ᠮᠦᠷᠭᠦᠯᠳᠦᠭᠡᠨ ᠪᠠ ᠦᠷᠢᠰᠦᠯᠳᠦᠭᠡᠨ ᠣᠷᠤᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠲᠠᠨᠢᠪᠠ᠃ | ᠭᠤᠣᠯᠳᠠᠭᠤ᠄ ᠠᠮᠢ ᠠᠬᠤᠢ ᠣᠷᠴᠢᠨ ᠲᠣᠭᠤᠷᠢᠨ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠪᠠᠰᠠ ᠠᠨᠠᠢ | ᠪᠠᠶᠢᠵᠤ᠂ ᠡᠬᠢ ᠪᠠᠶᠠᠯᠢᠭ ᠤᠨ ᠬᠢᠵᠠᠭᠠᠷᠯᠠᠯ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠬᠦᠨᠳᠦ ᠪᠠᠶᠢᠭᠰᠠᠭᠠᠷ︔ ᠠᠵᠤ ᠦᠢᠯᠡᠰ ᠤᠨ ᠪᠦᠲᠦᠴᠡ ᠲᠠᠩ | ᠴᠤᠯᠭᠤᠶ᠂ ᠬᠡᠯᠬᠢᠶ᠎ᠡ ᠣᠬᠤᠷ᠂ ᠲᠠᠰ ᠳᠠᠪᠬᠤᠷᠭ᠎ᠠ ᠳᠤᠤᠷ᠎ᠠ ᠵᠢᠴᠢ ᠦᠷ᠎ᠡ ᠠᠰᠢᠭ ᠠᠨᠠᠶ ᠪᠠᠶᠢᠵᠤ᠂ ᠪᠦᠬᠦᠯᠢ | ᠴᠣᠭᠴᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠤᠷᠤᠰᠬᠠᠯ ᠪᠠ ᠥᠷᠲᠡᠭ ᠤᠨ ᠬᠡᠯᠬᠢᠶ᠎ᠡ ᠶᠢᠨ | ᠳᠤᠤᠷᠠᠳᠤ ᠵᠠᠬ᠎ᠠ ᠳᠤ ᠣᠷᠤᠰᠢᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠪᠴᠢᠶᠡᠵᠢᠯ ᠪᠠ | ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠳᠤᠤᠷ᠎ᠠ ᠪᠠᠶᠢᠵᠤ᠂ ᠠᠵᠤ ᠦᠢᠯᠡᠳᠪᠦᠷᠢ ᠶᠢᠨ ︽ᠨᠢᠭᠡ ᠠᠭᠤᠷᠬᠠᠶ | ᠭᠠᠭᠴᠠᠭᠠᠷ ᠡᠵᠡᠷᠬᠡᠬᠦ︾ ᠪᠠᠶᠢᠳᠠᠯ ᠢ ᠪᠠᠰᠠ ᠲᠦᠢᠯᠪᠤᠷᠢᠲᠠᠶ ᠬᠤᠪᠢᠷᠠᠭᠤᠯᠵᠤ ᠳᠡᠶᠢᠯᠦᠭᠡᠳᠦᠢ ᠪᠠᠶᠢᠭᠰᠠᠭᠠᠷ︔ | ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ | ᠴᠢᠳᠠᠭᠠᠳᠤᠶ ᠪᠠᠶᠢᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠤᠳᠠᠭᠠᠨ᠂ ᠬᠤᠪᠢ ᠨᠡᠮᠡᠷᠢ | ᠳᠤᠤᠷ᠎ᠠ ᠪᠠᠶᠢᠭᠰᠠᠭᠠᠷ︔ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠪᠠᠰᠠ ᠰᠢᠯᠢᠳᠡᠭᠵᠢᠭᠦᠯᠬᠦ | ᠴᠢᠬᠤᠯᠠᠲᠠᠶ ᠪᠠᠶᠢᠵᠤ᠂ ᠠᠵᠤ ᠠᠬᠤᠶᠢᠯᠠᠯ ᠪᠠ ᠰᠠᠭᠤᠭᠠᠯᠢ ᠠᠷᠠᠳ ᠢ ᠭᠠᠴᠢᠭᠳᠠᠭᠤᠯᠵᠤ ᠪᠠᠶᠢᠭ᠎ᠠ ᠠᠯᠢ ᠣᠯᠠᠨ | ᠬᠦᠴᠢᠷ ᠠᠰᠠᠭᠤᠳᠠᠯ ᠢ ᠪᠠᠰᠠ ᠪᠦᠲᠦᠮᠵᠢᠲᠡᠶ ᠰᠢᠢᠳᠪᠦᠷᠢᠯᠡᠭᠡᠳᠦᠢ ᠪᠠᠶᠢᠭᠰᠠᠭᠠᠷ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠳᠣᠪᠤᠶᠢᠮ᠎ᠠ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠮᠥᠨ ᠬᠦᠨᠳᠦ | ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠷᠢᠲᠦᠯ ᠨᠡᠯᠢᠶᠡᠳ ᠤᠯᠠᠨ ᠪᠠᠶᠢᠵᠤ᠂ ᠰᠠᠭᠤᠷᠢ | ᠲᠥᠬᠦᠭᠡᠷᠦᠮᠵᠢ ᠪᠠᠰᠠ ᠳᠤᠲᠠᠭᠤᠳᠠᠯ ᠣᠷᠣᠰᠢᠵᠤ ᠪᠠᠶᠢᠨ᠎ᠠ︔ ᠨᠡᠶᠢᠭᠡᠮ ᠤᠨ ᠵᠠᠰᠠᠯᠲᠠ ᠳᠤ ᠪᠠᠭᠤᠷᠠᠢ ᠲᠠᠯ᠎ᠠ | ᠣᠷᠣᠰᠢᠵᠤ᠂ ᠴᠥᠭᠡᠨ ᠪᠤᠰᠤ ᠠᠶᠤᠯ ᠲᠦᠭᠰᠢᠭᠦᠷᠢ ᠭᠡᠮ ᠰᠣᠭᠤᠭ ᠢ ᠪᠠᠰᠠ ᠪᠦᠷᠢᠮᠦᠰᠦᠨ ᠠᠷᠢᠯᠭᠠᠭᠠᠳᠤᠢ | ᠪᠠᠶᠢᠭᠰᠠᠭᠠᠷ︔ ᠵᠠᠷᠢᠮ ᠺᠠᠳ᠋ᠷ ᠤᠨ ᠦᠵᠡᠯ ᠰᠠᠨᠠᠭᠠᠨ ᠤ ᠴᠢᠯᠥᠭᠡᠯᠡᠯᠲᠡ ᠶᠢᠨ ᠬᠡᠮᠵᠢᠶ᠎ᠡ ᠳᠣᠣᠷ᠎ᠠ᠂ ᠰᠢᠨ᠎ᠡ ᠶᠢ ᠡᠭᠦᠳᠬᠦ | ᠤᠬᠠᠮᠰᠠᠷ ᠰᠤᠯᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠬᠦᠷᠦᠯᠴᠡᠬᠦ ᠦᠭᠡᠢ | ᠪᠠᠶᠢᠨ᠎ᠠ᠃ ᠪᠢᠳᠡ ᠡᠳᠡᠭᠡᠷ ᠠᠰᠠᠭᠤᠳᠠᠯ ᠤᠨ ᠡᠬᠢ ᠦᠨᠳᠦᠰᠦ ᠶᠢ ᠨᠢ ᠣᠯᠵᠤ᠂ ᠡᠪᠡᠳᠴᠢᠨ ᠳᠤᠨᠢ ᠳᠤᠬᠢᠷᠠᠭᠤᠯᠤᠨ | ᠡᠮ ᠵᠠᠷᠤᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ ᠰᠢᠢᠳᠪᠦᠷᠢᠯᠡᠨ᠎ᠡ᠃ | ᠮᠠᠨ ᠤ ᠬᠤᠰᠢᠭᠤᠨ ᠤ ᠬᠥᠭᠵᠢᠯᠲᠡ ᠮᠥᠨ ᠬᠦ ᠦᠢᠯᠡᠰ ᠪᠦᠲᠦᠭᠡᠬᠦ ᠲᠡᠥᠬᠡᠳᠦ ᠱᠠᠲᠤ ᠪᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠤᠨ ᠬᠤᠭᠤᠴᠠᠭᠠᠨ ᠳᠤ ᠣᠷᠣᠰᠢᠵᠤ ᠪᠠᠶᠢᠬᠤ ᠶᠤᠮ᠃ ᠤᠯᠤᠰ ᠠᠴᠠ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠦᠸᠧᠬᠠᠢ | ᠲᠠᠩᠭᠢᠰ ᠳᠠᠭᠠᠤ ᠶᠢᠨ ᠠᠵᠤ ᠠᠬᠤᠢ ᠶᠢᠨ ᠣᠷᠣᠨ ᠤ ᠬᠠᠮᠵᠢᠯᠴᠠᠭᠰᠠᠨ ᠬᠥᠭᠵᠢᠯᠲᠡ ᠶᠢ ᠠᠬᠢᠭᠤᠯᠤᠨ᠂ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ᠂ ᠵᠡᠭᠦᠨ ᠬᠤᠶᠢᠲᠤ ᠣᠷᠣᠨ ᠤ ᠰᠡᠷᠭᠦᠨ ᠮᠠᠨᠳᠤᠯᠲᠠ᠂ ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ ᠵᠢᠴᠢ ᠰᠢᠨ᠎ᠡ ᠡᠨᠧᠷᠭᠢ ᠶᠢᠨ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠥᠪᠥᠷ ᠮᠣᠩᠭᠤᠯ ᠢ ᠡᠷᠡᠰ ᠭᠤᠶᠢᠪᠢᠰᠢ ᠥᠬᠡᠶ ᠪᠠᠷ ᠠᠮᠢ ᠠᠬᠤᠶ ᠶᠢ | ᠲᠡᠷᠢᠭᠦᠨ ᠳᠤ ᠲᠠᠯᠪᠢᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ | ᠪᠠᠬᠢᠯᠡᠯᠲᠡ︾ ⑭ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠪᠢᠳᠡ ᠨᠠᠮ ᠤᠨ ᠲᠦᠪ ᠬᠤᠷᠢᠶᠠᠨ | ᠤ ᠰᠢᠢᠳᠪᠦᠷᠢ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠦᠷᠢᠵᠢᠭᠤᠯᠵᠤ᠂ ᠤᠯᠤᠰ ᠤᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠰᠠᠶᠢᠲᠤᠷ ᠤᠶᠠᠯᠳᠤᠭᠤᠯᠪᠠᠯ | ᠂ ᠤᠯᠤᠰ ᠤᠨ ᠣᠯᠠᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠰᠢᠭ ᠢ ᠯᠠᠪᠲᠠᠶ ᠬᠦᠷᠲᠡᠵᠦ ᠴᠢᠳᠠᠨ᠎ᠠ︔ | ᠥᠪᠡᠷᠲᠡᠭᠡᠨ ᠵᠠᠰᠠᠬᠤ ᠣᠷᠣᠨ ᠠᠴᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ︽ᠰᠢᠯᠢ ᠶᠢᠨ ᠭᠤᠤᠯ ᠤᠯᠠᠭᠠᠨᠬᠠᠳᠠ ᠴᠤᠤᠶᠠᠩ ᠵᠢᠨᠵᠧᠦ︾ ᠯᠢᠶᠤᠤᠨᠢᠩ ᠥᠪᠥᠷ | ᠮᠣᠩᠭᠤᠯ ᠤᠨ ᠲᠡᠯᠡᠶ ᠡᠬᠡ ᠬᠠᠭᠤᠷᠠᠶ ᠶᠢᠨ ᠬᠠᠮᠲᠤᠷᠠᠯᠴᠠᠭᠠᠨ ᠤ ᠲᠤᠷᠰᠢᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠵᠡᠭᠦᠨ ᠬᠡᠰᠡᠭ ᠤᠨ ᠲᠠᠪᠤᠨ ᠠᠶᠢᠮᠠᠭ ᠬᠤᠲᠠ ᠶᠢᠨ ᠬᠠᠷᠢᠯᠴᠠᠨ ᠨᠡᠪᠲᠡᠷᠡᠯᠴᠡᠬᠦ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠂ ᠤᠯᠠᠭᠠᠨᠬᠠᠳᠠ ᠪᠠ ᠲᠦᠩᠯᠢᠶᠣᠤ ᠶᠢᠨ ︽ᠬᠤᠤᠰ ᠣᠳᠣᠨ︾ ᠢ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠂ ︽ᠲᠠᠪᠤᠨ ᠪᠠᠶᠢᠷᠢ ᠲᠣᠭᠲᠠᠭᠠᠯᠲᠠ︾⑮ ᠶᠢᠨ ᠲᠣᠭᠤᠷᠢᠨ ᠳᠤ᠂ | ᠤᠯᠠᠭᠠᠨᠬᠠᠳᠠ ᠶᠢ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠂ ᠪᠢᠳᠡ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠳᠤᠷᠠᠳᠤᠭᠰᠠᠨ ︽ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾⑯ ᠶᠢ ᠰᠠᠶᠢᠲᠤᠷ | ᠭᠦᠢᠴᠡᠳᠬᠡᠪᠡᠯ᠂ ᠤᠯᠠᠭᠠᠨᠬᠠᠳᠠ ᠬᠤᠲᠠ ᠶᠢᠨ ︽1 + 4 + N︾ ᠲᠥᠷᠥ ᠶᠢᠨ ᠪᠣᠳᠣᠯᠭ᠎ᠠ⑰ ᠶᠢ | ᠨᠠᠶᠢᠳᠠᠪᠦᠷᠢᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ ᠳᠡᠶᠢᠯᠦᠨ᠎ᠡ︔ ᠤᠯᠠᠭᠠᠨᠬᠠᠳᠠ ᠬᠤᠳᠠ ᠠᠴᠠ ᠮᠠᠨ ᠤ | ᠬᠤᠰᠢᠭᠤ ᠶᠢ ᠤᠯᠠᠭᠠᠨᠬᠠᠳᠠ ᠶᠢᠨ ᠬᠤᠶᠢᠲᠤ ᠬᠡᠰᠡᠭ ᠤᠨ ᠭᠤᠣᠯᠳᠠᠯᠭ᠎ᠠ ᠲᠠᠢ ᠬᠤᠰᠢᠭᠤ ᠪᠣᠯᠭᠠᠵᠤ᠂ ᠮᠠᠨ ᠤ | ᠬᠥᠭᠵᠢᠯᠲᠡ ᠳᠤ ᠬᠦᠰᠡᠯ ᠡᠷᠡᠮᠡᠯᠵᠡᠯ ᠲᠠᠯᠪᠢᠨ᠂ ᠬᠢᠳᠠᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ | ᠨᠡᠷᠡᠳᠤ ᠲᠡᠮᠳᠡᠭ᠂ ᠥᠩᠭᠡᠲᠦ ᠲᠡᠮᠦᠷᠯᠢᠭ ᠤᠨ ᠠᠵᠤ ᠦᠢᠯᠡᠰ ᠵᠢᠴᠢ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭ ᠵᠡᠷᠭᠡ ᠶᠢ ᠡᠭᠦᠳᠦᠨ ᠪᠠᠶᠢᠭᠤᠯᠬᠤ ᠲᠠᠯ᠎ᠠ ᠪᠠᠷ | ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃ ᠪᠢᠳᠠ ᠬᠤᠳᠠ ᠶᠢᠨ ᠨᠠᠢᠮᠠᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠵᠢᠷᠭᠤᠭᠠᠨ ᠤᠯᠠᠭᠠᠨᠬᠠᠳᠠ︾ ᠶᠢ ᠪᠦᠳᠦᠭᠡᠨ | ᠪᠠᠶᠢᠭᠤᠯᠬᠤ ᠬᠠᠷᠠᠯᠲᠠ ᠪᠠ ︽ᠵᠢᠷᠭᠤᠭᠠᠨ ᠲᠠᠯ᠎ᠠ ᠪᠠᠷ ᠬᠦᠴᠦᠯᠡᠬᠦ︾⑱ ᠭᠤᠣᠯ ᠡᠭᠦᠷᠭᠡ ᠶᠢ ᠰᠠᠶᠢᠲᠤᠷ | ᠨᠠᠶᠢᠳᠠᠪᠦᠷᠢᠵᠢᠭᠤᠯᠪᠠᠯ᠂ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠵᠡᠷᠭᠡ ᠲᠠᠯ᠎ᠠ ᠪᠠᠷ ᠯᠠᠪᠲᠠᠢ ᠨᠡᠩ ᠤᠯᠠᠨ | ᠬᠠᠷᠠᠭᠠᠯᠵᠠᠯ ᠪᠠ ᠳᠡᠮᠵᠢᠯᠭᠡ ᠶᠢ ᠤᠯᠬᠤ ᠶᠤᠮ︔ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤᠨ ᠤ ᠠᠵᠤ | ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠵᠤ᠂ ᠠᠮᠢ ᠠᠬᠤᠶ ᠣᠷᠴᠢᠨ ᠲᠣᠭᠤᠷᠢᠨ ᠢᠯᠡᠳᠲᠡ ᠰᠠᠶᠢᠵᠢᠷᠠᠨ᠂ | ᠬᠤᠲᠠ ᠲᠣᠭᠤᠷᠢᠭ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ | ᠲᠡᠭᠦᠯᠳᠡᠷᠵᠢᠨ᠂ ᠺᠠᠳ᠋ᠷ ᠤᠨ ᠡᠩᠨᠡᠭᠡᠨ ᠤ ᠬᠡᠪ ᠴᠢᠨᠠᠷ ᠴᠢᠩᠭ᠎ᠠ ᠪᠣᠯᠵᠣ᠂ ᠠᠷᠠᠳ ᠲᠦᠮᠡᠨ ᠪᠦᠯᠬᠦᠮᠳᠡᠨ ᠨᠢᠭᠲᠠᠷᠠᠵᠤ᠂ | ᠬᠦᠴᠦᠷᠬᠡᠭ ᠶᠡᠭᠡ ᠬᠥᠭᠵᠢᠯᠲᠡ ᠶᠢᠨ ᠨᠥᠭᠡᠴᠡ ᠬᠦᠴᠦᠨ ᠢ ᠬᠤᠷᠠᠮᠳᠤᠭᠤᠯᠵᠠᠶ᠂ ᠢᠯᠠᠩᠭᠤᠶ᠎ᠠ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠪᠣᠯᠤᠭᠰᠠᠨ ᠤ | ᠬᠤᠪᠢ ᠳᠤ᠂ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠡᠷᠡᠮᠡᠬᠡᠶᠢᠯᠡᠨ | ᠣᠷᠤᠭᠰᠢᠯᠠᠵᠤ᠂ ᠰᠢᠷᠭᠠᠭᠤ ᠠᠵᠢᠯᠯᠠᠪᠠᠯ᠂ ᠯᠠᠪᠲᠠᠶ ᠠᠶᠤᠯ ᠲᠦᠭᠰᠢᠭᠦᠷᠢ ᠶᠢᠨ ᠳᠤᠮᠳᠠ ᠠᠵᠠ ᠲᠣᠬᠢᠶᠠᠯ ᠢ | ᠠᠳᠬᠤᠵᠤ᠂ ᠬᠤᠪᠢᠷᠠᠯᠲᠠ ᠬᠦᠭᠵᠢᠯᠲᠡ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠱᠠᠲᠤ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ | ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠨᠡᠭᠡᠭᠡᠯᠲᠡ ᠶᠢ | ᠥᠷᠭᠡᠳᠬᠡᠬᠦ ᠪᠠᠷ ᠰᠢᠪᠲᠤᠯᠤᠯᠲᠠ ᠪᠣᠯᠭᠠᠨ᠂ ᠠᠮᠢ ᠠᠬᠤᠶ ᠶᠢ ᠰᠢᠯᠢᠳᠡᠭᠵᠢᠭᠦᠯᠵᠦ᠂ ᠬᠥᠭᠵᠢᠯᠲᠡ ᠶᠢ ᠠᠳᠬᠤᠨ᠂ | ᠰᠠᠭᠤᠷᠢ ᠪᠠᠨ ᠪᠠᠬᠢᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠠᠮᠢ ᠠᠬᠤᠶ ᠶᠢ ᠲᠡᠷᠢᠭᠦᠨ ᠳᠤ | ᠲᠠᠯᠪᠢᠬᠤ ᠪᠠ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ | ᠪᠡᠶᠡᠯᠡᠭᠦᠯᠬᠦ ᠪᠠ ᠪᠠᠭᠠᠷᠢᠨ ᠵᠡᠭᠦᠨ ᠬᠤᠰᠢᠭᠤᠨ ᠤ ᠠᠷᠠᠳ ᠲᠦᠮᠡᠨ ᠤ ᠨᠠᠩ ᠰᠠᠶᠢᠨ ᠰᠠᠶᠢᠬᠠᠨ ᠠᠮᠢᠳᠤᠷᠠᠯ ᠢ | ᠴᠣᠭᠴᠠᠯᠠᠨ ᠪᠠᠶᠢᠭᠤᠯᠬᠤ ᠶᠢᠨ ᠲᠦᠯᠦᠭᠡ ᠴᠥᠬᠦᠷᠡᠰᠢ ᠥᠬᠡᠶ ᠲᠡᠮᠡᠴᠡᠶ᠎ᠡ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠢ ᠬᠠᠷᠠᠯᠲᠠ ᠪᠣᠯ᠄ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ ᠪᠣᠯᠭᠠᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ | ᠰᠢᠨ᠎ᠡ ᠬᠤᠷᠳᠤᠴᠠ ᠲᠠᠢ ᠪᠣᠯᠭᠠᠨ᠂ ᠬᠤᠲᠠ ᠬᠥᠳᠡᠭᠡ ᠶᠢᠨ ᠬᠥᠭᠵᠢᠯᠲᠡ ᠶᠢ ᠰᠢᠨ᠎ᠡ ᠲᠦᠪᠰᠢᠨ ᠳᠤ ᠬᠦᠷᠭᠡᠵᠦ᠂ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠷᠭ᠎ᠠ ᠵᠠᠮ ᠢ ᠨᠡᠭᠡᠭᠡᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ | ᠰᠢᠨ᠎ᠡ ᠦᠷ᠎ᠡ ᠪᠦᠲᠦᠮᠵᠢ ᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ | ᠬᠤᠷᠳᠤᠴᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠤᠪᠢᠶᠠᠷᠢᠯᠠᠵᠤ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠭᠠᠨ᠎ᠠ᠃ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ | ᠬᠤᠶᠢᠰᠢᠳᠠ ᠶᠢᠨ ᠲᠠᠪᠤᠨ ᠵᠢᠯ ᠳᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠢ ᠳᠤᠤᠷᠠᠬᠢ ᠵᠢᠷᠭᠤᠭᠠᠨ | ᠲᠠᠯ᠎ᠠ ᠪᠠᠷ ᠠᠳᠬᠤᠨ᠎ᠠ᠃ | ︵ᠨᠢᠭᠡ︶ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠡᠶ᠎ᠡ ᠵᠣᠬᠢᠴᠠᠩᠭᠤᠶ | ᠦᠵᠡᠰᠬᠦᠯᠡᠩᠲᠦ ᠰᠠᠶᠢᠬᠠᠨ ᠪᠠᠭᠠᠷᠢᠨ ᠵᠡᠭᠦᠨ ᠬᠤᠰᠢᠭᠤ ᠶᠢ ᠪᠠᠶᠢᠭᠤᠯᠤᠨ᠎ᠠ᠃ ᠬᠦᠭᠵᠢᠯᠲᠡ ᠪᠠ ᠣᠷᠴᠢᠨ ᠲᠣᠭᠤᠷᠢᠨ | ᠤ ᠵᠣᠬᠢᠴᠠᠯ᠂ ᠨᠡᠭᠡᠭᠡᠨ ᠠᠰᠢᠭᠯᠠᠯᠲᠠ ᠪᠠ ᠬᠠᠮᠠᠭᠠᠯᠠᠯᠲᠠ ᠶᠢ ᠵᠡᠷᠭᠡᠪᠡᠷ ᠴᠢᠬᠤᠯᠠᠴᠢᠯᠠᠵᠤ᠂ ︽ᠭᠤᠷᠪᠠᠨ ᠱᠤᠭᠤᠮ | ᠨᠢᠭᠡ ᠨᠠᠷᠢᠨ ᠳᠠᠩᠰᠠ︾⑲ ᠶᠢ ᠴᠢᠩᠭ᠎ᠠ ᠪᠠᠷᠢᠮᠲᠠᠯᠠᠨ᠂ ᠪᠠᠭᠠᠷᠢᠨ ᠵᠡᠭᠦᠨ ᠬᠤᠰᠢᠭᠤᠨ ᠤ ᠬᠦᠬᠡ ᠲᠡᠭᠷᠢ ᠪᠠ | ᠬᠦᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠣᠷᠴᠢᠨ | ᠲᠣᠭᠤᠷᠢᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠴᠢᠩᠭ᠎ᠠ ᠰᠢᠢᠳᠪᠦᠷᠢᠯᠡᠵᠦ᠂ ᠬᠦᠭᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ | ᠪᠣᠬᠢᠷᠲᠤᠯ ᠢ ᠴᠢᠩᠭ᠎ᠠ ᠬᠢᠵᠠᠭᠠᠷᠯᠠᠵᠤ᠂ ᠨᠡᠭᠦᠷᠡᠰᠦ ᠰᠢᠲᠠᠭᠠᠬᠤ ᠵᠤᠤᠬ᠎ᠠ ᠶᠢᠨ ︽ᠨᠡᠭᠦᠷᠡᠰᠦ ᠶᠢ ᠬᠡᠢ ᠪᠣᠯᠭᠠᠬᠤ︾ ᠪᠠ | ︽ᠨᠡᠭᠦᠷᠡᠰᠦ ᠶᠢ ᠴᠠᠬᠢᠯᠭᠠᠨ ᠪᠣᠯᠭᠠᠬᠤ︾ ᠶᠢ ᠲᠦᠷᠭᠡᠳᠬᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠵᠤᠤᠬ᠎ᠠ ᠶᠢ ᠬᠡᠷᠡᠭᠯᠡᠵᠦ᠂ ᠨᠢᠭᠡᠲᠦᠯᠲᠡᠢ ᠢᠯᠴᠢ ᠬᠠᠩᠭᠠᠬᠤ ᠬᠡᠪᠴᠢᠶ᠎ᠡ ᠶᠢ ᠦᠷᠭᠡᠳᠬᠡᠨ᠂ 2026 ᠣᠨ | ᠪᠣᠯᠬᠤ ᠳᠤ ᠬᠤᠲᠠ ᠶᠢᠨ ᠪᠣᠬᠢᠷᠳᠤᠯ ᠦᠭᠡᠢ ᠳᠤᠯᠠᠭᠠᠯᠠᠭ᠎ᠠ ᠶᠢᠨ ᠨᠣᠷᠮ᠎ᠠ ᠶᠢ 70 % ᠳᠤ ᠬᠦᠷᠦᠭᠦᠯᠦᠨ᠎ᠡ᠃ ᠠᠵᠤ | ᠦᠢᠯᠡᠳᠪᠦᠷᠢ ᠶᠢᠨ ᠨᠦᠬᠡᠨ ᠵᠤᠤᠬ᠎ᠠ ᠶᠢᠨ ᠬᠦᠬᠦᠷ ᠥᠬᠡᠶᠢᠳᠡᠭᠦᠯᠬᠦ᠂ ᠱᠡᠤ ᠥᠬᠡᠶᠢᠳᠡᠭᠦᠯᠬᠦ ᠵᠢᠴᠢ ᠲᠣᠭᠤᠰᠣ | ᠠᠷᠢᠯᠭᠠᠵᠤ ᠲᠠᠰ ᠳᠡᠪᠰᠢᠭᠦᠯᠬᠦ ᠥᠭᠡᠷᠡᠴᠢᠯᠡᠯᠲᠡ ᠶᠢ ᠴᠢᠩᠭᠠᠳᠬᠠᠵᠤ᠂ ᠪᠥᠬᠦ ᠬᠤᠰᠢᠭᠤᠨ ᠤ ᠠᠭᠠᠷ ᠤᠨ ᠴᠢᠨᠠᠷ | ᠴᠢᠨᠰᠠᠭ᠎ᠠ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠦᠷᠭᠦᠯᠵᠢᠯᠡᠨ 95 % ᠠᠴᠠ ᠥᠨᠳᠥᠷ ᠪᠠᠶᠢᠯᠭᠠᠨ᠎ᠠ᠃ | ᠤᠰᠤᠨ ᠤ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠣᠬᠢᠷᠳᠤᠯ ᠦᠭᠡᠢ | ᠦᠢᠯᠡᠳᠪᠦᠷᠢᠯᠡᠯ ᠢ ᠴᠢᠩᠭᠠᠳᠬᠠᠬᠤ ᠵᠢᠴᠢ ᠳᠤᠮᠳᠠᠬᠢ ᠤᠰᠤ ᠶᠢ ᠬᠡᠷᠡᠭᠯᠡᠬᠦ ᠬᠤᠪᠢ ᠶᠢᠨ ᠵᠢᠩ ᠢ ᠳᠡᠭᠡᠭᠰᠢᠯᠡᠭᠦᠯᠵᠦ᠂ | ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠶ ᠶᠢ ᠪᠠᠶᠢᠭᠤᠯᠤᠨ᠂ ᠪᠣᠬᠢᠷ ᠤᠰᠤ ᠶᠢ | ᠰᠢᠢᠳᠪᠦᠷᠢᠯᠡᠬᠦ ᠪᠠ ᠵᠣᠷᠯᠣᠩ ᠢ ᠥᠭᠡᠷᠡᠴᠢᠯᠡᠨ ᠵᠠᠰᠠᠵᠤ᠂ ᠪᠠᠯᠭᠠᠰᠤ ᠪᠠ ᠭᠠᠴᠠᠭ᠎ᠠ ᠲᠣᠰᠬᠤᠨ ᠳᠤ ᠲᠥᠪᠯᠡᠷᠡᠩᠭᠦᠶ ᠪᠠ | ᠲᠠᠷᠠᠬᠠᠶ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠪᠠᠶᠢᠭᠤᠯᠤᠨ᠂ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠨᠣᠷᠮ᠎ᠠ ᠶᠢ 80 % ᠳᠤ ᠬᠦᠷᠦᠭᠦᠯᠬᠦ ᠪᠠᠷ ᠴᠢᠷᠮᠠᠶᠢᠨ᠎ᠠ᠃ ᠬᠥᠷᠥᠰᠥ ᠰᠢᠷᠣᠶ ᠶᠢᠨ | ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠠᠷᠢᠶᠠᠯᠠᠩ ᠮᠠᠯ ᠠᠵᠤ | ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠵᠤ ᠂ ᠬᠥᠷᠥᠰᠥ ᠰᠢᠷᠣᠶ ᠶᠢ ᠰᠢᠯᠭᠠᠨ ᠪᠣᠷᠲᠣᠭᠤᠷ ᠣᠷᠣᠭᠤᠯᠬᠤ᠂ | ᠣᠷᠭᠠᠨᠢᠭ ᠪᠣᠷᠲᠣᠭᠤᠷ ᠣᠷᠣᠭᠤᠯᠬᠤ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠮᠢ ᠶᠢᠨ ᠪᠣᠷᠲᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ | ᠥᠬᠡᠶ᠃ ︽ᠬᠡᠨ ᠬᠡᠷᠡᠭᠯᠡᠪᠡᠯ ᠲᠡᠷᠡ ᠬᠤᠷᠢᠶᠠᠵᠤ ᠠᠪᠬᠤ︾ ᠵᠠᠷᠴᠢᠮ ᠢ ᠪᠠᠷᠢᠮᠲᠠᠯᠠᠨ᠂ ᠲᠠᠷᠢᠶᠠᠯᠠᠩ ᠤᠨ ᠪᠠᠷᠢᠮᠵᠢᠶᠠᠲᠤ | ᠰᠦᠯᠢᠶᠣᠣ ᠪᠦᠷᠬᠦᠪᠴᠢ ᠶᠢ ᠬᠡᠷᠡᠭᠯᠡᠵᠦ᠂ ᠰᠦᠯᠢᠶᠣᠣ ᠪᠦᠷᠬᠦᠪᠴᠢ ᠶᠢᠨ ᠬᠠᠶᠠᠭᠳᠠᠮᠠᠯ ᠪᠣᠳᠠᠰ ᠢ ᠬᠤᠷᠢᠶᠠᠵᠤ | ᠠᠰᠢᠭᠯᠠᠬᠤ ᠪᠠᠨ ᠴᠢᠩᠭᠠᠳᠬᠠᠨ᠂ 2026 ᠣᠨ ᠪᠣᠯᠬᠤ ᠳᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ | ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠪᠣᠯᠭᠠᠨ᠎ᠠ᠃ ᠦᠯᠡᠳᠡᠭᠳᠡᠯ ᠬᠦᠳᠡᠷ ᠤᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠪᠠ ᠬᠦᠷᠦᠰᠦ ᠰᠢᠷᠤᠢ ᠶᠢ ᠵᠠᠰᠠᠨ ᠰᠡᠷᠭᠦᠭᠡᠬᠦ ᠶᠢ ᠭᠤᠣᠯᠳᠠᠯᠭ᠎ᠠ ᠲᠠᠢ ᠠᠬᠢᠭᠤᠯᠵᠤ᠂ 17 ᠠᠭᠤᠷᠬᠠᠢ ᠶᠢ | ᠪᠦᠬᠦᠨ ᠢ ᠪᠣᠬᠢᠷᠲᠤᠯ ᠦᠭᠡᠢ ᠠᠭᠤᠷᠬᠠᠢ ᠪᠣᠯᠭᠠᠨ᠎ᠠ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠶᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠠᠬᠢᠭᠤᠯᠤᠨ᠎ᠠ᠃ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ | ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠢᠭᠤᠴᠠ ᠪᠠᠷ ᠪᠡᠯᠴᠢᠭᠡᠷᠯᠡᠭᠦᠯᠬᠦ ᠪᠠ ᠭᠠᠳᠠᠨᠠᠬᠢ ᠮᠠᠯ ᠢ | ᠣᠷᠤᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠵᠢᠬᠤ | ᠣᠷᠣᠨ ᠤ ᠮᠠᠯ ᠤᠨ ᠪᠡᠯᠴᠢᠭᠡᠷ ᠢ ᠬᠠᠳᠤᠯᠠᠩ ᠪᠣᠯᠭᠠᠬᠤ ᠪᠠ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠᠨ ᠪᠦᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠰᠢ ᠬᠤᠪᠢᠷᠠᠭᠤᠯᠤᠨ᠎ᠠ᠃ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠭᠠᠭᠠᠴᠢᠯᠠᠭᠰᠠᠨ ᠣᠶᠢᠲᠤ ᠭᠠᠵᠠᠷ ᠪᠠ | ᠬᠠᠳᠤᠯᠠᠩ ᠪᠡᠯᠴᠢᠭᠡᠷ ᠢ ︽ᠬᠠᠮᠠᠭᠠᠯᠠᠬᠤ ᠭᠡᠷ᠎ᠡ︾ ᠶᠢᠨ ᠲᠦᠷᠢᠮ ᠢ ᠬᠡᠷᠡᠭᠵᠢᠭᠦᠯᠦᠨ᠂ ᠨᠡᠭᠦᠷᠡᠰᠦᠳᠦ᠋ᠷᠦᠭᠴᠢᠲᠦ ᠣᠶ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠪᠠ ᠡᠪᠡᠰᠦ ᠪᠡᠯᠴᠢᠭᠡᠷ ᠢ ᠰᠡᠷᠭᠦᠭᠡᠬᠦ᠂ ᠲᠠᠴᠢᠷᠳᠠᠭᠰᠠᠨ ᠣᠶ ᠰᠢᠭᠤᠶ ᠶᠢ | ᠥᠭᠡᠷᠡᠴᠢᠯᠡᠵᠦ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ 126 ᠲᠦᠮᠡᠨ ᠮᠥ ᠣᠶᠢᠵᠢᠭᠤᠯᠤᠨ᠂ 2026 ᠣᠨ ᠪᠣᠯᠬᠤ ᠳᠤ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 68% ᠪᠠ 39. | 05% ᠬᠦᠷᠭᠡᠨ᠎ᠡ᠃ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ | ᠵᠢᠵᠢᠭ ᠤᠷᠤᠰᠬᠠᠯ᠂ ᠢᠳᠡᠭᠳᠡᠮᠡᠯ ᠭᠤᠤ ᠵᠢᠴᠢ ᠭᠤᠤᠯ ᠮᠥᠷᠡᠨ ᠤ ᠠᠮᠢ ᠠᠬᠤᠶ ᠶᠢᠨ ᠬᠤᠩᠭᠢᠯ ᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠬᠥᠪ ᠤᠨ ᠭᠤᠤ ᠪᠠ ᠴᠢᠨᠳᠠᠮᠦᠨᠢ ᠬᠠᠳᠠᠨ ᠤ ᠤᠰᠤᠨ ᠴᠥᠭᠦᠷᠥᠮ ᠢ ᠪᠠᠶᠢᠭᠤᠯᠤᠨ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠠᠷᠢᠶᠠᠯᠠᠩ ᠤᠨ ᠤᠰᠤᠯᠠᠯᠲᠠ᠂ ᠠᠮᠢ ᠠᠬᠤᠶ ᠶᠢᠨ ᠵᠢᠭᠤᠯᠴᠢᠯᠠᠯ | ᠵᠢᠴᠢ ᠤᠰᠤ ᠬᠠᠳᠠᠭᠠᠯᠠᠬᠤ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠭᠠᠵᠠᠷ ᠳᠡᠭᠡᠷᠡᠬᠢ ᠤᠰᠤᠨ ᠤ ᠠᠰᠢᠭᠯᠠᠯᠲᠠ ᠶᠢ | ᠳᠡᠭᠡᠭᠰᠢᠯᠡᠭᠦᠯᠦᠨ᠎ᠡ᠃ ᠲᠣᠭᠲᠠᠭᠠᠯ ᠢ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠪᠤᠨ ᠵᠢᠯ ᠳᠤ ᠲᠠᠷᠢᠶᠠᠯᠠᠩ ᠤᠨ ᠤᠰᠤᠯᠠᠯᠲᠠ ᠶᠢᠨ ᠮᠠᠰᠢᠨ | ᠴᠠᠬᠢᠯᠭᠠᠨ ᠬᠤᠳᠳᠤᠭ ᠨᠢᠭᠡ ᠶᠢ ᠴᠦ ᠨᠡᠮᠡᠭᠳᠡᠭᠦᠯᠬᠦ ᠦᠭᠡᠶ᠃ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠰᠠᠬᠢᠵᠤ᠂ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠶᠢ ᠲᠤᠰᠬᠠᠢ | ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠪᠠ ᠠᠮᠤ ᠪᠤᠳᠠᠭᠠᠨ ᠤ ᠪᠤᠰᠤ | ᠪᠣᠯᠭᠠᠬᠤ ᠶᠢ ᠡᠷᠡᠰ ᠬᠤᠷᠢᠭᠯᠠᠨ᠎ᠠ᠃ ᠵᠠᠭᠤᠨ ᠲᠦᠮᠡᠨ ᠮᠤ᠋ ᠬᠡᠭᠡᠷ᠎ᠡ ᠶᠢᠨ ᠭᠦᠢᠯᠡᠰᠦ ᠶᠢ ᠪᠢᠲᠡᠭᠦᠮᠵᠢᠯᠡᠵᠦ ᠬᠠᠪᠲᠠᠭᠠᠢ | ᠭᠦᠢᠯᠡᠰᠦ ᠶᠢ ᠵᠠᠯᠭᠠᠬᠤ ᠢᠨᠵᠧᠨᠧᠷᠢᠩ ᠢ ᠬᠡᠷᠡᠭᠵᠢᠭᠦᠯᠵᠦ᠂ ᠣᠢ ᠶᠢᠨ ᠵᠢᠮᠢᠰ ᠤᠨ ᠰᠠᠭᠤᠷᠢᠨ ᠭᠠᠵᠠᠷ ᠢ 4 ᠲᠦᠮᠡᠨ | ᠮᠤ᠋ ᠬᠦᠭᠵᠢᠭᠦᠯᠦᠨ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ | ᠪᠡᠶᠡᠯᠡᠭᠦᠯᠦᠨ᠎ᠡ᠃ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠤᠯᠴᠢᠯᠠᠯ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ | ᠦᠯᠵᠡᠶᠢᠮᠦ᠋ᠷᠡᠨ ᠭᠤᠣᠯ ᠤᠨ ᠤᠯᠤᠰ ᠤᠨ ᠨᠠᠮᠤᠭᠲᠤ ᠴᠡᠴᠡᠷᠯᠢᠭ ᠤᠨ ᠳᠠᠭᠠᠤ ᠠᠮᠢ ᠠᠬᠤᠢ ᠶᠢ ᠴᠡᠭᠴᠡᠯᠡᠨ ᠵᠠᠰᠠᠵᠤ᠂ | ᠤᠯᠠᠭᠠᠨᠳᠠᠪᠠᠭ᠎ᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠥᠪᠡᠷᠮᠢᠴᠡ ᠣᠨᠴᠠᠯᠢᠭᠲᠤ | ᠪᠠᠶᠢᠭᠠᠯᠢ ᠶᠢᠨ ᠬᠦᠴᠢᠯᠳᠦᠷᠦᠭᠴᠢ ᠶᠢᠨ ᠪᠠᠭᠠᠷ ᠪᠣᠯᠭᠠᠨ᠎ᠠ᠃ | ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠶ | ᠣᠷᠴᠢᠨ ᠲᠣᠭᠤᠷᠢᠨ ᠢ ᠬᠤᠬᠢᠷᠠᠭᠤᠯᠬᠤ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠵᠤ᠂ ᠳᠤᠤᠷ᠎ᠠ | ᠨᠡᠭᠦᠷᠡᠰᠦᠲᠥ᠋ᠷᠥᠭᠴᠢᠲᠦ ᠰᠡᠳᠬᠢᠬᠦᠶ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠳᠤ | ᠲᠤᠤᠱᠯᠠᠭᠤᠯᠤᠨ᠎ᠠ᠃ ᠮᠡᠷᠭᠡᠵᠢᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠡᠨᠧᠷᠭᠢ ᠠᠷᠪᠢᠯᠠᠬᠤ ᠪᠠ ᠡᠨᠧᠷᠭᠢ ᠶᠢᠨ | ᠬᠤᠷᠣᠭᠳᠠᠯ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠥᠷᠨᠢᠭᠦᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠮᠡᠷᠭᠡᠵᠢᠯ ᠪᠠ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ | ᠨᠡᠭᠦᠷᠡᠰᠦᠲᠥ᠋ᠷᠥᠭᠴᠢ ᠶᠡᠬᠡᠲᠡᠶ ᠠᠵᠢᠯ ᠲᠥᠷᠥᠯ ᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭᠠᠨ᠎ᠠ᠃ | ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢᠨ ᠲᠠᠯ᠎ᠠ ᠪᠠᠷ᠂ ᠡᠨᠧᠷᠭᠢ ᠬᠡᠷᠡᠭᠯᠡᠬᠦ ᠲᠥᠰᠦᠪ ᠤᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠪᠣᠶ ᠪᠥᠬᠦᠶ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠡᠨᠧᠷᠭᠢ ᠶᠢᠨ | ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠵᠦ᠂ ᠡᠨᠧᠷᠭᠢ ᠶᠢᠨ ᠬᠡᠷᠡᠭᠯᠡᠯᠲᠡ ᠶᠢᠨ ᠲᠣᠭᠠᠴᠢᠯᠠᠭᠰᠠᠨ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠡᠨᠧᠷᠭᠢ ᠶᠢ ᠣᠷᠣᠯᠠᠭᠤᠯᠬᠤ ᠲᠠᠯ᠎ᠠ ᠪᠠᠷ᠂ ᠪᠥᠬᠦ | ᠴᠠᠷᠠᠭᠠᠨ ᠤ ︽ᠥᠩᠭᠡ ᠦᠵᠡᠮᠵᠢ︾ ᠶᠢᠨ ᠡᠬᠢ ᠪᠠᠶᠠᠯᠢᠭ ᠢ ᠶᠡᠬᠡᠪᠡᠷ ᠨᠡᠭᠡᠭᠡᠨ ᠬᠥᠭᠵᠢᠭᠦᠯᠵᠦ᠂ ᠭᠤᠷᠪᠠᠨ ᠬᠠᠪᠴᠢᠯ | ᠪᠦᠯᠦᠭᠯᠡᠯ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ 50 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ | ᠪᠠᠶᠢᠭᠠᠳ ᠡᠬᠢ ᠰᠤᠷᠪᠤᠯᠵᠢ ᠶᠢ ᠬᠠᠳᠠᠭᠠᠯᠠᠬᠤ᠂ ᠨᠡᠭᠦᠷᠡᠰᠦᠲᠥ᠋ᠷᠥᠭᠴᠢ ᠥᠬᠡᠶ ᠲᠣᠭᠤᠷᠢᠭ ᠪᠠᠶᠢᠭᠤᠯᠬᠤ ᠵᠢᠴᠢ | ᠶᠡᠷᠦᠩᠬᠡᠶᠢᠯᠡᠭᠰᠡᠨ ᠡᠨᠧᠷᠭᠢ ᠶᠢᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠢ ᠨᠠᠶᠢᠳᠠᠪᠦᠷᠢᠵᠢᠭᠤᠯᠵᠤ᠂ ᠮᠠᠰᠢᠨ | ᠴᠣᠭᠴᠠᠯᠠᠪᠦᠷᠢ ᠶᠢᠨ ᠬᠡᠮᠵᠢᠶ᠎ᠡ ᠶᠢ 100 ᠲᠦᠮᠡᠨ ᠬᠢᠯᠦᠸᠠᠲ ᠠᠴᠠ ᠳᠡᠭᠡᠭᠰᠢ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠤ ᠴᠡᠪᠡᠷ ᠡᠨᠧᠷᠭᠢ ᠶᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠠᠷᠭ᠎ᠠ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ᠂ ︽ᠬᠤᠶᠠᠷ | ᠥᠨᠳᠥᠷ︾ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠬᠤᠷᠢᠭᠯᠠᠵᠤ᠂ ᠪᠥᠬᠦ ᠬᠤᠰᠢᠭᠤᠨ ᠤ ᠣᠷᠴᠢᠯ | ᠠᠵᠤ ᠠᠬᠤᠶ ᠶᠢᠨ ᠬᠥᠭᠵᠢᠯᠲᠡ ᠶᠢᠨ ᠲᠥᠰᠦᠯ ᠢ ᠲᠣᠭᠲᠠᠭᠠᠨ᠂ ᠠᠵᠤ ᠠᠬᠤᠶᠢᠯᠠᠯ ᠤᠨ ᠥᠨᠳᠥᠷ ᠦᠷ᠎ᠡ ᠠᠰᠢᠭᠲᠤ | ᠡᠨᠧᠷᠭᠢ ᠠᠷᠪᠢᠯᠠᠬᠤ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠦᠯᠡᠳᠡᠪᠦᠷᠢ ᠢᠯᠴᠢ ᠪᠠ ᠦᠯᠡᠳᠡᠪᠦᠷᠢ | ᠳᠠᠷᠤᠯᠲᠠ ᠶᠢᠨ ᠮᠡᠷᠭᠡᠵᠢᠯ ᠢ ᠠᠰᠢᠭᠯᠠᠨ᠂ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠲᠤᠭ᠎ᠠ ᠶᠢ ᠡᠵᠡᠮᠳᠡᠨ | ᠬᠠᠮᠢᠶᠠᠷᠴᠤ᠂ ᠪᠦᠷᠬᠦᠪᠴᠢ ᠥᠬᠡᠶ ᠭᠦᠶᠦᠭᠡᠨ ᠲᠠᠷᠢᠵᠤ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠦᠨ᠂ | ᠤᠰᠤ ᠠᠷᠪᠢᠯᠠᠬᠤ ᠲᠠᠷᠢᠶᠠᠯᠠᠩ ᠤᠨ ᠲᠥᠷᠥᠯ ᠵᠦᠢᠯ ᠤᠨ ᠬᠡᠷᠡᠭᠵᠢᠭᠦᠯᠬᠦ ᠲᠠᠯᠠᠪᠠᠢ ᠶᠢ ᠪᠥᠬᠦ ᠲᠠᠷᠢᠶᠠᠨ ᠭᠠᠵᠠᠷ ᠤᠨ | ᠲᠠᠯᠠᠪᠠᠶ ᠶᠢᠨ 30 % ᠠᠴᠠ ᠳᠡᠭᠡᠭᠰᠢᠬᠢ ᠪᠣᠯᠭᠠᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ | ᠬᠡᠮᠵᠢᠶ᠎ᠡ ᠶᠢ 25% ᠪᠠᠷ ᠪᠠᠭᠤᠷᠠᠭᠤᠯᠤᠨ᠎ᠠ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠲᠠᠯ᠎ᠠ ᠪᠠᠷ᠂ ᠪᠥᠬᠦ | ᠤᠯᠤᠰ ᠤᠨ ᠳᠤᠤᠷ᠎ᠠ ᠨᠡᠭᠦᠷᠡᠰᠦᠲᠥ᠋ᠷᠥᠭᠴᠢᠲᠦ ᠡᠳᠦᠷ ᠪᠠ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ ᠶᠢ ᠦᠷᠨᠢᠭᠦᠯᠵᠦ᠂ ᠪᠣᠬᠢᠷᠲᠤᠯ ᠥᠬᠡᠶ ᠣᠷᠤᠨ ᠰᠠᠭᠤᠴᠠ᠂ ᠪᠣᠬᠢᠷᠲᠤᠯ ᠥᠬᠡᠶ ᠶᠠᠪᠤᠵᠤ ᠰᠠᠭᠤᠬᠤ᠂ | ᠪᠣᠬᠢᠷᠲᠤᠯ ᠥᠬᠡᠶ ᠠᠵᠢᠯᠯᠠᠬᠤ ᠶᠢ ᠠᠬᠢᠭᠤᠯᠤᠨ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠥᠬᠡᠶ | ᠨᠡᠶᠢᠭᠡᠮ ᠲᠣᠭᠤᠷᠢᠭ ᠪᠠ ᠬᠡᠷ ᠪᠦᠯᠢ ᠶᠢ ᠪᠠᠶᠢᠭᠤᠯᠵᠤ᠂ ᠨᠡᠶᠢᠭᠡᠮ ᠳᠠᠶᠠᠭᠠᠷ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠠᠭᠤᠷ ᠠᠮᠢᠰᠬᠤᠯ ᠢ ᠪᠣᠶ ᠪᠣᠯᠭᠠᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠦᠭᠵᠢᠯᠲᠡ ᠶᠢᠨ | ᠬᠦᠳᠡᠯᠭᠡᠭᠴᠢ ᠡᠨᠧᠷᠭᠢ ᠲᠠᠢ ᠰᠢᠨ᠎ᠡ ᠶᠢ ᠡᠭᠦᠳᠬᠦ ᠪᠠᠭᠠᠷᠢᠨ ᠵᠡᠭᠦᠨ ᠬᠤᠰᠢᠭᠤ ᠶᠢ ᠪᠠᠶᠢᠭᠤᠯᠤᠨ᠎ᠠ᠃ ᠬᠡᠷᠡᠭᠴᠡᠭᠡᠨ ᠤ | ᠲᠠᠯ᠎ᠠ ᠠᠴᠠ ᠪᠣᠳᠣᠯᠬᠢᠯᠠᠵᠤ᠂ ᠬᠠᠩᠭᠠᠯᠭ᠎ᠠ ᠶᠢᠨ ᠲᠠᠯ᠎ᠠ ᠠᠴᠠ ᠭᠠᠷᠳᠠᠨ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠳᠣᠣᠷ᠎ᠠ ᠤᠷᠤᠰᠬᠠᠯ ᠪᠠ | ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠰᠢ ᠬᠦᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠠᠵᠤ | ᠦᠢᠯᠡᠳᠪᠦᠷᠢᠵᠢᠭᠦᠯᠦᠯᠳᠡ ᠶᠢᠨ ᠰᠡᠳᠬᠢᠬᠦᠶ ᠪᠠᠷ ᠲᠠᠷᠢᠶᠠᠯᠠᠩ ᠮᠠᠯ ᠠᠵᠤ ᠠᠬᠤᠶ ᠶᠢᠨ ᠬᠦᠭᠵᠢᠯᠳᠡ ᠶᠢ ᠠᠬᠢᠭᠤᠯᠵᠤ᠂ | ᠲᠤᠭ᠎ᠠ ᠬᠡᠮᠵᠢᠶ᠎ᠡ ᠪᠠ ᠭᠠᠷᠤᠯᠲᠠ ᠶᠢ ᠦᠵᠡᠬᠦ ᠠᠴᠠ ᠲᠥᠷᠥᠯ ᠵᠦᠢᠯ ᠢ ᠰᠢᠯᠢᠳᠡᠭᠵᠢᠭᠦᠯᠦᠨ ᠪᠤᠶᠢᠵᠢᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠬᠦ ᠵᠢᠴᠢ ᠨᠡᠷᠡᠳᠦ ᠳᠡᠮᠳᠡᠭᠳᠦ ᠴᠣᠭᠴᠠᠯᠠᠬᠤ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ︽ | ᠱᠦᠭᠦᠷ ᠡᠪᠡᠰᠦ᠂ ᠠᠯᠠᠰᠢᠨ ᠦᠬᠡᠷ᠂ ᠠᠯᠠᠰᠢᠨ ᠡᠯᠵᠢᠭᠡ ᠵᠡᠷᠭᠡ ᠭᠤᠷᠪᠠᠨ ᠦᠢᠯᠡᠰ ᠢᠶᠠᠷ ᠤᠳᠤᠷᠢᠳᠤᠮᠵᠢ | ᠪᠣᠯᠭᠠᠭᠰᠠᠨ᠂ ᠤᠨᠴᠠᠯᠢᠬᠳᠤ ᠠᠵᠤ ᠦᠢᠯᠡᠰ ᠢ ᠣᠯᠠᠨ ᠡᠰᠢᠵᠢᠭᠦᠯᠦᠭᠰᠡᠨ︾ ᠬᠦᠭᠵᠢᠯᠲᠡ ᠶᠢᠨ ᠰᠢᠨ᠎ᠡ ᠪᠠᠶᠢᠳᠠᠯ ᠢ | ᠪᠤᠢ ᠪᠤᠯᠭᠠᠨ᠎ᠠ᠃ ᠱᠦᠭᠦᠷ ᠡᠪᠡᠰᠦᠨ ᠤ ᠠᠵᠤ ᠦᠢᠯᠡᠰ ᠢ ᠬᠦᠴᠦᠷᠬᠡᠭᠵᠢᠭᠦᠯᠦᠨ᠎ᠡ᠂ ︽ᠪᠠᠷᠢᠮᠵᠢᠶ᠎ᠠ ᠶᠢ | ᠳᠦᠷᠢᠮᠵᠢᠭᠦᠯᠬᠦ ᠪᠠ ᠡᠬᠢ ᠪᠠᠶᠠᠯᠢᠭ ᠢ ᠨᠢᠭᠡᠳᠬᠡᠬᠦ ᠶᠢ ᠵᠡᠷᠭᠡ ᠪᠠᠷ ᠠᠳᠬᠤᠬᠤ᠂ ᠰᠦᠯᠵᠢᠶᠡᠨ ᠳᠡᠭᠡᠷᠡᠬᠢ ᠲᠠᠪᠴᠠᠩ ᠪᠠ | ᠰᠦᠯᠵᠢᠶᠡᠨ ᠭᠠᠳᠠᠨᠠᠬᠢ ᠨᠠᠷᠠᠲᠤ ᠲᠡᠮᠳᠡᠭᠲᠦ ᠶᠢ ᠵᠡᠷᠭᠡ ᠪᠠᠷ ᠬᠥᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠣᠰᠣᠭᠠᠷ | ᠂ ᠳᠠᠷᠢᠬᠤ ᠨᠥᠭᠡᠴᠡᠯᠡᠬᠦ ᠪᠣᠯᠪᠠᠰᠤᠷᠠᠭᠤᠯᠬᠤ ᠪᠣᠷᠣᠯᠠᠭᠤᠯᠬᠤ ᠡᠯ᠎ᠡ ᠭᠤᠭᠴᠤᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠱᠦᠭᠦᠷ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠤᠷᠠᠯ ᠡᠷᠬᠢᠯᠡᠨ᠂ ᠠᠩᠬᠠᠨ ᠤ ᠱᠠᠲᠤᠨ ᠤ ᠲᠠᠷᠢᠵᠤ | ᠤᠷᠭᠤᠭᠤᠯᠬᠤ ᠭᠦᠷᠦᠵᠦ ᠣᠶᠠᠬᠤ ᠠᠴᠠ ᠳᠡᠭᠡᠳᠦ ᠵᠡᠷᠭᠡ ᠶᠢᠨ ᠨᠠᠷᠢᠯᠢᠭ ᠡᠳ᠋ᠰᠢᠭᠦᠯᠬᠦ ᠬᠦᠷᠲᠡᠯᠡᠬᠢ᠂ ᠳᠤᠤᠷᠠᠳᠤ | ᠲᠠᠰ ᠤᠨ ᠦᠢᠯᠡᠳᠬᠦᠨ ᠪᠥᠭᠡᠮ ᠢᠶᠠᠷ ᠬᠤᠳᠠᠯᠳᠤᠬᠤ ᠠᠴᠠ ᠳᠡᠭᠡᠳᠦ ᠲᠠᠰ ᠤᠨ ᠨᠠᠷᠠᠲᠤ ᠲᠡᠮᠲᠡᠭᠲᠦ ᠶᠢ ᠡᠭᠦᠳᠬᠦ | ᠬᠦᠷᠲᠡᠯᠡᠬᠢ ᠬᠤᠪᠢᠷᠠᠯᠲᠠ ᠶᠢ ᠪᠡᠶᠡᠯᠡᠭᠦᠯᠵᠦ᠂ ᠱᠦᠭᠦᠷ ᠡᠪᠡᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ | ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠠᠯᠠᠰᠢᠨ ᠦᠬᠡᠷ ᠤᠨ ᠠᠵᠤ | ᠦᠢᠯᠡᠰ ᠢ ᠪᠣᠵᠠᠭᠠᠶᠢᠷᠠᠭᠤᠯᠤᠨ᠎ᠠ᠂ ︽ᠨᠢᠭᠡ ᠢᠵᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠤᠶᠠᠷ | ᠵᠠᠭᠪᠤᠷ ᠢ ᠳᠡᠯᠭᠡᠷᠡᠭᠦᠯᠬᠦ᠂ ᠭᠤᠷᠪᠠᠨ ᠱᠠᠲᠤᠨ ᠤ ᠲᠣᠭᠲᠠᠯᠴᠠᠭ᠎ᠠ ᠶᠢ ᠪᠠᠶᠢᠭᠤᠯᠬᠤ︾ ᠬᠥᠭᠵᠢᠯᠲᠡ ᠶᠢᠨ ᠬᠡᠯᠪᠡᠷᠢ | ᠶᠣᠰᠣᠭᠠᠷ᠂ ᠮᠥᠩᠭᠦᠨ ᠭᠦᠢᠯᠭᠡᠭᠡᠨ ᠢᠶᠠᠷ ᠲᠤᠰᠠᠯᠠᠬᠤ ᠪᠠ ︽ᠨᠠᠶᠢᠳᠠᠨ ᠲᠡᠵᠢᠭᠡᠯᠭᠡᠵᠦ ᠦᠷᠡᠵᠢᠭᠦᠯᠬᠦ︾ ᠵᠡᠷᠭᠡ | ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ ᠲᠠᠷᠢᠶᠠᠯᠠᠬᠤ ᠣᠷᠣᠨ ᠤ ︽ᠲᠤᠰᠬᠠᠶ ᠲᠣᠰᠬᠤᠨ + ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ︾ ᠪᠠ ᠮᠠᠯᠵᠢᠬᠤ ᠣᠷᠣᠨ ᠤ ︽ᠲᠤᠰᠬᠠᠶ ᠭᠠᠴᠠᠭ᠎ᠠ + ᠬᠡᠷ ᠪᠦᠯᠢ ᠶᠢᠨ | ᠮᠠᠯᠵᠢᠯ ᠤᠨ ᠲᠠᠯᠠᠪᠠᠶ︾ ᠶᠢᠨ ᠵᠠᠭᠪᠤᠷ ᠢ ᠳᠡᠯᠭᠡᠷᠡᠭᠦᠯᠦᠨ᠂ ᠬᠤᠰᠢᠭᠤ ᠪᠠᠯᠭᠠᠰᠤ ᠭᠠᠴᠠᠭ᠎ᠠ ᠭᠤᠷᠪᠠᠨ ᠱᠠᠲᠤᠨ ᠤ | ᠠᠯᠠᠰᠢᠨ ᠦᠬᠡᠷ ᠤᠨ ᠨᠡᠶᠢᠭᠡᠮᠴᠢᠯᠡᠭᠰᠡᠨ ᠶᠡᠷᠦᠩᠬᠡᠢ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠠᠯᠠᠰᠢᠨ | ᠦᠬᠡᠷ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ 100᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ 50 | ᠵᠢᠴᠢ ᠬᠡᠷ ᠪᠦᠯᠢ ᠶᠢᠨ ᠮᠠᠯᠵᠢᠯ ᠤᠨ ᠲᠠᠯᠠᠪᠠᠶ 300 ᠶᠢ ᠬᠦᠭᠵᠢᠭᠦᠯᠦᠨ᠂ ᠠᠯᠠᠰᠢᠨ ᠦᠬᠡᠷ ᠤᠨ ᠲᠤᠭ᠎ᠠ ᠶᠢ 50 | ᠲᠦᠮᠡ ᠳᠤ ᠬᠦᠷᠦᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠤ ᠰᠢᠯᠢᠳᠡᠭ ᠡᠭᠦᠯᠳᠡᠷ ᠤᠨ | ᠠᠯᠠᠰᠢᠨ ᠦᠭᠡᠷ ᠤᠨ ᠴᠢᠬᠤᠯᠠ ᠭᠠᠷᠭᠠᠯᠳᠠ ᠶᠢᠨ ᠰᠠᠭᠤᠷᠢᠨ ᠭᠠᠵᠠᠷ ᠪᠣᠯᠤᠨ᠎ᠠ᠃ ᠠᠯᠠᠰᠢᠨ ᠡᠯᠵᠢᠭᠡ ᠶᠢᠨ ᠠᠵᠤ | ᠦᠢᠯᠡᠰ ᠢ ᠰᠢᠯᠢᠳᠡᠭᠵᠢᠭᠦᠯᠦᠨ᠎ᠡ᠂ ︽ᠲᠣᠯᠣᠭᠠᠶᠢᠯᠠᠭᠴᠢ ᠪᠠᠷ ᠬᠡᠯᠬᠢᠶ᠎ᠡ ᠪᠣᠯᠭᠠᠬᠤ᠂ ᠲᠣᠭᠲᠠᠴᠠ ᠪᠠᠷ ᠬᠡᠪᠴᠢᠶ᠎ᠡ ᠶᠢ | ᠥᠷᠭᠡᠳᠬᠡᠬᠦ᠂ ᠲᠥᠷᠥᠯ ᠵᠦᠢᠯ ᠢᠶᠠᠷ ᠨᠠᠷᠠᠲᠤ ᠲᠡᠮᠳᠡᠭᠲᠦ ᠶᠢ ᠡᠭᠦᠳᠬᠦ︾ ᠰᠡᠳᠬᠢᠮᠵᠢ ᠶᠣᠰᠣᠭᠠᠷ᠂ ᠹᠦ᠋ ᠾᠧ | ᠪᠠᠯᠭᠠᠰᠤ ᠶᠢᠨ ᠡᠯᠵᠢᠭᠡ ᠳᠡᠵᠢᠭᠡᠬᠦ ᠵᠢᠵᠢᠭ ᠪᠠᠯᠭᠠᠰᠤ ᠪᠠ ᠪᠥᠬᠦ ᠤᠯᠤᠰ ᠤᠨ ᠠᠯᠠᠰᠢᠨ ᠡᠯᠵᠢᠭᠡᠨ ᠤ ᠠᠵᠤ | ᠦᠢᠯᠡᠰ ᠤᠨ ᠬᠦᠴᠦᠷᠬᠡᠭ ᠪᠠᠯᠭᠠᠰᠤ ᠪᠣᠯᠬᠤ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠵᠥᠩ ᠶᠢᠨ ᠪᠠ ᠬᠤᠩ | ᡁᠢ ᠪᠠᠷ ᠳᠣᠯᠤᠭᠠᠶᠢᠯᠠᠬᠴᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠮᠠᠯ ᠠᠵᠤ ᠠᠬᠤᠶ + | ᠵᠢᠭᠤᠯᠴᠢᠯᠠᠯ︾ ᠤᠨ ᠦᠵᠡᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ︽ᠳᠣᠯᠤᠭᠠᠶᠢᠯᠠᠬᠴᠢ ᠠᠵᠤ | ᠠᠬᠤᠶᠢᠯᠠᠯ + ᠲᠤᠰᠬᠠᠶ ᠲᠣᠰᠬᠤᠨ + ᠲᠡᠵᠢᠭᠡᠨ ᠦᠷᠡᠵᠢᠭᠦᠯᠬᠦ ᠡᠷᠦᠬᠡ︾ ᠶᠢᠨ ᠠᠰᠢᠭ ᠲᠤᠰᠠ ᠶᠢᠨ ᠬᠤᠯᠪᠤᠭ᠎ᠠ | ᠶᠢ ᠠᠬᠢᠭᠤᠯᠤᠨ᠂ ᠪᠥᠬᠦ ᠤᠯᠤᠰ ᠤᠨ ᠠᠯᠠᠰᠢᠨ ᠡᠯᠵᠢᠭᠡᠨ ᠤ ᠠᠵᠤ ᠦᠢᠯᠡᠰ ᠤᠨ ᠲᠦᠷᠦᠭᠦᠴᠦᠳ ᠤᠨ ᠶᠠᠷᠢᠶᠠᠨ ᠤ | ᠲᠠᠪᠴᠠᠩ ᠢ ᠡᠷᠭᠢᠯᠡᠵᠦ᠂ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ 5 ᠪᠠᠶᠢᠭᠤᠯᠤᠨ᠂ | ᠠᠯᠠᠰᠢᠨ ᠡᠯᠵᠢᠭᠡ ᠲᠡᠵᠢᠭᠡᠬᠦ ᠲᠤᠭ᠎ᠠ ᠶᠢ 3 ᠲᠦᠮᠡ ᠳᠤ ᠬᠦᠷᠦᠭᠦᠯᠦᠨ᠎ᠡ᠃ ᠤᠨᠴᠠᠯᠢᠬᠳᠤ ᠠᠵᠤ ᠦᠢᠯᠡᠰ ᠢ | ᠬᠦᠭᠵᠢᠭᠦᠯᠦᠨ᠎ᠡ᠂ ︽ᠨᠢᠭᠡ ᠲᠣᠰᠬᠤᠨ ᠳᠤ ᠨᠢᠭᠡ ᠲᠡᠮᠲᠡᠭᠲᠦ᠂ ᠨᠢᠭᠡ ᠰᠢᠶᠠᠩ ᠤᠨ ᠨᠢᠭᠡ ᠠᠵᠤ ᠦᠢᠯᠡᠰ︾ ᠤᠨ | ᠬᠥᠭᠵᠢᠯᠲᠡ ᠶᠢᠨ ᠰᠡᠳᠬᠢᠴᠡ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠠᠷᠠᠭᠠᠯᠵᠠᠭᠰᠠᠨ | ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠬᠢᠷᠲᠤᠯ ᠦᠭᠡᠢ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠤᠨ᠎ᠠ᠃ ᠯᠢᠨᠳᠦ᠋ᠩ ᠪᠠᠯᠭᠠᠰᠤᠨ ᠳᠤ | ᠲᠥᠬᠦᠭᠡᠷᠦᠮᠵᠢᠲᠦ ᠲᠠᠷᠢᠶᠠᠯᠠᠩ ᠤᠨ ᠲᠤᠰᠬᠠᠶ ᠲᠣᠰᠬᠤᠨ 11 ᠶᠢ ᠪᠠᠶᠢᠭᠤᠯᠵᠤ᠂ ᠵᠢᠯ ᠳᠤᠮᠳᠠᠴᠢ ᠪᠠᠷ 4000 ᠮᠥ | ᠰᠦᠯᠢᠶᠤᠤ ᠰᠠᠷᠠᠪᠴᠢ ᠪᠠᠶᠢᠭᠤᠯᠤᠨ᠂ 2026 ᠣᠨ ᠪᠣᠯᠬᠤ ᠳᠤ 4 ᠲᠦᠮᠡᠨ ᠮᠥ ᠬᠤᠲᠠ ᠲᠣᠭᠤᠷᠢᠭ ᠲᠠᠬᠢ | ᠢᠳᠡᠰᠢᠨ ᠨᠣᠭᠤᠭ᠎ᠠ ᠶᠢᠨ ᠠᠵᠤ ᠦᠢᠯᠡᠰ ᠤᠨ ᠲᠣᠭᠤᠷᠢᠭ ᠢ ᠪᠣᠢ ᠪᠣᠯᠭᠠᠨ᠎ᠠ᠃ ᠰᠠᠨ ᠱᠠᠨ ᠰᠢᠶᠠᠩ ᠳᠤ | ᠦᠢᠯᠡᠳᠪᠦᠷᠢᠯᠡᠵᠦ ᠡᠳ᠋ᠰᠢᠭᠦᠯᠬᠦ ᠪᠣᠷᠣᠯᠠᠭᠤᠯᠬᠤ ᠪᠠ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠢᠭᠡ | ᠴᠣᠠᠠᠴᠠᠵᠢᠭᠤᠯᠥᠠᠠᠰᠠᠨ ︽ᠣᠲᠣ ᠦᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ | ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ︾ ᠭᠠᠷᠭᠠᠵᠤ᠂ ᠵᠢᠯ ᠪᠦᠷᠢ 2000 ᠲᠦᠮᠡᠨ ᠰᠠᠭᠤᠷᠢ | ᠦᠷ᠎ᠡ ᠴᠢᠬᠢ ᠪᠤᠶᠢᠵᠢᠭᠤᠯᠬᠤ ᠲᠤᠷᠰᠢᠯᠲᠠ ᠶᠢᠨ ᠲᠠᠰᠤᠭ ᠪᠠ ᠴᠢᠬᠢ ᠪᠤᠶᠢᠵᠢᠭᠤᠯᠬᠤ ᠳᠤᠯᠠᠭᠠᠨ ᠫᠧᠩ ᠪᠠᠶᠢᠭᠤᠯᠤᠨ᠂ | ᠴᠢᠨ᠋ᠸ᠎ᠠ ᠶᠢᠨ ᠬᠠᠯᠲᠠᠷ᠂ ᠱᠦᠭᠦᠷᠭᠡᠨ᠎ᠡ᠂ ᠬᠤᠷᠳᠤᠨ ᠴᠠᠭᠠᠨ᠂ ᠤᠯᠠᠭᠠᠨ ᠴᠠᠨ᠎ᠠ ᠵᠡᠷᠭᠡ ᠵᠢᠷᠭᠤᠭᠠᠨ ᠵᠦᠢᠯ ᠤᠨ | ᠥᠨᠳᠥᠷ ᠥᠷᠲᠡᠭ ᠪᠦᠬᠦᠢ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠳᠡᠯᠭᠡᠷᠡᠭᠦᠯᠵᠦ᠂ ᠡᠮ ᠤᠨ ᠮᠠᠲ᠋ᠧᠷᠢᠶᠠᠯ | ᠳᠠᠷᠢᠬᠤ ᠲᠠᠯᠠᠪᠠᠶ ᠶᠢ 5 ᠲᠦᠮᠡᠨ ᠮᠥ ᠳᠤ ᠬᠦᠷᠭᠡᠨ᠎ᠠ᠃ ᠠᠯᠠᠰᠢᠨ ᠬᠤᠨᠢ᠂ ᠡᠷᠳᠡᠨᠢ ᠰᠢᠰᠢ᠂ ᠴᠠᠭᠠᠨ ᠢᠳᠡᠭᠡᠨ | ᠵᠡᠷᠭᠡ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ᠎ᠡ᠃ ᠬᠡᠪᠴᠢᠶᠡᠵᠢᠭᠰᠡᠨ᠂ ᠨᠡᠷᠡᠲᠦ | ᠲᠡᠮᠳᠡᠭᠵᠢᠭᠰᠡᠨ᠂ ᠵᠣᠬᠢᠶᠠᠨ ᠪᠠᠶᠢᠭᠤᠯᠤᠬᠵᠢᠬᠰᠠᠨ ᠡᠵᠡᠩᠨᠡᠯᠲᠡ ᠶᠢ ᠪᠠᠷᠢᠮᠲᠠᠯᠠᠨ᠎ᠠ᠂ ︽ᠪᠦᠲᠦᠭᠡᠨ ᠪᠠᠶᠢᠭᠤᠯᠬᠤ ᠪᠠ | ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ | ᠵᠠᠷᠴᠢᠮ ᠶᠣᠰᠤᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 28 ᠲᠦᠮᠡᠨ ᠮᠤ᠋ ᠪᠠ ᠬᠠᠭᠤᠷᠠᠢ ᠪᠠᠷ ᠲᠠᠷᠢᠬᠤ | ᠱᠠᠲᠤᠨ ᠲᠠᠷᠢᠶᠠᠨ ᠭᠠᠵᠠᠷ 16 ᠲᠦᠮᠡᠨ ᠮᠤ᠋ ᠭᠠᠷᠭᠠᠵᠤ᠂ 2026 ᠣᠨ ᠪᠣᠯᠬᠤ ᠳᠤ ᠪᠦᠬᠦ ᠬᠤᠰᠢᠭᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠳᠠᠯᠠᠪᠠᠢ ᠶᠢ 60 ᠲᠦᠮᠡᠨ ᠮᠤ᠋ ᠠᠴᠠ ᠳᠡᠭᠡᠭᠰᠢ ᠪᠣᠯᠭᠠᠨ᠎ᠠ᠃ ︽ᠬᠢᠳᠠᠨ | ᠰᠢᠮᠡᠳᠦ ᠪᠦᠳᠦᠭᠡᠭᠳᠡᠬᠦᠨ︾ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠳᠤ ᠲᠦᠰᠢᠭᠯᠡᠨ᠂ ︽ | ᠨᠢᠭᠡ ᠲᠡᠮᠳᠡᠭᠲᠦ ᠣᠯᠠᠨ ᠲᠥᠷᠥᠯ ᠵᠦᠢᠯ︾ ᠤᠨ ᠲᠣᠭᠲᠠᠯᠴᠠᠭ᠎ᠠ ᠶᠢ ᠪᠠᠶᠢᠭᠤᠯᠵᠤ᠂ ︽ᠬᠤᠶᠠᠷ ᠪᠦᠲᠦᠭᠡᠭᠳᠡᠬᠦᠨ | ᠨᠢᠭᠡ ᠲᠡᠮᠳᠡᠭ︾ ᠢᠶᠠᠷ ᠭᠡᠷᠡᠴᠢᠯᠡᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 6% | ᠪᠠᠷ ᠨᠡᠮᠡᠭᠳᠡᠭᠦᠯᠦᠨ᠎ᠡ᠃ ᠬᠤᠲᠠ ᠶᠢᠨ ᠳᠡᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠲᠣᠭᠤᠷᠢᠭ 2᠂ ᠠᠵᠤ ᠦᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ 20 ᠵᠢᠴᠢ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠢ 1900 ᠶᠢ ᠪᠠᠶᠢᠭᠤᠯᠵᠤ᠂ ᠮᠠᠯᠴᠢᠨ ᠲᠠᠷᠢᠶᠠᠴᠢᠨ ᠤ | ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠡᠯᠬᠢᠶᠡᠵᠢᠯ | ᠪᠠ ᠰᠦᠷᠦᠭᠵᠢᠯ ᠤᠨ ᠬᠦᠭᠵᠢᠯᠲᠡ ᠶᠢ ᠲᠦᠷᠭᠡᠳᠬᠡᠨ᠂ 2026 ᠣᠨ ᠪᠣᠯᠬᠤ ᠳᠤ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠢ 40 % ᠠᠴᠠ ᠳᠡᠭᠡᠭᠰᠢ ᠪᠣᠯᠭᠠᠨ᠎ᠠ᠃ | ᠥᠩᠭᠡᠲᠦ ᠲᠡᠮᠦᠷᠯᠢᠭ ᠤᠨ ᠠᠵᠤ ᠦᠢᠯᠡᠰ ᠢ ᠪᠣᠵᠠᠭᠠᠶᠢᠷᠠᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ | ᠨᠦᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠡᠬᠢ ᠪᠠᠶᠠᠯᠢᠭ ᠢ ᠱᠠᠨ ᠶᠢᠨ ᠬᠤᠩ ᠯᠢᠩ᠂ | ᠢᠦᠶ ᠪᠠᠩ ᠠᠭᠤᠷᠬᠠᠶ ᠵᠢᠴᠢ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠶ ᠵᠡᠷᠭᠡ ᠲᠣᠮᠣ | ᠬᠡᠯᠪᠡᠷᠢ ᠶᠢᠨ ᠠᠵᠤ ᠠᠬᠤᠶᠢᠯᠠᠯ ᠲᠡᠰᠢ ᠨᠢᠭᠡᠲᠦᠭᠦᠯᠦᠨ᠂ ᠲᠠᠪᠤᠨ ᠵᠢᠯ ᠳᠤ ᠬᠦᠳᠡᠷ ᠬᠠᠶᠢᠨ ᠨᠦᠭᠡᠴᠡᠯᠡᠬᠦ ᠬᠡᠮᠵᠢᠶ᠎ᠡ ᠶᠢ | 50 ᠲᠦᠮᠡᠨ ᠤᠷᠲᠤᠳᠬᠠᠯ ᠮᠧᠲᠷ ᠠᠴᠠ ᠳᠡᠭᠡᠭᠰᠢ ᠪᠣᠯᠭᠠᠨ᠎ᠠ᠃ ᠬᠦᠴᠦᠷᠬᠡᠭ ᠠᠵᠤ ᠦᠢᠯᠡᠰ ᠤᠨ ᠬᠡᠯᠬᠢᠶᠡᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠢᠦᠢ ᠪᠠᠩ ᠠᠭᠤᠷᠬᠠᠢ ᠶᠢᠨ ᠡᠳᠦᠷ ᠲᠤ 25000 ᠲᠣᠨ ᠬᠦᠳᠡᠷ ᠰᠢᠯᠢᠵᠦ | ᠥᠷᠭᠡᠳᠬᠡᠨ ᠪᠠᠶᠢᠭᠤᠯᠬᠤ ᠪᠠ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠶ ᠶᠢᠨ ᠡᠳᠦᠷ ᠲᠤ | 5000 ᠲᠣᠨ ᠬᠦᠳᠡᠷ ᠰᠢᠯᠢᠵᠦ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠠᠰᠢᠭᠯᠠᠯᠲᠠ ᠳᠤ ᠣᠷᠤᠭᠤᠯᠵᠤ᠂ | ᠯᠢᠶᠣᠤ ᠰᠢ ᠠᠭᠤᠷᠬᠠᠢ ᠪᠠ ᠳ᠋ᠦᠩ ᠹᠠᠩ ᠹᠦ᠋ ᠶᠤᠸᠠᠨ ᠠᠭᠤᠷᠬᠠᠢ ᠶᠢ ᠳᠠᠬᠢᠨ ᠪᠠᠶᠢᠭᠤᠯᠬᠤ ᠶᠢ ᠲᠦᠷᠭᠡᠳᠬᠡᠨ᠂ | ᠡᠳᠦᠷ ᠪᠦᠷᠢ ᠶᠢᠨ ᠬᠦᠳᠡᠷ ᠰᠢᠯᠢᠬᠦ ᠴᠢᠳᠠᠪᠤᠷᠢ 4.7 ᠲᠦᠮᠡᠨ ᠲᠣᠨ ᠬᠦᠷᠬᠦ ᠶᠢ ᠪᠠᠲᠤᠯᠠᠨ᠎ᠠ᠃ ᠳᠣᠮᠳᠠᠳᠣ ᠶᠢᠨ | ᠥᠩᠭᠡᠲᠦ ᠲᠡᠮᠦᠷᠯᠢᠭ ᠤᠨ ᠴᠠᠶᠢᠷ ᠤᠨ ᠠᠭᠤᠷᠬᠠᠢ ᠶᠢᠨ ᠵᠢᠯ ᠳᠤ 20 ᠲᠦᠮᠡᠨ ᠲᠣᠨ ᠴᠠᠶᠢᠷ ᠬᠠᠶᠢᠯᠤᠭᠤᠯᠬᠤ ᠵᠡᠷᠭᠡ | ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠵᠢᠯ ᠤᠨ ᠬᠠᠶᠢᠯᠤᠭᠤᠯᠬᠤ ᠴᠢᠳᠠᠪᠤᠷᠢ ᠶᠢ 30 | ᠲᠦᠮᠡᠨ ᠲᠣᠨ ᠪᠤᠯᠭᠠᠨ ᠳᠡᠭᠡᠭᠰᠢᠯᠡᠭᠦᠯᠦᠨ᠎ᠡ᠃ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠨᠠᠷᠢᠯᠢᠭ ᠡᠳ᠋ᠰᠢᠭᠦᠯᠬᠦ ᠠᠵᠤ ᠦᠢᠯᠡᠰ ᠢ ᠢᠵᠢ ᠪᠦᠷᠢᠳᠦᠭᠦᠯᠦᠨ ᠣᠷᠣᠭᠤᠯᠤᠨ ᠠᠪᠴᠢᠷᠠᠵᠤ᠂ ᠥᠩᠭᠡᠲᠦ | ᠲᠡᠮᠦᠷᠯᠢᠭ ᠤᠨ ︽ᠬᠠᠶᠢᠬᠤ ᠮᠠᠯᠲᠠᠬᠤ ᠰᠢᠯᠢᠬᠦ ᠬᠠᠶᠢᠯᠤᠭᠤᠯᠬᠤ ᠡᠳ᠋ᠰᠢᠭᠦᠯᠬᠦ︾ ᠪᠥᠬᠦ ᠬᠡᠯᠬᠢᠶ᠎ᠡ ᠶᠢᠨ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠯᠭᠠᠭᠤᠷᠢᠯᠠᠬᠤ ᠪᠠᠶᠢᠷᠢ | ᠰᠠᠭᠤᠷᠢ ᠶᠢ ᠳᠣᠪᠤᠶᠢᠯᠭᠠᠨ᠎ᠠ᠃ ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠲᠠᠰ ᠤᠨ ᠹᠯᠣᠷ | ᠠᠭᠤᠯᠤᠭᠰᠠᠨ ᠮᠠᠲ᠋ᠧᠷᠢᠶᠠᠯ ᠢ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ | ᠡᠯᠧᠺᠲᠷᠣᠨ ᠲᠠᠰ ᠤᠨ ᠤᠰᠤᠲᠥ᠋ᠷᠥᠭᠴᠢ ᠹᠯᠣᠷᠲᠤ ᠬᠦᠴᠢᠯ᠂ ᠹᠯᠣᠷ ᠯᠢᠲ᠋ᠢ ᠶᠢᠨ ᠳ᠋ᠢᠶᠠᠨ ᡂᠢ ᠵᠢᠴᠢ ᠬᠠᠭᠠᠰ | ᠳᠠᠮᠵᠢᠭᠤᠯᠤᠭᠴᠢ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠦᠢᠯᠡᠳᠪᠦᠷᠢᠯᠠᠯ ᠤᠨ | ᠲᠥᠷᠥᠯ ᠵᠦᠢᠯ ᠢ ᠢᠳᠡᠭ ᠢᠳᠡᠭ ᠢᠶᠠᠷ ᠪᠠᠶᠢᠭᠤᠯᠤᠨ᠂ ᠳᠣᠣᠷᠠᠳᠤ ᠤᠷᠤᠰᠬᠠᠯ ᠤᠨ ᠠᠵᠤ ᠦᠢᠯᠡᠰ ᠢ ᠦᠷᠭᠡᠳᠬᠡᠨ᠎ᠡ︔ | ᠹᠯᠣᠷᠲᠤ ᠲᠤᠷᠰᠢᠯᠲᠠ ᠶᠢᠨ ᠦᠢᠯᠡᠳᠬᠦᠨ ᠦᠢᠯᠡᠳᠪᠦᠷᠢᠯᠡᠵᠦ ᠡᠳ᠋ᠰᠢᠭᠦᠯᠬᠦ ᠵᠢᠴᠢ ᠠᠵᠤ ᠦᠢᠯᠡᠰ ᠢ ᠪᠣᠶᠢᠵᠢᠭᠤᠯᠬᠤ | ᠲᠠᠪᠴᠠᠩ ᠢ ᠠᠰᠢᠭᠯᠠᠨ᠂ ᠦᠢᠯᠡᠳᠪᠦᠷᠢᠯᠡᠯ ᠤᠨ ᠱᠤᠭᠤᠮ ᠢ ᠠᠳᠠᠭ ᠲᠠᠭᠠᠨ 8 ᠶᠢ ᠣᠷᠣᠭᠤᠯᠤᠨ ᠠᠪᠴᠢᠷᠠᠵᠤ᠂ | ᠹᠯᠣᠷᠲᠤ ᠪᠥᠭᠡᠭᠡᠨᠡᠪᠦᠷᠢ᠂ ᠡᠮ ᠡᠮᠨᠡᠯᠭᠡ ᠶᠢᠨ ᠵᠠᠪᠰᠠᠷ ᠤᠨ ᠴᠣᠭᠴᠠ ᠵᠢᠴᠢ ᠡᠯᠧᠺᠲᠷᠣᠨ ᠬᠡᠶ ᠪᠡᠶᠡᠲᠦ ᠵᠡᠷᠭᠡ ᠥᠨᠳᠥᠷ | ᠥᠷᠲᠡᠭ ᠲᠠᠢ ᠦᠢᠯᠡᠳᠬᠦᠨ ᠢ ᠭᠤᠤᠯᠳᠠᠯᠭ᠎ᠠ ᠲᠠᠢ ᠦᠢᠯᠡᠳᠪᠦᠷᠢᠯᠡᠨ᠂ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠵᠢᠯ ᠤᠨ ᠦᠢᠯᠡᠳᠬᠦᠨ ᠤ ᠥᠷᠲᠡᠭ ᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ | ᠴᠢᠷᠮᠠᠶᠢᠨ᠎ᠠ᠃ ᠲᠡᠮᠦᠷᠯᠢᠭ ᠤᠨ ᠪᠤᠰᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠂ ᠯᠦ ᠮᠧᠩ ᠪᠠ ᠮᠧᠩ ᠰᠢᠨ | ᠱᠦᠢᠨᠢ ᠦᠢᠯᠡᠳᠪᠦᠷᠢᠯᠡᠬᠦ ᠮᠡᠷᠭᠡᠵᠢᠯ ᠢ ᠥᠭᠡᠷᠡᠴᠢᠯᠡᠨ ᠳᠡᠰ ᠳᠡᠪᠰᠢᠭᠦᠯᠵᠦ᠂ ᠺᠠᠢ ᠶᠤᠸᠠᠨ ᠠᠭᠤᠷᠬᠠᠢ ᠪᠠ ᠭᠦᠸᠧ | ᠶᠤᠸᠠᠨ ᠠᠭᠤᠷᠬᠠᠢ ᠵᠡᠷᠭᠡ ᠴᠣᠬᠤᠢ ᠶᠢᠨ ᠴᠢᠯᠠᠭᠤ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ᠂ | ᠨᠡᠭᠦᠷᠡᠰᠦ ᠬᠦᠴᠢᠯ ᠤᠨ ᠺᠠᠯᠼ ᠤᠨ ᠠᠵᠤ ᠦᠢᠯᠡᠰ ᠢ ᠳᠡᠭᠡᠳᠦ ᠨᠠᠷᠢᠯᠢᠭ ᠣᠷᠤᠶᠢᠯᠠᠭᠰᠠᠨ ᠬᠦᠷᠢᠶ᠎ᠡ ᠲᠡᠰᠢ | ᠬᠦᠭᠵᠢᠭᠦᠯᠦᠨ᠎ᠡ᠃ ᠲᠡᠮᠦᠷᠯᠢᠭ ᠤᠨ ᠪᠤᠰᠤ ᠠᠭᠤᠷᠬᠠᠢ ᠶᠢᠨ ᠬᠠᠶᠢᠨ ᠰᠢᠨᠵᠢᠯᠡᠬᠦ ᠢᠨᠵᠧᠨᠧᠷᠢᠩ ᠢ ᠡᠬᠢᠯᠡᠭᠦᠯᠵᠦ᠂ ᠵᠧᠨ | ᠰᠢᠨ ᠂ ᠵᠢᠶᠧ ᠴᠧᠩ ᠵᠢᠴᠢ ᠯᠧᠢ ᠰᠢᠨ ᠴᠢᠯᠠᠭᠤᠨ ᠮᠠᠲ᠋ᠧᠷᠢᠶᠠᠯ ᠤᠨ ᠲᠥᠷᠦᠯ ᠵᠦᠢᠯ ᠢ ᠠᠰᠢᠭᠯᠠᠯᠲᠠ ᠳᠤ | ᠣᠷᠤᠭᠤᠯᠤᠨ᠂ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠴᠢᠳᠠᠪᠤᠷᠢ ᠶᠢ ᠵᠢᠯ ᠳᠤ 500 ᠲᠦᠮᠡᠨ ᠺᠦᠪ ᠮᠧᠲᠷ | ᠬᠦᠷᠭᠡᠨ᠎ᠡ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ | ᠠᠵᠤ ᠦᠢᠯᠡᠰ ᠢ ᠳᠡᠮᠵᠢᠨ᠎ᠡ᠂ ᠣᠷᠤᠭᠤᠯᠬᠤ ᠬᠤᠯᠪᠣᠭᠠᠯᠠᠬᠤ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠪᠠᠢ ᠬᠤᠢ ᠱᠧᠩ ᠰᠢᠬᠢᠷ ᠯᠤᠤᠪᠠᠩ ᠨᠠᠷᠢᠯᠢᠭ ᠡᠳ᠋ᠰᠢᠭᠦᠯᠬᠦ ᠪᠠ ᠲᠢᠶᠠᠨ ᠯᠦᠩ ᠠᠯᠠᠰᠢᠨ | ᠡᠯᠵᠢᠭᠡ ᠲᠡᠵᠢᠭᠡᠬᠦ ᠵᠡᠷᠭᠡ ᠲᠥᠷᠥᠯ ᠵᠦᠢᠯ ᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠬᠦᠭᠵᠢᠭᠦᠯᠦᠨ᠎ᠡ᠂ ᠡᠨᠧᠷᠭᠢ ᠠᠷᠪᠢᠯᠠᠬᠤ ᠣᠷᠴᠢᠨ ᠠᠬᠤᠢ | ᠶᠢᠨ ᠬᠠᠮᠠᠭᠠᠯᠠᠯᠲᠠ ᠪᠠ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠡᠬᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠡᠳ᠋ ᠤᠨ ᠵᠠᠰᠠᠭ ᠤᠨ ᠭᠠᠶᠢᠯᠢ ᠶᠢᠨ ᠬᠤᠪᠢ ᠨᠡᠮᠡᠷᠢ ᠦᠵᠡᠭᠦᠯᠬᠦ ᠨᠣᠷᠮ᠎ᠠ ᠶᠢ 10% ᠳᠤ ᠬᠦᠷᠭᠡᠨ᠎ᠡ᠃ | ᠲᠠᠪᠤᠨ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 5 ᠪᠠ ᠲᠤᠰᠬᠠᠶ ᠨᠠᠷᠢᠯᠢᠭ ᠣᠨᠴᠠ | ᠰᠢᠨ᠎ᠡ ᠠᠵᠤ ᠠᠬᠤᠶᠢᠯᠠᠯ 30 ᠶᠢ ᠰᠢᠨ᠎ᠡ ᠪᠠᠷ ᠨᠡᠮᠡᠭᠳᠡᠭᠦᠯᠵᠦ᠂ ︽ᠭᠠᠯᠠᠭᠤᠨ ᠰᠦᠷᠦᠭ ᠤᠨ ᠬᠡᠯᠪᠡᠷᠢᠲᠦ︾ ᠠᠵᠤ | ᠠᠬᠤᠶᠢᠯᠠᠯ ᠤᠨ ᠰᠦᠷᠦᠭᠵᠢᠯ ᠢ ᠪᠦᠷᠢᠯᠳᠦᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ ᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠨᠡᠷᠡᠲᠦ ᠲᠡᠮᠳᠡᠭᠵᠢᠯᠲᠡ ᠶᠢ ᠠᠬᠢᠭᠤᠯᠤᠨ᠎ᠠ᠃ ᠪᠦᠬᠦ ᠴᠠᠷᠠᠭ᠎ᠠ᠂ ᠪᠦᠬᠦ ᠤᠯᠠᠷᠢᠯ ᠪᠠ | ᠵᠦᠷᠢᠶᠡᠲᠦ ᠳᠡᠭᠡᠳᠦ ᠳᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ 23511 | ᠬᠥᠭᠵᠢᠯᠲᠡ ᠶᠢᠨ ᠰᠡᠳᠬᠢᠴᠡ ᠶᠢ ᠪᠠᠲᠤᠳᠬᠠᠨ᠂ ᠬᠢᠳᠠᠨ ᠰᠣᠶᠣᠯ ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ | ᠨᠡᠷᠡᠲᠦ ᠲᠡᠮᠳᠡᠭᠲᠦ ᠪᠠ ᠬᠢᠳᠠᠨ ᠰᠣᠶᠣᠯ ᠤᠨ ᠤᠯᠠᠨ ᠤᠯᠤᠰ ᠤᠨ ᠵᠢᠭᠤᠯᠴᠢᠯᠠᠯ ᠤᠨ ᠣᠷᠣᠨ ᠤ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠳᠤ ᠰᠠᠭᠤᠷᠢᠯᠠᠵᠤ᠂ ᠡᠮᠦᠨ᠎ᠡ᠂ ᠳᠤᠮᠳᠠ᠂ ᠬᠤᠶᠢᠲᠤ ᠭᠤᠷᠪᠠᠨ ᠶᠡᠭᠡ ᠵᠢᠭᠤᠯᠴᠢᠯᠠᠯ ᠤᠨ | ᠬᠠᠪᠲᠠᠭᠠᠢ ᠬᠡᠰᠡᠭ ᠢ ᠪᠠᠶᠢᠭᠤᠯᠤᠨ᠂ ᠵᠢᠭᠤᠯᠴᠢᠯᠠᠯ ᠢ ᠰᠣᠶᠣᠯ᠂ ᠵᠠᠮ ᠬᠠᠷᠢᠯᠴᠠᠭ᠎ᠠ᠂ ᠠᠮᠢ ᠠᠬᠤᠢ᠂ ᠤᠨᠴᠠᠯᠢᠬᠳᠤ | ᠬᠤᠲᠠ ᠪᠠᠯᠭᠠᠰᠤ ᠵᠢᠴᠢ ᠮᠠᠯ ᠲᠠᠷᠢᠶᠠᠯᠠᠩ ᠲᠠᠢ ᠭᠦᠨᠵᠡᠭᠡᠢ ᠠᠭᠤᠰᠤᠯᠴᠠᠭᠤᠯᠵᠤ᠂ ᠨᠢᠭᠡ ᠪᠦᠯᠦᠭ ᠪᠡᠯᠭᠡᠳᠡᠯᠲᠦ | ᠴᠢᠨᠠᠷᠲᠠᠶ ᠦᠵᠡᠮᠵᠢ ᠶᠢᠨ ᠣᠷᠣᠨ ᠴᠡᠭ ᠢ ᠪᠠᠶᠢᠭᠤᠯᠤᠨ᠂ ᠵᠢᠭᠤᠯᠴᠢᠯᠠᠯ ᠤᠨ ᠨᠢᠭᠡ ᠵᠣᠷᠪᠣᠰ ᠰᠣᠳᠣᠨ ᠱᠤᠭᠤᠮ ᠢ | ᠴᠣᠭᠴᠠᠯᠠᠨ᠎ᠠ᠃ ︽ᠨᠢᠭᠡ ᠠᠭᠤᠯᠠ ᠨᠢᠭᠡ ᠬᠤᠳᠠ ᠨᠢᠭᠡ ᠰᠦᠮ᠎ᠡ ᠨᠢᠭᠡ ᠤᠡᠭᠭᠤᠨ︾⑳ ᠤ ᠲᠣᠭᠤᠷᠢᠨ ᠳᠤ᠂ | ᠬᠠᠯᠴᠠᠮ ᠤᠨ ᠠᠭᠤᠯᠠ ᠠᠴᠠ ᠡᠬᠢᠯᠡᠵᠦ᠂ ᠮᠣᠯᠭᠤᠷ ᠤᠨ ᠠᠭᠤᠯᠠ ᠪᠠ ᠴᠢᠨᠳᠠᠮᠦᠨᠢ ᠬᠠᠳᠠᠨ ᠤ ᠤᠰᠤᠨ ᠴᠥᠭᠦᠷᠥᠮ ᠢ | ᠬᠤᠯᠪᠣᠵᠤ᠂ ᠭᠢᠯᠦᠪᠡᠷ ᠵᠤᠤ ᠶᠢᠨ ᠰᠦᠮ᠎ᠡ ᠶᠢᠨ ᠭᠤᠣᠯ ᠦᠵᠡᠮᠵᠢ ᠶᠢᠨ ᠣᠷᠣᠨ ᠲᠠᠢ ᠵᠠᠯᠭᠠᠨ᠂ ᠬᠠᠭᠠᠨ ᠬᠤᠲᠠ | ᠶᠢᠨ ᠡᠷᠲᠡᠨ ᠤ ᠪᠠᠯᠭᠠᠰᠤ㉑ ᠪᠠ ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠬᠦᠷᠴᠦ᠂ ᠬᠠᠮᠤᠭ ᠰᠡᠬᠦᠯ ᠳᠤᠨᠢ | ᠽᠤᠩᠺᠠᠸ᠎ᠠ ᠰᠦᠮ᠎ᠡ ᠠᠴᠠ ᠯᠢᠶᠣᠤ ᠶᠢᠨ ᠳᠡᠭᠡᠳᠦᠰ ᠤᠨ ᠤᠡᠭᠭᠤᠨ ᠤ ᠪᠠᠭᠤᠷᠢ ᠬᠦᠷᠬᠦ ᠡᠮᠦᠨᠡᠲᠦ ᠬᠡᠰᠡᠭ ᠤᠨ | ᠬᠢᠳᠠᠨ ᠯᠢᠶᠣᠤ ᠶᠢᠨ ᠰᠣᠶᠣᠯ ᠢ ᠪᠡᠶᠡᠴᠢᠯᠡᠨ ᠣᠶᠢᠯᠠᠭᠠᠬᠤ ᠰᠣᠳᠣᠨ ᠦᠵᠡᠮᠵᠢ ᠶᠢᠨ ᠣᠷᠣᠨ ᠢ ᠪᠠᠶᠢᠭᠤᠯᠤᠨ᠎ᠠ᠃ | ᠦᠵᠡᠮᠵᠢ ᠶᠢᠨ ᠣᠷᠣᠨ ᠤ ᠭᠢᠯᠠᠰ ᠴᠡᠭ ᠢ ᠡᠭᠦᠳᠦᠨ ᠪᠠᠶᠢᠭᠤᠯᠤᠨ᠎ᠠ᠂ ᠳᠣᠯᠣᠭᠠᠨ ᠳᠣᠭᠤᠭᠠᠨ ᠠᠭᠤᠯᠠ ᠶᠢᠨ | ᠦᠵᠡᠮᠵᠢ ᠶᠢᠨ ᠣᠷᠣᠨ ᠳᠤ ᠵᠢᠭᠤᠯᠴᠢᠯᠠᠭᠰᠠᠳ ᠲᠤ ᠦᠢᠯᠡᠴᠢᠯᠡᠬᠦ ᠲᠥᠪ᠂ ᠭᠠᠵᠠᠷ ᠰᠢᠨᠵᠢᠯᠡᠭᠡᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ᠂ ᠳᠡᠭᠦᠵᠢᠩ ᠵᠠᠮ ᠵᠢᠴᠢ ᠰᠢᠯ ᠳᠡᠭᠦᠵᠢᠩ ᠬᠥᠭᠦᠷᠭᠡ | ᠵᠡᠷᠭᠡ ᠶᠢ ᠪᠠᠶᠢᠭᠤᠯᠵᠤ᠂ ᠳᠣᠯᠤᠭᠠᠨ ᠲᠣᠭᠤᠭ᠎ᠠ ᠠᠭᠤᠯᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ | ᠤᠯᠤᠰ ᠤᠨ 5A ᠳᠡᠰ ᠤᠨ ᠦᠵᠡᠮᠵᠢ ᠶᠢᠨ ᠣᠷᠤᠨ ᠪᠣᠯᠭᠠᠬᠤ ᠶᠢ ᠠᠬᠢᠭᠤᠯᠵᠤ᠂ ᠥᠩᠭᠡ ᠦᠵᠡᠮᠵᠢ ᠶᠢ ᠨᠡᠩ | ᠰᠠᠶᠢᠬᠠᠨ ᠪᠣᠯᠭᠠᠨ᠎ᠠ︔ ᠭᠢᠯᠦᠪᠡᠷ ᠵᠤᠤ ᠶᠢᠨ ᠰᠦᠮ᠎ᠠ ᠶᠢᠨ ᠭᠤᠤᠯ ᠦᠵᠡᠮᠵᠢ ᠶᠢᠨ ᠣᠷᠣᠨ ᠳᠤ ᠴᠠᠰᠤᠨ ᠳᠤ | ᠭᠤᠯᠭᠤᠬᠤ ᠪᠠ ᠬᠠᠳᠠ ᠠᠪᠠᠷᠢᠬᠤ ᠪᠠᠷ ᠭᠤᠤᠯ ᠪᠣᠯᠭᠠᠭᠰᠠᠨ ᠬᠡᠷ ᠳᠣᠲᠣᠷᠠᠬᠢ ᠲᠦᠢᠯᠰᠢᠷᠠᠯ ᠤᠨ ᠬᠥᠳᠡᠯᠭᠡᠭᠡᠨ ᠤ | ᠣᠷᠳᠣᠨ ᠢ ᠪᠠᠶᠢᠭᠤᠯᠵᠤ᠂ ᠳᠥᠷᠪᠡᠨ ᠤᠯᠠᠷᠢᠯ ᠤᠨ ᠵᠢᠭᠤᠯᠴᠢᠯᠠᠯ ᠢ ᠬᠥᠭᠵᠢᠶᠡᠨ ᠲᠠᠢ ᠪᠣᠯᠭᠠᠨ᠎ᠠ︔ ᠯᠢᠶᠣᠤ ᠶᠢᠨ | ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠪᠠᠷᠠᠭᠤᠨ ᠠᠭᠤᠯᠠᠨ | ᠪᠠᠯ ᠤᠨ ᠪᠤᠷᠬᠠᠨ ᠤ ᠰᠦᠮ᠎ᠠ ᠶᠢᠨ ᠪᠠᠭᠤᠷᠢ ᠪᠠ ᠣᠷᠳᠣᠨ ᠤ ᠬᠤᠲᠠ ᠶᠢᠨ ᠵᠡᠭᠦᠨ ᠡᠭᠦᠳᠡ᠂ ᠡᠮᠦᠨ᠎ᠡ ᠡᠭᠦᠳᠡ ᠶᠢᠨ | ᠬᠡᠢ ᠪᠦᠷᠬᠦᠪᠴᠢ ᠶᠢᠨ ᠬᠠᠭᠤᠴᠢ ᠰᠤᠳᠤᠯᠤᠯ ᠤᠨ ᠳᠡᠯᠭᠡᠨ ᠦᠵᠡᠭᠦᠯᠬᠦ ᠭᠠᠵᠠᠷ ᠢ ᠪᠠᠶᠢᠭᠤᠯᠵᠤ᠂ ᠨᠠᠷᠠᠲᠤ ᠲᠡᠮᠳᠡᠭ ᠢ | ᠠᠯᠳᠠᠷᠰᠢᠭᠤᠯᠤᠨ᠎ᠠ︔ ᠯᠢᠶᠣᠤ ᠶᠢᠨ ᠳᠡᠭᠡᠳᠦᠰ ᠤᠨ ᠣᠩᠭᠤᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ | ᠲᠤ ᠬᠢᠳᠠᠨ ᠤ ᠶᠢᠰᠦᠳᠦᠭᠡᠷ ᠬᠠᠭᠠᠨ ᠤ ᠦᠶ᠎ᠡ ᠶᠢᠨ ᠲᠡᠦᠬᠡ ᠶᠢᠨ ᠦᠵᠡᠭᠦᠯᠭᠡ ᠶᠢᠨ ᠲᠣᠭᠤᠷᠢᠭ ᠢ ᠪᠠᠶᠢᠭᠤᠯᠵᠤ᠂ | ᠯᠢᠶᠤᠤ ᠶᠢᠨ ᠰᠣᠶᠣᠯ ᠢ ᠠᠮᠢᠯᠠᠭᠤᠯᠤᠨ᠎ᠠ᠃ ᠰᠣᠶᠣᠯ ᠤᠨ ᠳᠡᠯᠭᠡᠷᠡᠭᠦᠯᠦᠯᠲᠡ ᠶᠢ ᠳᠣᠪᠤᠶᠢᠯᠭᠠᠨ᠎ᠠ᠂ ᠪᠡᠯᠭᠡᠳᠡᠯᠲᠦ | ᠴᠢᠨᠠᠷᠲᠠᠶ ᠳᠥᠷᠪᠡᠨ ᠦᠵᠡᠮᠵᠢ ᠶᠢᠨ ᠣᠷᠣᠨ ᠳᠤ ᠲᠤᠰ ᠲᠤᠰ ᠳᠥᠷᠪᠡᠨ ᠤᠯᠠᠷᠢᠯ ᠤᠨ ᠠᠪᠠ ᠠᠩᠨᠠᠯ ᠤᠨ | ᠠᠵᠢᠯᠯᠠᠭᠠᠨ ᠤ ᠦᠵᠡᠭᠦᠯᠦᠯᠭᠡ ㉒ ᠶᠢ ᠥᠷᠨᠢᠭᠦᠯᠵᠦ᠂ ︽ᠯᠢᠶᠣᠤ ᠶᠢᠨ ᠳᠡᠭᠡᠳᠦ ᠨᠡᠶᠢᠰᠯᠡᠯ ᠳᠤ ᠪᠣᠯᠵᠣᠶ᠎ᠠ︾ ᠭᠡᠬᠦ | ᠪᠤᠳᠠᠳᠤ ᠦᠵᠡᠭᠳᠡᠯ ᠤᠨ ᠲᠣᠭᠯᠠᠯᠲᠠ ᠭᠠᠷᠭᠠᠵᠤ᠂ ᠲᠣᠭᠯᠠᠯᠲᠠ ᠶᠢ ᠬᠦᠭᠵᠢᠶᠡᠨ ᠲᠠᠢ ᠪᠣᠯᠭᠠᠨ᠎ᠠ᠃ ᠬᠤᠲᠠ ᠶᠢᠨ | ᠳᠣᠲᠣᠷ᠎ᠠ ᠰᠢᠯᠢᠳᠡᠭᠵᠢᠭᠦᠯᠵᠦ᠂ ᠬᠤᠲᠠ ᠶᠢᠨ ᠭᠠᠳᠠᠨ᠎ᠠ ᠬᠦᠭᠵᠢᠶᠡᠨ ᠲᠠᠢ ᠪᠣᠯᠭᠠᠬᠤ ᠰᠡᠳᠬᠢᠮᠵᠢ ᠶᠣᠰᠣᠭᠠᠷ᠂ | ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠲᠦᠪᠰᠢᠨ | ᠢ ᠳᠡᠭᠡᠭᠰᠢᠯᠡᠭᠦᠯᠦᠨ᠎ᠡ᠃ ᠬᠤᠲᠠ ᠶᠢᠨ ᠳᠣᠲᠣᠷ᠎ᠠ ᠬᠤᠶᠠᠷ ᠭᠤᠤᠯ ᠬᠤᠳᠠᠯᠳᠤᠭᠠᠨ ᠤ ᠳᠣᠭᠤᠷᠢᠭ ᠢ ᠪᠠᠶᠢᠭᠤᠯᠵᠤ᠂ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠣᠯᠠᠨ ᠶᠠᠩᠵᠤ ᠶᠢᠨ ᠲᠡᠰᠢ ᠲᠠᠰ ᠳᠡᠪᠰᠢᠭᠦᠯᠦᠨ᠎ᠡ᠃ | ᠯᠢᠨ ᠬᠤᠸᠠᠩ ᠵᠠᠮ ᠢᠶᠠᠷ ᠭᠤᠣᠯ ᠪᠣᠯᠭᠠᠵᠤ᠂ ᠬᠤᠳᠠᠯᠳᠤᠭᠠᠨ ᠤ ᠶᠠᠪᠠᠭᠠᠨ ᠵᠡᠭᠡᠯᠢ ᠶᠢ ᠲᠡᠰ ᠳᠡᠪᠰᠢᠭᠦᠯᠦᠨ᠂ ᠣᠯᠠᠨ | ᠡᠵᠡᠩᠨᠡᠯᠲᠡ ᠲᠠᠢ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ | ᠬᠤᠲᠠ ᠶᠢᠨ ᠠᠷᠠᠳ ᠤᠨ ᠦᠢᠯᠡᠴᠢᠯᠡᠭᠡᠨ ᠤ ᠬᠤᠳᠠᠯᠳᠤᠭᠠᠨ ᠤ ᠲᠣᠭᠤᠷᠢᠭ ᠢ ᠡᠭᠦᠳᠴᠦ᠂ ᠬᠠᠭᠤᠴᠢᠨ | ᠬᠤᠲᠠ ᠲᠣᠭᠤᠷᠢᠭ ᠤᠨ ᠪᠡᠯᠭᠡ ᠲᠡᠮᠳᠡᠭ ᠢ ᠳᠠᠬᠢᠨ ᠴᠣᠭᠴᠠᠯᠠᠨ᠎ᠠ᠃ ᠰᠢᠷᠭ᠎ᠠ ᠵᠡᠭᠡᠯᠢ ᠪᠠᠷ ᠭᠤᠣᠯ ᠪᠣᠯᠭᠠᠵᠤ᠂ | ᠢᠳᠡᠵᠦ ᠤᠤᠭᠤᠬᠤ᠂ ᠬᠤᠨᠣᠵᠤ ᠬᠡᠪᠲᠡᠬᠦ᠂ ᠵᠤᠭᠠᠴᠠᠵᠤ ᠲᠣᠭᠤᠷᠢᠬᠤ ᠵᠢᠴᠢ ᠪᠠᠷᠠᠭ᠎ᠠ ᠬᠤᠳᠠᠯᠳᠤᠵᠤ ᠠᠪᠬᠤ ᠵᠡᠷᠭᠡ | ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠠᠭᠠᠨ ᠬᠤᠲᠠ ᠶᠢᠨ ᠡᠷᠲᠡᠨ ᠤ ᠪᠠᠯᠭᠠᠰᠤ ᠶᠢ ᠪᠠᠶᠢᠭᠤᠯᠵᠤ᠂ | ᠯᠢᠶᠤᠤ ᠶᠢᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠲᠠᠢ ᠨᠢᠭᠡᠲᠦᠭᠦᠯᠦᠨ᠂ ᠰᠣᠶᠣᠯ | ᠵᠢᠭᠤᠯᠴᠢᠯᠠᠯ + ᠠᠷᠠᠯᠵᠢᠶ᠎ᠠ ᠬᠤᠳᠠᠯᠳᠤᠭᠠᠨ ᠤ ᠲᠣᠭᠤᠷᠢᠭ ᠢ ᠪᠦᠷᠢᠯᠳᠦᠭᠦᠯᠵᠦ᠂ ᠦᠳᠡᠰᠢ ᠶᠢᠨ ᠵᠢᠭᠤᠯᠴᠢᠯᠠᠯ ᠤᠨ | ᠰᠣᠶᠣᠯ ᠢ ᠬᠦᠭᠵᠢᠶᠡᠨ ᠲᠠᠢ ᠪᠤᠯᠭᠠᠨ᠎ᠠ᠃ ᠬᠤᠲᠠ ᠶᠢᠨ ᠭᠠᠳᠠᠨᠠᠬᠢ ᠱᠠᠩ ᠵᠢᠩ ᠪᠤᠳᠠᠰ ᠤᠨ ᠭᠦᠢᠯᠭᠡᠭᠡᠨ ᠤ | ᠲᠣᠭᠤᠷᠢᠭ ᠢ ᠴᠢᠯᠦᠭᠡᠲᠡᠢ ᠪᠣᠯᠭᠠᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ | ᠲᠤᠰᠬᠠᠶᠢᠵᠢᠭᠰᠠᠨ ᠪᠠ ᠳᠡᠭᠡᠳᠦ ᠳᠡᠰ ᠤᠨ ᠦᠷᠲᠡᠭ ᠲᠠᠢ ᠪᠣᠯᠭᠠᠨ᠎ᠠ᠃ 600 ᠮᠦ ᠲᠠᠷᠢᠶᠠᠯᠠᠩ ᠤᠨ ᠠᠷᠠᠯᠵᠢᠶ᠎ᠠ ᠪᠠ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠬᠦᠢᠲᠡᠨ ᠬᠡᠯᠬᠢᠶᠡᠲᠦ ᠪᠤᠳᠠᠰ ᠤᠨ ᠭᠦᠢᠯᠭᠡᠭᠡᠨ ᠤ ᠲᠤᠬᠢᠷᠠᠭᠤᠯᠤᠨ | ᠬᠦᠷᠭᠡᠬᠦ ᠲᠥᠪ ᠵᠢᠴᠢ ᠲᠦᠷᠭᠡᠨ ᠬᠦᠷᠭᠡᠯᠲᠡ ᠶᠢᠨ ᠲᠥᠪ ᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠲᠣᠭᠤᠷᠢᠭ ᠢ ᠴᠣᠭᠴᠠᠯᠠᠨ᠂ ᠪᠤᠳᠠᠰ ᠤᠨ ᠭᠦᠢᠯᠭᠡᠭᠡᠨ ᠤ ᠲᠣᠭᠤᠷᠢᠭ | ᠤᠨ ᠠᠭᠤᠷ ᠠᠮᠢᠰᠬᠤᠯ ᠢ ᠬᠦᠭᠵᠢᠶᠡᠨ ᠲᠠᠢ ᠪᠣᠯᠭᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠴᠡᠪᠡᠷ ᠲᠡᠭᠰᠢ ᠡᠮᠬᠢ ᠲᠢᠭᠯᠢᠮ ᠲᠠᠢ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠪᠠᠭᠠᠷᠢᠨ ᠵᠡᠭᠦᠨ ᠬᠤᠰᠢᠭᠤ ᠶᠢ | ᠪᠠᠶᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠬᠤᠰᠢᠭᠤ ᠰᠢᠶᠠᠨ ᠤ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠠᠵᠤ ᠦᠢᠯᠡᠰ ᠢ | ᠬᠦᠴᠦᠷᠬᠡᠭᠵᠢᠭᠦᠯᠵᠦ᠂ ᠰᠠᠭᠤᠷᠢ ᠪᠠᠨ ᠪᠠᠬᠢᠵᠢᠭᠦᠯᠦᠨ᠂ ᠰᠢᠨ᠎ᠡ ᠳᠦᠷᠰᠦ ᠪᠠᠶᠢᠳᠠᠯ ᠢ ᠪᠤᠢ ᠪᠤᠯᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠨ᠎ᠠ᠃ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ︽ᠳᠥᠷᠪᠡ ᠶᠢ ᠰᠤᠯᠠᠷᠠᠭᠤᠯᠬᠤ ᠦᠭᠡᠢ︾ | ᠱᠠᠭᠠᠷᠳᠠᠯᠭ᠎ᠠ ᠶᠣᠰᠤᠭᠠᠷ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ᠣᠲᠣ ᠶᠢᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠨ᠎ᠠ᠃ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢ ᠠᠵᠤ ᠦᠢᠯᠡᠰ ᠲᠤ | ᠲᠦᠰᠢᠭᠯᠡᠭᠦᠯᠦᠨᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠲᠦᠯᠦᠭᠡ ᠬᠢᠨᠠᠨ ᠡᠵᠡᠮᠳᠡᠵᠦ ᠤᠷᠢᠳᠴᠢᠯᠠᠨ | ᠰᠡᠷᠡᠮᠵᠢᠯᠡᠭᠦᠯᠬᠦ ᠪᠠ ᠬᠠᠪᠰᠤᠷᠤᠨ ᠲᠡᠳᠬᠦᠬᠦ ᠪᠠᠨ ᠴᠢᠩᠭᠠᠳᠬᠠᠨ᠂ ᠲᠡᠰ ᠳᠠᠪᠬᠤᠷᠭ᠎ᠠ ᠲᠦᠷᠦᠯ ᠵᠦᠢᠯ ᠬᠤᠪᠢᠶᠠᠨ ︽ | ᠭᠤᠷᠪᠠᠨ ᠲᠦᠷᠦᠯ︾ ᠤᠨ ᠬᠥᠮᠦᠰ ᠢ ᠦᠷᠭᠦᠯᠵᠢ ᠶᠢᠨ ᠴᠢᠨᠠᠷᠲᠠᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ | ᠠᠵᠢᠯ ᠢ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠨ᠎ᠠ᠃ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠬᠠᠮᠢᠶᠠᠷᠬᠤ ᠪᠠ ᠬᠢᠨᠠᠯᠲᠠ ᠳᠠᠯᠪᠢᠬᠤ ᠪᠠᠨ | ᠴᠢᠩᠭᠠᠳᠬᠠᠵᠤ᠂ ᠵᠢᠯ ᠪᠦᠷᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠬᠢᠨᠠᠨ ᠪᠠᠶᠢᠴᠠᠭᠠᠬᠤ | ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭ᠎ᠠ ᠶᠢ ᠦᠷᠨᠢᠭᠦᠯᠦᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ | ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠃ ᠵᠡᠭᠦᠨ ᠪᠠᠷᠠᠭᠤᠨ ᠣᠷᠣᠨ ᠬᠠᠮᠵᠢᠯᠴᠠᠬᠤ ᠪᠠ ᠲᠥᠪ ᠤᠨ ᠴᠡᠭ | ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠂ ᠠᠵᠤ ᠦᠢᠯᠡᠰ ᠤᠨ ᠬᠠᠮᠲᠤᠷᠠᠯᠴᠠᠭ᠎ᠠ᠂ ᠬᠥᠳᠡᠯᠮᠦᠷᠢ | ᠦᠢᠯᠡᠴᠢᠯᠡᠭᠡ ᠶᠢᠨ ᠵᠣᠯᠭᠠᠯᠴᠠᠭ᠎ᠠ ᠵᠢᠴᠢ ᠴᠢᠳᠠᠪᠤᠷᠢᠲᠠᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠮᠲᠤ ᠪᠠᠷ | ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢ ᠦᠷᠭᠡᠳᠬᠡᠨ᠎ᠡ᠃ ︽ | ᠲᠥᠯᠥᠪᠵᠢᠭᠦᠯᠭᠡ ᠶᠢ ᠤᠷᠢᠳᠠᠪᠠᠷ ᠬᠢᠬᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠠᠵᠤ ᠦᠢᠯᠡᠰ ᠢ ᠲᠡᠷᠢᠭᠦᠨ ᠳᠤ | ᠲᠠᠯᠪᠢᠬᠤ᠂ ᠭᠤᠤᠯᠳᠠᠯᠭ᠎ᠠ ᠶᠢ ᠳᠣᠪᠤᠶᠢᠯᠭᠠᠬᠤ︾ ᠵᠠᠷᠴᠢᠮ ᠢ ᠪᠠᠷᠢᠮᠲᠠᠯᠠᠵᠤ᠂ ᠵᠢᠯ ᠪᠦᠷᠢ 5 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠣᠷᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ | ᠵᠦᠢᠯ ᠢ 200 ᠠᠴᠠ ᠳᠡᠭᠡᠭᠰᠢ ᠨᠠᠶᠢᠳᠠᠪᠦᠷᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠭᠠᠴᠠᠭ᠎ᠠ ᠲᠣᠰᠬᠤᠨ ᠤ ᠬᠡᠷᠡᠭᠯᠡᠭᠡᠨ ᠤ ᠴᠢᠨᠠᠷᠲᠠᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠪᠠᠷ ᠠᠵᠤ ᠦᠢᠯᠡᠰ ᠢ ᠲᠣᠭᠲᠠᠭᠠᠨ᠂ ᠠᠵᠤ ᠦᠢᠯᠡᠰ ᠢᠶᠠᠷ ᠲᠥᠷᠥᠯ | ᠵᠦᠢᠯ ᠢ ᠲᠣᠭᠲᠠᠭᠠᠵᠤ᠂ ᠲᠥᠷᠥᠯ ᠵᠦᠢᠯ ᠢᠶᠠᠷ ᠪᠠᠯᠠ ᠣᠷᠣᠭᠤᠯᠤᠯᠲᠠ ᠶᠢ ᠲᠣᠭᠲᠠᠭᠠᠨ᠂ ᠭᠤᠤᠯᠳᠠᠯᠭ᠎ᠠ ᠲᠠᠢ | ᠲᠣᠰᠬᠤᠨ ᠳᠤ 500 ᠲᠦᠮᠡᠨ ᠲᠥᠭᠦᠷᠢᠭ ᠠᠴᠠ ᠳᠡᠭᠡᠭᠰᠢ ᠪᠠ ᠵᠢᠱᠢᠶ᠎ᠡ ᠦᠵᠡᠭᠦᠯᠬᠦ ᠲᠣᠰᠬᠤᠨ ᠳᠤ 1000 | ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠤᠭᠤᠯᠬᠤ ᠪᠠᠷᠢᠮᠵᠢᠶ᠎ᠠ ᠶᠣᠰᠣᠭᠠᠷ᠂ ︽ᠨᠢᠭᠡ ᠬᠥᠨᠳᠡᠯᠡᠨ ᠨᠢᠭᠡ | ᠭᠤᠯᠳᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ | ᠪᠦᠰᠡ㉓ ᠶᠢᠨ ᠲᠣᠭᠤᠷᠢᠨ ᠳᠤ᠂ ᠵᠢᠯ ᠪᠦᠷᠢ ᠨᠠᠭᠠᠳᠤ ᠵᠠᠬ᠎ᠠ ᠳᠠᠭᠠᠨ 5 ᠵᠢᠱᠢᠶ᠎ᠡ ᠦᠵᠡᠭᠦᠯᠬᠦ ᠲᠣᠰᠬᠤᠨ ᠪᠠ 10 | ᠭᠤᠤᠯᠳᠠᠯᠭ᠎ᠠ ᠲᠠᠢ ᠲᠣᠰᠬᠤᠨ ᠢ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠤᠰᠤ ᠴᠠᠬᠢᠯᠭᠠᠨ ᠵᠠᠮ ᠲᠣᠣᠷ ᠵᠡᠷᠭᠡ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠴᠠᠭ᠎ᠠ | ᠲᠣᠰᠬᠤᠨ ᠤ ᠦᠢᠯᠡᠴᠢᠯᠡᠭᠡᠨ ᠤ ᠲᠥᠪ ᠪᠠ ᠰᠣᠶᠣᠯ ᠪᠡᠶ᠎ᠡ ᠲᠠᠮᠢᠷ ᠤᠨ ᠲᠠᠯᠠᠪᠤᠷ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠦᠮᠵᠢ ᠶᠢ ᠪᠦᠷᠢᠨᠰᠢᠭᠦᠯᠦᠨ᠎ᠡ᠃ ᠲᠠᠷᠢᠮᠠᠯ ᠲᠡᠵᠢᠭᠡᠪᠦᠷᠢ ᠪᠠ ᠵᠢᠭᠤᠯᠴᠢᠯᠠᠯ ᠤᠨ ᠦᠢᠯᠡᠰ ᠤᠨ | ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠤᠯᠠᠭᠠᠨᠬᠠᠳᠠ ᠶᠢᠨ ᠬᠠᠮᠤᠭ ᠤᠨ ᠰᠢᠯᠢᠳᠡᠭ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠤᠨ᠎ᠠ᠃ | ᠬᠥᠳᠡᠭᠡ ᠲᠣᠰᠬᠤᠨ ᠤ ᠳᠦᠷᠢ ᠲᠥᠷᠬᠦ ᠶᠢ ᠥᠭᠡᠷᠡᠴᠢᠯᠡᠨ᠎ᠡ᠃ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠦᠷᠨᠢᠭᠦᠯᠵᠦ᠂ ᠬᠤᠭ ᠨᠣᠪᠰᠢ ᠶᠢ ᠬᠠᠯᠠᠭᠠᠨ | ᠵᠠᠳᠠᠷᠠᠭᠤᠯᠬᠤ ᠦᠷᠳᠡᠭᠡ᠂ ᠬᠤᠭ ᠨᠣᠪᠰᠢ ᠪᠤᠯᠠᠬᠤ ᠲᠠᠯᠠᠪᠠᠢ ᠵᠢᠴᠢ ᠪᠤᠷᠳᠤᠭᠤᠷ ᠣᠪᠣᠭᠠᠯᠠᠬᠤ ᠲᠥᠪ ᠵᠡᠷᠭᠡ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠴᠡᠪᠡᠷᠯᠡᠭᠴᠢ ᠪᠠ ᠲᠤᠨᠤᠭ ᠲᠥᠬᠦᠭᠡᠷᠦᠮᠵᠢ ᠶᠢ | ᠪᠦᠷᠢᠨ ᠳᠣᠬᠢᠷᠠᠭᠤᠯᠤᠨ᠂ ︽ᠭᠤᠷᠪᠠᠨ ᠴᠡᠪᠡᠷᠯᠡᠭᠡ ᠲᠠᠪᠤᠨ ᠣᠪᠤᠭ᠎ᠠ︾ ㉔ ᠶᠢ ᠴᠡᠭᠴᠡᠯᠡᠬᠦ ᠠᠵᠢᠯ ᠢ ᠰᠠᠶᠢᠲᠤᠷ | ᠬᠢᠵᠦ᠂ ︽ ᠠᠷᠢᠯᠭᠠᠬᠤ — ᠴᠡᠪᠡᠷᠯᠡᠬᠦ — ᠴᠤᠭᠯᠠᠭᠤᠯᠬᠤ — ᠵᠥᠭᠡᠭᠡᠪᠦᠷᠢᠯᠡᠬᠦ— ᠰᠢᠢᠳᠪᠦᠷᠢᠯᠡᠬᠦ︾ | ᠨᠢᠭᠡ ᠴᠣᠭᠴᠠᠵᠢᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠣᠭᠲᠠᠯᠴᠠᠭ᠎ᠠ ᠶᠢ ᠪᠠᠶᠢᠭᠤᠯᠵᠤ᠂ | ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠬᠦ᠂ ᠬᠡᠮᠵᠢᠶ᠎ᠡ ᠶᠢ ᠪᠠᠭᠠᠰᠬᠠᠨ | ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 6 ᠰᠤᠮᠤ | ᠰᠢᠶᠠᠩ ᠪᠠᠯᠭᠠᠰᠤ ᠳᠤ ᠪᠣᠬᠢᠷ ᠤᠰᠤ ᠨᠢᠭᠡᠲᠦᠯᠲᠡᠢ ᠰᠢᠢᠳᠪᠦᠷᠢᠯᠡᠬᠦ ᠭᠠᠵᠠᠷ ᠪᠠᠶᠢᠭᠤᠯᠵᠤ᠂ ᠵᠢᠯ ᠪᠦᠷᠢ 1 ᠲᠦᠮᠡᠨ | ᠡᠷᠦᠬᠡ ᠶᠢᠨ ᠵᠤᠷᠯᠤᠩ ᠢ ᠲᠦᠷᠦᠯ ᠬᠤᠪᠢᠶᠠᠨ ᠥᠭᠡᠷᠡᠴᠢᠯᠡᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ | ᠨᠣᠷᠮ᠎ᠠ ᠶᠢ 80 % ᠳᠤ ᠬᠦᠷᠦᠭᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃ | ︵ᠳᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ | ᠬᠠᠷᠢᠯᠴᠠᠨ ᠬᠤᠯᠪᠣᠭᠠᠯᠠᠵᠤ ᠬᠠᠮᠲᠤᠪᠠᠷ ᠠᠭᠤᠰᠤᠯᠴᠠᠭᠰᠠᠨ ᠠᠮᠢᠵᠢᠷᠠᠯ ᠤᠨ ᠬᠦᠴᠦᠨ ᠪᠦᠬᠦᠢ ᠨᠡᠭᠡᠭᠡᠯᠲᠡᠲᠦ ᠪᠠᠭᠠᠷᠢᠨ | ᠵᠡᠭᠦᠨ ᠬᠤᠰᠢᠭᠤ ᠶᠢ ᠪᠠᠶᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ | ᠤᠶᠠᠯᠳᠤᠭᠤᠯᠤᠨ᠂ ᠥᠭᠡᠷᠡᠴᠢᠯᠡᠯᠲᠡ ᠪᠠᠷ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠮᠲᠤᠷᠠᠯᠴᠠᠭ᠎ᠠ ᠪᠠᠷ | ᠬᠥᠭᠵᠢᠯᠲᠡ ᠶᠢ ᠠᠬᠢᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠨ᠎ᠡ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠴᠢᠩᠭᠠᠷᠠᠭᠤᠯᠵᠤ᠂ ︽ᠮᠥᠩᠬᠡ ᠰᠤᠪᠠᠭ·ᠳᠦᠷᠪᠡ ᠶᠢ ᠭᠦᠢᠴᠡᠳᠬᠡᠬᠦ︾᠂ ︽ᠳᠦᠷᠪᠡ ᠶᠢ ᠬᠠᠰᠤᠬᠤ︾㉕ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠴᠣᠩᠬᠤ ᠶᠢ ᠦᠷᠭᠦᠯᠵᠢᠯᠡᠨ ᠨᠡᠮᠡᠵᠦ᠂ | ᠮᠥᠩᠬᠡ ᠰᠤᠪᠠᠭ APP ᠪᠠ 12345 ᠦᠢᠯᠡᠴᠢᠯᠡᠭᠡᠨ ᠤ ᠤᠲᠠᠰᠤ ᠶᠢ ᠬᠡᠷᠡᠭᠯᠡᠨ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ︽ᠳᠥᠷᠪᠡᠨ ᠨᠢᠭᠡᠳᠦᠯᠲᠡᠢ︾㉖ ᠲᠣᠭᠲᠠᠯᠴᠠᠭ᠎ᠠ ᠶᠢ | ᠪᠠᠶᠢᠭᠤᠯᠤᠨ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠵᠦ᠂ ᠦᠢᠯᠡᠴᠢᠯᠡᠭᠡᠨ ᠤ ᠬᠤᠷᠳᠤᠴᠠ ᠶᠢ | ᠲᠦᠷᠭᠡᠳᠬᠡᠨ᠎ᠡ᠃ ᠠᠵᠤ ᠠᠬᠤᠶᠢᠯᠠᠯ ᠳᠤ ᠦᠢᠯᠡᠴᠢᠯᠡᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠬᠠᠮᠢᠶᠠᠷᠤᠭᠴᠢ᠂ | ᠳᠤᠳᠠᠭᠤ ᠶᠢ ᠵᠦᠪᠰᠢᠶᠡᠷᠡᠵᠦ ᠬᠦᠯᠢᠶᠡᠨ ᠠᠪᠴᠤ ᠰᠢᠢᠳᠪᠦᠷᠢᠯᠡᠬᠦ ᠵᠢᠴᠢ ᠲᠢᠩᠬᠢᠮ ᠳᠤ ᠰᠠᠭᠤᠵᠤ ᠮᠦᠷᠳᠡᠨ | ᠭᠦᠢᠴᠡᠳᠬᠡᠬᠦ ᠵᠡᠷᠭᠡ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ | ᠠᠯᠬᠤᠮ ᠳᠠᠷᠠᠭ᠎ᠠ ᠶᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠠᠮᠠᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠦᠢᠯᠡ | ᠠᠵᠢᠯᠯᠠᠭ᠎ᠠ ᠨᠤᠭᠤᠳ ᠢ ᠴᠢᠩᠭ᠎ᠠ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠬᠢᠨᠠᠨ | ᠦᠨᠡᠯᠡᠬᠦ ᠲᠣᠭᠲᠠᠴᠠ ᠶᠢ ᠪᠠᠶᠢᠭᠤᠯᠤᠨ᠂ ︽ᠰᠠᠶᠢᠨ ᠮᠠᠭᠤ ᠦᠨᠡᠯᠡᠯᠲᠡ︾ ᠶᠢᠨ ᠬᠢᠨᠠᠯᠲᠠ ᠲᠠᠯᠪᠢᠬᠤ ᠠᠷᠭ᠎ᠠ ᠵᠠᠮ ᠢ | ᠥᠷᠭᠡᠳᠬᠡᠵᠦ᠂ ᠬᠡᠬᠡᠯᠢ ᠬᠠᠭ᠋ᠤᠤᠯᠢ ᠢᠳᠡᠬᠦ ᠪᠠ ᠭᠠᠴᠢᠬᠤ ᠵᠢᠴᠢ ᠠᠵᠤ ᠠᠬᠤᠶᠢᠯᠠᠯ ᠳᠤ ᠬᠤᠯᠪᠣᠭᠳᠠᠭᠰᠠᠨ ᠢᠯᠵᠠᠷᠠᠯ | ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠴᠢᠩᠭᠠᠳᠬᠠᠨ᠎ᠠ᠃ | ᠪᠠᠭᠠᠷᠢᠨ ᠵᠡᠭᠦᠨ ᠬᠤᠰᠢᠭᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠡᠵᠡᠩᠨᠡᠯᠲᠡ ︵ᠪᠦᠯᠦᠭᠯᠡᠯᠲᠦ︶ | ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠪᠠᠶᠢᠭᠤᠯᠵᠤ᠂ ︽1+6︾ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠡᠵᠡᠩᠨᠡᠯᠲᠡ ᠶᠢᠨ ᠲᠣᠭᠲᠠᠯᠴᠠᠭ᠎ᠠ㉗ ᠶᠢ ᠪᠠᠶᠢᠭᠤᠯᠤᠨ᠂ ᠤᠯᠤᠰ ᠤᠨ ᠦᠮᠴᠢᠯᠡᠯᠲᠦ ᠡᠳ᠋ ᠬᠦᠷᠦᠩᠭᠡ | ᠶᠢ ᠳᠣᠬᠢᠷᠠᠭᠤᠯᠬᠤ ᠪᠠ ᠡᠵᠡᠩᠨᠡᠬᠦ ᠦᠷ᠎ᠡ ᠠᠰᠢᠭ ᠢ ᠨᠡᠮᠡᠭᠳᠡᠭᠦᠯᠵᠦ᠂ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ | ᠨᠡᠭᠡᠭᠡᠯᠲᠡ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠬᠤᠶᠠᠷ ᠵᠢᠷᠤᠭ ᠬᠤᠶᠠᠷ | ᠬᠥᠮᠥᠷᠭᠡ ᠬᠤᠶᠠᠷ ᠬᠦᠰᠦᠨᠦᠭᠲᠦ︾㉘ ᠳᠤ ᠰᠠᠭᠤᠷᠢᠯᠠᠨ᠂ ᠬᠢᠮᠢ ᠶᠢᠨ ᠠᠵᠤ ᠦᠢᠯᠡᠳᠪᠦᠷᠢ᠂ ᠰᠣᠶᠣᠯ ᠵᠢᠭᠤᠯᠴᠢᠯᠠᠯ᠂ | ᠣᠷᠴᠢᠯ ᠠᠵᠤ ᠠᠬᠤᠶ ᠵᠡᠷᠭᠡ 11 ᠠᠵᠤ ᠦᠢᠯᠡᠰ ᠤᠨ ᠬᠡᠯᠬᠢᠶ᠎ᠡ ᠪᠠ ᠲᠤᠰᠬᠠᠶ ᠠᠩᠭᠢ ᠶᠢᠨ ᠨᠠᠷᠢᠯᠢᠭ | ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢᠨ ᠲᠣᠭᠤᠷᠢᠨ ᠳᠤ ᠂ ᠪᠡᠭᠡᠵᠢᠩ ᠲᠢᠶᠠᠨᠵᠢᠨ ᠾᠧᠪᠧᠶ᠂ ᠠᠨᠾᠦ᠋ᠢ | ᠱᠠᠨᠳᠦ᠋ᠩ ᠾᠧᠨᠠᠨ ᠵᠢᠴᠢ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠤ | ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢᠨ ᠲᠣᠭᠤᠷᠢᠨ ᠳᠤ ᠂ ᠬᠤᠳᠠᠯᠳᠤᠭ᠎ᠠ ᠪᠠᠷ ᠬᠤᠳᠠᠯᠳᠤᠭᠠᠴᠢᠨ | ᠤᠷᠢᠬᠤ᠂ ᠨᠠᠶᠢᠳᠠᠵᠤ ᠬᠤᠳᠠᠯᠳᠤᠭᠠᠴᠢᠨ ᠤᠷᠢᠬᠤ ᠵᠢᠴᠢ ᠴᠡᠭ ᠲᠤ ᠰᠠᠭᠤᠵᠤ ᠬᠤᠳᠠᠯᠳᠤᠭᠠᠴᠢᠨ ᠤᠷᠢᠬᠤ ᠵᠡᠷᠭᠡ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢᠨ ᠳᠣᠭᠤᠷᠢᠨ | ᠳᠤ ᠵᠢᠯ ᠪᠦᠷᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ | ᠬᠤᠷᠠᠯᠳᠤᠭᠤᠯᠵᠤ᠂ ᠱᠠᠩᠨᠠᠵᠤ ᠬᠦᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠂ ᠢᠷᠡᠬᠦ ᠲᠠᠪᠤᠨ | ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠢ 40 ᠣᠷᠣᠭᠤᠯᠤᠨ | ᠠᠪᠴᠢᠷᠠᠵᠤ᠂ ᠣᠷᠣᠨ ᠤ ᠭᠠᠳᠠᠨᠠᠬᠢ ᠪᠠᠯᠠ ᠮᠥᠩᠭᠦ ᠶᠢᠨ ᠪᠣᠳᠠᠲᠠᠶ ᠠᠰᠢᠬᠯᠠᠯᠳᠠ ᠶᠢ ᠵᠢᠯ ᠪᠦᠷᠢ ᠳᠤᠮᠳᠠᠴᠢ ᠪᠠᠷ 10 | % ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠲᠣᠭᠤᠷᠢᠭ ᠢ ᠡᠷᠴᠢᠮᠵᠢᠭᠦᠯᠦᠨ ᠬᠥᠭᠵᠢᠭᠦᠯᠬᠦ ᠪᠠᠨ | ᠴᠢᠩᠭᠠᠳᠬᠠᠵᠤ᠂ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠪᠠᠷᠢᠮᠲᠠᠯᠠᠨ᠂ ︽ᠲᠣᠭᠤᠷᠢᠭ ᠢᠶᠠᠷ ᠬᠡᠯᠬᠢᠶ᠎ᠡ ᠶᠢ | ᠨᠡᠶᠢᠯᠡᠭᠦᠯᠵᠦ᠂ ᠬᠡᠯᠬᠢᠶ᠎ᠡ ᠪᠠᠷ ᠰᠦᠷᠦᠭᠵᠢᠯ ᠢ ᠪᠠᠶᠢᠭᠤᠯᠬᠤ︾ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠤᠤᠱᠯᠠᠭᠤᠯᠤᠨ᠎ᠠ᠃ ᠰᠢᠯᠢᠳᠡᠭ ᠪᠠᠶᠢᠷᠢᠰᠢᠭᠤᠯᠤᠯ ᠢᠶᠠᠷ ᠤᠷᠢᠲᠠᠯ ᠪᠣᠯᠭᠠᠵᠤ᠂ ᠲᠣᠭᠤᠷᠢᠭ ᠤᠨ ᠶᠡᠷᠦᠩᠬᠡᠶ | ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ | ᠪᠤᠰᠤ ᠪᠠ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠴᠢᠳᠠᠮᠵᠢᠲᠤ ᠣᠷᠣᠨ ᠢ ᠪᠠᠶᠢᠭᠤᠯᠤᠨ᠎ᠠ᠃ ᠰᠠᠭᠤᠷᠢ ᠶᠢ | ᠴᠢᠩᠭᠠᠳᠬᠠᠬᠤ ᠪᠠᠷ ᠦᠨᠳᠦᠰᠦ ᠪᠣᠯᠭᠠᠵᠤ᠂ ᠲᠡᠮᠦᠷ ᠵᠠᠮ ᠤᠨ ᠲᠤᠰᠬᠠᠶ ᠱᠤᠭᠤᠮ ᠢ ᠠᠵᠤ ᠦᠢᠯᠡᠰ ᠤᠨ | ᠲᠣᠭᠤᠷᠢᠭ ᠲᠤ ᠰᠢᠭᠤᠳ ᠨᠡᠪᠲᠡᠷᠡᠭᠦᠯᠦᠨ᠂ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾㉙ ᠪᠠᠷᠢᠮᠵᠢᠶ᠎ᠠ ᠳᠤ | ᠬᠦᠷᠦᠭᠦᠯᠦᠨ᠎ᠡ᠃ ︽1153 ᠢᠨᠵᠧᠨᠧᠷᠢᠩ︾㉚ ᠢ ᠡᠮᠬᠢ ᠵᠢᠷᠤᠮ ᠲᠠᠢ ᠪᠠᠷ ᠨᠠᠶᠢᠳᠠᠪᠤᠷᠢᠵᠢᠭᠤᠯᠵᠤ᠂ ᠵᠢᠯ ᠪᠦᠷᠢ | 8 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ | ᠪᠠᠶᠢᠭᠤᠯᠤᠨ᠂ ᠲᠣᠭᠤᠷᠢᠭ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠮᠡᠷᠭᠡᠵᠢᠯ ᠤᠨ | ᠪᠠᠲᠤᠯᠠᠭ᠎ᠠ ᠵᠢᠴᠢ ᠠᠵᠤ ᠠᠬᠤᠶᠢᠯᠠᠯ ᠤᠨ ᠦᠢᠯᠡᠴᠢᠯᠡᠭᠡᠨ ᠢ ᠨᠢᠭᠡ ᠴᠤᠭᠴᠠᠵᠢᠭᠤᠯᠤᠭᠰᠠᠨ ᠤᠯᠠᠨ ᠴᠢᠳᠠᠮᠵᠢᠳᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠵᠢᠭᠡᠯᠡᠯᠭᠡ ᠪᠠᠷ ᠪᠡᠯᠡ ᠬᠤᠷᠠᠮᠳᠤᠭᠤᠯᠬᠤ᠂ ᠬᠠᠪᠰᠤᠷᠤᠨ | ᠭᠦᠢᠴᠡᠳᠬᠡᠬᠦ ᠪᠠ ᠣᠷᠣᠯᠠᠨ ᠭᠦᠢᠴᠡᠳᠬᠡᠬᠦ ᠵᠡᠷᠭᠡ ᠲᠠᠯ᠎ᠠ ᠪᠠᠷ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ | ᠪᠣᠯᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠳᠤ ᠪᠠᠲᠤᠯᠠᠭ᠎ᠠ ᠬᠠᠩᠭᠠᠨ᠎ᠠ᠃ ᠲᠠᠪᠤᠨ ᠵᠢᠯ ᠤᠨ ᠳᠣᠲᠣᠷ᠎ᠠ | 30 ᠠᠵᠤ ᠠᠬᠤᠶᠢᠯᠠᠯ ᠢ ᠣᠷᠤᠭᠤᠯᠵᠤ᠂ ᠣᠳᠣᠬᠢᠴᠢᠯᠠᠭᠰᠠᠨ ᠣᠷᠴᠢᠯ ᠠᠵᠤ ᠦᠢᠯᠡᠰ ᠤᠨ ᠵᠠᠭᠤᠨ ᠳ᠋ᠦᠩᠰᠢᠭᠤᠷ | ᠲᠡᠰ ᠤᠨ ᠲᠣᠭᠤᠷᠢᠭ ᠢ ᠡᠭᠦᠳᠦᠨ ᠪᠠᠶᠢᠭᠤᠯᠵᠤ᠂ ᠲᠣᠭᠤᠷᠢᠭ ᠤᠨ ᠨᠡᠷᠡᠲᠦ ᠲᠡᠮᠳᠡᠭ ᠪᠠ ᠲᠣᠭᠤᠷᠢᠭ ᠤᠨ ᠰᠣᠶᠣᠯ ᠢ | ᠪᠦᠷᠢᠯᠳᠦᠭᠦᠯᠦᠨ᠎ᠡ᠃ | ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ ᠡᠭᠦᠳᠦᠨ᠎ᠠ᠃ ᠭᠤᠣᠯᠳᠠᠯᠭ᠎ᠠ ᠲᠠᠢ ᠬᠦᠷᠢᠶᠡᠨ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠪᠠᠶᠢᠭᠤᠯᠵᠤ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠤᠨ᠎ᠠ᠃ ᠮᠠᠯ ᠲᠠᠷᠢᠶᠠᠯᠠᠩ ᠤᠨ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠠᠯᠠᠰᠢᠨ ᠦᠬᠡᠷ ᠪᠠ ᠱᠦᠭᠦᠷ ᠡᠪᠡᠰᠦ ᠶᠢᠨ ᠠᠵᠤ | ᠦᠢᠯᠡᠰ ᠢᠶᠠᠷ ᠲᠤᠷᠰᠢᠯᠲᠠ ᠶᠢᠨ ᠴᠡᠭ ᠪᠣᠯᠭᠠᠨ᠂ ᠲᠣᠮᠣ ᠳ᠋ᠠᠶᠢᠲ᠋ᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠰᠢᠨ᠎ᠡ ᠲᠣᠨᠤᠭ ᠲᠥᠬᠦᠭᠡᠷᠦᠮᠵᠢ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ᠂ ᠠᠯᠤᠰ ᠠᠴᠠ ᠣᠨᠣᠰᠢᠯᠠᠨ | ᠡᠮᠨᠡᠬᠦ ᠵᠡᠷᠭᠡ ᠮᠡᠷᠭᠡᠵᠢᠯ ᠤᠨ ᠰᠢᠨ᠎ᠡ ᠶᠢ ᠡᠭᠦᠳᠦᠨ᠎ᠡ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ | ᠲᠣᠭᠠᠴᠢᠯᠠᠬᠤ ᠶᠢ ᠲᠦᠷᠭᠡᠳᠬᠡᠵᠦ᠂ ᠹᠧᠩ ᠬᠤᠸᠠᠩ ᠱᠠᠨ ᠲᠣᠭᠠᠴᠢᠯᠠᠭᠰᠠᠨ ᠠᠵᠤ ᠦᠢᠯᠡᠳᠪᠦᠷᠢ ᠶᠢᠨ ᠲᠣᠭᠤᠷᠢᠭ ᠢ | ᠪᠠᠶᠢᠭᠤᠯᠵᠤ᠂ ᠠᠵᠤ ᠠᠬᠤᠶᠢᠯᠠᠯ ᠤᠨ ᠲᠠᠪᠴᠠᠩ᠂ ᠡᠨᠧᠷᠭᠢ ᠶᠢᠨ ᠬᠤᠷᠣᠭᠳᠠᠯ ᠤᠨ ᠬᠢᠨᠠᠨ ᠬᠠᠮᠢᠶᠠᠷᠤᠯᠲᠠ ᠵᠢᠴᠢ | ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠢ ᠲᠣᠭᠠᠴᠢᠯᠠᠭᠰᠠᠨ ᠵᠢᠯᠣᠭᠤᠳᠬᠤ ᠰᠢᠰᠲ᠋ᠧᠮ ᠳᠤ | ᠬᠡᠷᠡᠭᠯᠡᠨ᠎ᠡ᠃ ᠱᠠᠨᠳᠦ᠋ᠩ ᠤᠨ ᠠᠯᠲᠠ ᠮᠦᠩᠭᠦ ᠲᠤᠭᠤᠯᠭ᠎ᠠ ᠶᠢᠨ ᠠᠭᠤᠷᠬᠠᠢ ᠪᠠ ᠫᠧᠩ ᠹᠧᠩ ᠬᠢᠮᠢ ᠶᠢᠨ ᠠᠵᠤ | ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠲᠥᠬᠦᠭᠡᠷᠦᠮᠵᠢ ᠶᠢᠨ ᠲᠣᠭᠠᠴᠢᠯᠠᠭᠰᠠᠨ ᠬᠡᠮᠵᠢᠶ᠎ᠡ ᠶᠢ 60 % ᠳᠤ ᠬᠦᠷᠭᠡᠵᠦ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠪᠴᠠᠩ ᠤᠨ ᠲᠦᠭᠡᠮᠡᠯᠵᠢᠭᠦᠯᠬᠦ ᠨᠣᠷᠮ᠎ᠠ ᠶᠢ 35 % ᠳᠤ ᠬᠦᠷᠭᠡᠬᠦ ᠪᠠᠷ ᠴᠢᠷᠮᠠᠶᠢᠨ᠎ᠠ᠃ | ᠦᠢᠯᠡᠴᠢᠯᠡᠭᠡᠨ ᠤ ᠦᠢᠯᠡᠰ ᠤᠨ ᠤᠶᠤᠨᠴᠢᠯᠠᠯᠲᠠ ᠶᠢ ᠠᠬᠢᠭᠤᠯᠵᠤ᠂ ᠣᠶᠤᠨᠴᠢ ᠵᠢᠭᠤᠯᠴᠢᠯᠠᠯ ᠤᠨ ᠲᠣᠮᠣ | ᠳ᠋ᠠᠶᠢᠲ᠋ᠠ ᠶᠢᠨ ᠲᠠᠪᠴᠠᠩ ᠢ ᠪᠥᠲᠥᠭᠡᠨ ᠪᠠᠶᠢᠭᠤᠯᠤᠨ᠂ ᠭᠤᠤᠯ ᠪᠣᠯᠬᠤ ᠬᠡᠷᠡᠭᠯᠡᠭᠡᠨ ᠤ ᠲᠠᠯᠠᠪᠤᠷ ᠤᠨ ᠰᠦᠯᠵᠢᠶ᠎ᠡ ᠪᠠᠷ | ᠵᠠᠬᠢᠶᠠᠯᠠᠨ ᠳᠣᠭᠠᠴᠠᠭ᠎ᠠ ᠬᠢᠬᠦ ᠶᠢ ᠳᠡᠮᠵᠢᠵᠦ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠳᠤ VR᠂ ᠡᠯᠧᠺᠲᠷᠣᠨ | ᠲᠠᠶᠢᠯᠤᠮᠵᠢ ᠵᠢᠴᠢ ᠲᠤᠬᠠᠶ ᠶᠢᠨ ᠴᠠᠭ ᠤᠨ ᠮᠡᠳᠡᠭᠡ ᠵᠠᠩᠭᠢ ᠵᠡᠷᠭᠡ ᠶᠢ ᠬᠦᠷᠭᠡᠨ᠎ᠡ᠃ ᠪᠤᠳᠠᠰ ᠤᠨ ᠬᠤᠯᠪᠤᠭᠠᠨ ᠤ | ᠰᠦᠯᠵᠢᠶ᠎ᠡ ᠪᠠ ᠲᠣᠮᠣ ᠳ᠋ᠡᠶᠢᠲ᠋ᠠ ᠶᠢᠨ ᠮᠡᠷᠭᠡᠵᠢᠯ ᠢ ᠠᠰᠢᠭᠯᠠᠨ᠂ ᠪᠠᠭᠠᠷᠢᠨ ᠵᠡᠭᠦᠨ ᠬᠤᠰᠢᠭᠤᠨ ᠤ ᠡᠭᠦᠯᠡᠨ ᠪᠣᠳᠤᠯᠲᠠ | ᠶᠢᠨ ᠲᠦᠪ ᠢ ᠪᠠᠶᠢᠭᠤᠯᠵᠤ᠂ ︽ᠰᠦᠯᠵᠢᠶᠡᠨ ᠣᠳᠣᠨ ᠤ ᠰᠠᠭᠤᠷᠢᠨ ᠭᠠᠵᠠᠷ᠂ ᠠᠵᠤ ᠦᠢᠯᠡᠰ ᠤᠨ ᠦᠢᠯᠡᠴᠢᠯᠡᠭᠡ᠂ | ᠮᠡᠳᠡᠭ ᠵᠠᠩᠬᠢᠴᠢᠯᠠᠭᠰᠠᠨ ᠬᠠᠮᠢᠶᠠᠷᠤᠯᠲᠠ︾ ᠭᠤᠷᠪᠠ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠲᠠᠪᠴᠠᠩ ᠢ | ᠡᠭᠦᠳᠦᠨ ᠪᠠᠶᠢᠭᠤᠯᠤᠨ᠎ᠠ᠃ 5G ᠰᠠᠭᠤᠷᠢ ᠥᠷᠲᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠂ ᠬᠤᠲᠠ | ᠲᠣᠭᠤᠷᠢᠭ ᠲᠤ 5G ᠶᠢ ᠨᠡᠶᠢᠳᠡᠮ ᠪᠥᠷᠬᠦᠭᠦᠯᠵᠦ᠂ 5G + ᠤᠶᠤᠨᠲᠤ ᠠᠭᠤᠷᠬᠠᠶ ᠪᠠ 5G + ᠤᠶᠤᠨᠲᠤ | ᠨᠡᠶᠢᠭᠡᠮ ᠲᠣᠭᠤᠷᠢᠭ ᠢ ᠪᠠᠶᠢᠭᠤᠯᠤᠨ᠎ᠠ᠃ | ︵ᠲᠠᠪᠤ︶ ᠬᠤᠰᠢᠭᠤᠨ ᠤ ᠬᠡᠪᠴᠢᠶᠡᠨ ᠳᠠᠬᠢ ᠭᠤᠣᠯ ᠴᠣᠭᠴᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ | ᠳᠣᠲᠣᠭᠠᠳᠤ ᠠᠭᠤᠯᠠᠬᠤᠨ ᠲᠠᠢ ᠪᠠᠭ᠋ᠠᠷᠬᠠᠯᠲᠤ ᠪᠠᠭᠠᠷᠢᠨ ᠵᠡᠭᠦᠨ ᠬᠤᠰᠢᠭᠤ ᠶᠢ ᠪᠠᠶᠢᠭᠤᠯᠤᠨ᠎ᠠ᠃ ᠬᠤᠰᠢᠭᠤᠨ ᠤ | ᠪᠠᠶᠢᠳᠠᠯ ᠳᠠᠭᠠᠨ ᠰᠠᠭᠤᠷᠢᠯᠠᠨ᠂ ᠪᠥᠬᠦ ᠲᠠᠯ᠎ᠠ ᠠᠴᠠ ᠪᠣᠳᠤᠯᠬᠢᠯᠠᠵᠤ᠂ ᠣᠷᠣᠰᠢᠨ ᠰᠠᠭᠤᠷᠢᠰᠢᠬᠤ ᠪᠠ ᠦᠢᠯᠡᠰ | ᠪᠤᠰᠬᠠᠬᠤ ᠳᠤ ᠲᠣᠬᠢᠷᠠᠮᠵᠢᠲᠠᠶ ᠬᠤᠲᠠ ᠲᠣᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ᠎ᠡ᠃ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠲᠤᠯᠭᠠᠭᠤᠷᠢᠯᠠᠬᠤ ᠬᠦᠴᠦᠨ ᠢ ᠴᠢᠩᠭᠠᠳᠬᠠᠨ᠎ᠠ᠃ ᠰᠢᠨ᠎ᠡ ᠬᠠᠭᠤᠴᠢᠨ ᠬᠤᠲᠠ ᠲᠣᠭᠤᠷᠢᠭ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠠᠭᠤᠴᠢᠨ ᠬᠤᠲᠠ ᠲᠣᠭᠤᠷᠢᠭ ᠤᠨ ᠳᠦᠷᠢ ᠲᠥᠷᠬᠦ ᠶᠢ | ᠰᠠᠶᠢᠵᠢᠷᠠᠭᠤᠯᠵᠤ᠂ 86 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ | ᠬᠡᠷᠡᠭᠵᠢᠭᠦᠯᠵᠦ᠂ ᠲᠤᠭᠤᠷ ᠤᠨ ᠴᠡᠴᠡᠭᠲᠦ ᠠᠷᠠᠯ ᠪᠠ ᠪᠸᠢ ᠲᠠ ᠵᠡᠷᠭᠡ 15 ᠲᠣᠭᠤᠷᠢᠭ ᠲᠠᠬᠢ 1529 ᠢᠵᠢ | ᠬᠠᠭᠤᠴᠢᠨ ᠬᠡᠷ ᠪᠠᠶᠢᠰᠢᠩ ᠢ ᠦᠭᠡᠷᠡᠴᠢᠯᠡᠨ᠎ᠡ᠃ ᠬᠠᠭᠤᠴᠢᠨ ᠬᠤᠲᠠ ᠲᠣᠭᠤᠷᠢᠭ ᠤᠨ ︽ᠳᠥᠷᠪᠡᠨ ᠬᠥᠨᠳᠡᠯᠡᠨ | ᠲᠠᠪᠤᠨ ᠭᠤᠯᠳᠤ︾ ᠵᠠᠮ ᠤᠨ ᠲᠣᠣᠷᠵᠢᠯ ᠢ ᠳᠡᠰ ᠳᠡᠪᠰᠢᠭᠦᠯᠦᠨ᠂ ᠮᠤᠬᠤᠷ ᠵᠠᠮ ᠢ ᠲᠦᠢᠯᠪᠤᠷᠢᠲᠠᠢ ᠨᠡᠪᠲᠡᠷᠡᠭᠦᠯᠵᠦ᠂ | ᠹᠦ᠋ ᠾᠧ ᠵᠠᠮ ᠵᠡᠷᠭᠡ 14 ᠵᠤᠷᠪᠤᠰ ᠵᠠᠮ ᠤᠨ ᠰᠠᠭᠤᠷᠢ ᠲᠥᠬᠦᠭᠡᠷᠦᠮᠵᠢ ᠶᠢ ᠪᠠᠶᠢᠭᠤᠯᠤᠨ᠎ᠠ᠃ ᠪᠸᠢ ᠱᠠᠨ | ᠴᠡᠴᠡᠷᠯᠢᠭ ᠤᠨ ᠨᠣᠭᠤᠭᠠᠷᠠᠭᠤᠯᠤᠯᠲᠠ ᠶᠢ ᠠᠬᠢᠭᠤᠯᠵᠤ᠂ ᠪᠸᠢ ᠲᠠ ᠴᠡᠴᠡᠷᠯᠢᠭ ᠪᠠ ᠪᠦᠸᠧᠬᠠᠶ ᠴᠡᠴᠡᠷᠯᠢᠭ ᠢ | ᠪᠠᠶᠢᠭᠤᠯᠵᠤ᠂ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠬᠡᠮᠵᠢᠶ᠎ᠡ ᠶᠢ 45 % ᠬᠦᠷᠦᠭᠦᠯᠦᠨ᠂ ᠬᠥᠮᠦᠨ | ᠪᠦᠷᠢ ᠶᠢᠨ ᠳᠤᠮᠳᠠᠴᠢ ᠴᠡᠴᠡᠷᠯᠢᠭ ᠤᠨ ᠲᠠᠯᠠᠪᠠᠶ ᠶᠢ 20 ᠲᠡᠭᠰᠢ ᠳᠥᠷᠪᠡᠯᠵᠢᠨ ᠮᠧᠲᠷ ᠪᠣᠯᠭᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠴᠡᠴᠡᠷᠯᠢᠭᠵᠢᠭᠰᠡᠨ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠬᠠᠭᠤᠴᠢᠨ | ᠬᠤᠲᠠ ᠲᠣᠭᠤᠷᠢᠭ ᠤᠨ ︽ᠲᠡᠷᠭᠡ ᠵᠣᠭᠰᠣᠭᠠᠬᠤ ᠳᠤ ᠬᠦᠴᠢᠷᠲᠡᠶ︾ ᠠᠰᠠᠭᠤᠳᠠᠯ ᠢ ᠰᠢᠢᠳᠪᠦᠷᠢᠯᠡᠵᠤ᠂ ᠲᠡᠷᠭᠡᠨ | ᠵᠣᠭᠰᠣᠭᠠᠯ ᠢ ᠵᠣᠬᠢᠰᠲᠠᠶ ᠲᠥᠯᠥᠪᠯᠡᠨ᠂ ᠭᠠᠵᠠᠷ ᠳᠤᠤᠷᠠᠬᠢ ᠲᠡᠷᠭᠡᠨ ᠵᠣᠭᠰᠣᠭᠠᠯ ᠪᠠ ᠲᠡᠷᠭᠡᠨ ᠬᠥᠮᠥᠷᠭᠡ ᠶᠢ | ᠪᠠᠶᠢᠭᠤᠯᠵᠤ᠂ ᠲᠡᠷᠭᠡᠨ ᠵᠣᠭᠰᠣᠭᠠᠯ ᠢ 5000 ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠲᠠᠮᠢᠷ ᠵᠤᠭ᠎ᠠ | ᠴᠡᠩᠭᠡᠯ ᠤᠨ ᠣᠷᠳᠣᠨ ᠪᠠ ᠠᠵᠢᠯᠯᠠᠭᠠᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠰᠦᠪᠡᠭᠴᠢᠯᠡᠵᠦ᠂ ᠰᠢᠨ᠎ᠡ ᠬᠠᠭᠤᠴᠢᠨ ᠬᠤᠲᠠ ᠲᠣᠭᠤᠷᠢᠭ ᠢ ᠵᠡᠷᠭᠡᠪᠡᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ | ᠪᠤᠢ ᠪᠣᠯᠭᠠᠨ᠎ᠠ᠃ ᠬᠤᠲᠠ ᠶᠢᠨ ᠳᠣᠲᠤᠷ ᠭᠠᠳᠠᠨ᠎ᠠ ᠶᠢ ᠵᠡᠷᠭᠡᠪᠡᠷ ᠠᠳᠬᠤᠨ᠎ᠠ᠃ ᠬᠠᠶᠢᠮᠢᠶᠠᠨ ᠬᠤᠲᠠ ᠶᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠬᠤᠲᠠ ᠶᠢᠨ ᠶᠠᠪᠤᠳᠠᠯ ᠤᠨ ᠬᠤᠭᠤᠯᠠᠶ ᠰᠤᠪᠠᠭ ᠢ ᠠᠯᠬᠤᠮ ᠠᠯᠬᠤᠮ ᠢᠶᠠᠨ | ᠰᠢᠨᠡᠳᠬᠡᠨ᠂ ᠬᠠᠭᠤᠴᠢᠨ ᠬᠤᠲᠠ ᠲᠣᠭᠤᠷᠢᠭ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠭᠤᠯᠠᠶ | ᠶᠢ ᠰᠠᠶᠢᠲᠤᠷ ᠲᠠᠭᠠᠷᠠᠭᠤᠯᠵᠤ᠂ ᠬᠤᠲᠠ ᠶᠢᠨ ᠤᠰᠤᠲᠤᠯ ᠢ ᠲᠦᠢᠯᠪᠤᠷᠢᠲᠠᠶ ᠰᠢᠢᠳᠪᠦᠷᠢᠯᠡᠨ᠎ᠡ᠃ ᠭᠤᠶᠣᠵᠢᠭᠤᠯᠤᠯᠲᠠ | ᠨᠣᠭᠤᠭᠠᠷᠠᠭᠤᠯᠤᠯᠲᠠ ᠭᠡᠷᠡᠯᠲᠦᠭᠦᠯᠭᠡ ᠶᠢᠨ ᠠᠵᠢᠯᠯᠠᠭ᠎ᠠ ᠶᠢ ᠯᠠᠪᠳᠠᠭᠤᠨ ᠥᠷᠨᠢᠭᠦᠯᠵᠦ᠂ ᠬᠤᠲᠠ ᠶᠢᠨ ᠥᠩᠭᠡ | ᠦᠵᠡᠮᠵᠢ ᠶᠢ ᠭᠤᠸᠠᠯᠢᠬᠵᠢᠭᠤᠯᠤᠨᠠ᠃ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ | ᠬᠦᠴᠦᠷᠬᠡᠭᠵᠢᠭᠦᠯᠦᠨ᠎ᠡ᠃ ᠬᠤᠲᠠ ᠶᠢᠨ ᠭᠠᠳᠠᠨᠠᠬᠢ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠲᠠᠢ | ᠤᠶᠠᠯᠳᠤᠭᠤᠯᠤᠨ᠂ ᠵᠡᠭᠦᠨ ᠪᠠᠷᠠᠭᠤᠨ ᠣᠷᠤᠴᠠ ᠭᠠᠷᠴᠠ ᠶᠢᠨ ᠦᠩᠭᠡ ᠲᠦᠷᠰᠦ ᠶᠢ ᠡᠭᠦᠳᠦᠨ ᠪᠠᠶᠢᠭᠤᠯᠬᠤ ᠪᠠ | ᠡᠮᠦᠨ᠎ᠡ ᠤᠮᠠᠷ᠎ᠠ ᠣᠷᠤᠴᠠ ᠭᠠᠷᠴᠠ ᠶᠢᠨ ᠥᠩᠭᠡ ᠳᠦᠷᠰᠦ ᠶᠢ ᠳᠡᠭᠡᠭᠰᠢᠯᠡᠭᠦᠯᠵᠦ᠂ ᠬᠤᠲᠠ ᠶᠢᠨ ︽ᠴᠣᠩᠬᠤ︾ ᠶᠢ | ᠭᠤᠸᠠᠯᠢᠭᠵᠢᠭᠤᠯᠤᠨᠠ᠃ 220 ᠺᠢᠯᠤᠸᠠᠲ ᠤᠨ ᠯᠢᠨᠳᠦ᠋ᠩ ᠬᠦᠴᠦᠳᠡᠯ ᠥᠭᠡᠷᠡᠴᠢᠯᠡᠬᠦ ᠥᠷᠲᠡᠭᠡ ᠶᠢ ᠭᠠᠵᠠᠷ | ᠰᠢᠯᠵᠢᠭᠦᠯᠦᠨ ᠰᠢᠨ᠎ᠡ ᠪᠠᠷ ᠪᠠᠶᠢᠭᠤᠯᠵᠤ᠂ ᠣᠳᠣᠬᠢᠴᠢᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ | ᠪᠠᠬᠢᠵᠢᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢᠨ | ᠲᠣᠭᠠᠴᠢᠯᠠᠭᠰᠠᠨ᠂ ᠨᠠᠷᠢᠯᠢᠭᠵᠢᠭᠰᠠᠨ᠂ ᠢᠷᠭᠡᠨᠴᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ | ᠬᠠᠮᠢᠶᠠᠷᠤᠯᠲᠠ ᠶᠢ ᠣᠯᠠᠮ ᠤᠶᠤᠨᠴᠢᠯᠠᠵᠤ᠂ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ ᠵᠢᠯᠣᠭᠤᠳᠬᠤ | ᠲᠥᠪ ᠢ ᠪᠠᠶᠢᠭᠤᠯᠤᠨ᠂ ᠠᠷᠢᠯᠭᠠᠵᠤ ᠴᠡᠪᠡᠷᠯᠡᠬᠦ᠂ ᠵᠠᠰᠠᠵᠤ ᠠᠷᠠᠴᠢᠯᠠᠬᠤ ᠵᠢᠴᠢ ᠬᠠᠮᠠᠭᠠᠯᠠᠵᠤ ᠪᠠᠲᠤᠯᠠᠬᠤ ᠵᠡᠷᠭᠡ | ᠠᠵᠢᠯ ᠢ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢ ᠨᠠᠩ ᠨᠠᠷᠢᠯᠢᠭᠵᠢᠭᠤᠯᠵᠤ᠂ ᠵᠠᠬ᠎ᠠ | ᠵᠡᠭᠡᠯᠢ ᠵᠢᠵᠢᠭ ᠭᠤᠳᠤᠮᠵᠢ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠨᠡᠶᠢᠳᠡᠮ ᠴᠡᠪᠡᠷᠯᠡᠨ᠂ ᠪᠦᠬᠦᠯᠢ ᠡᠳᠦᠷ ᠢᠶᠠᠷ ᠠᠷᠢᠭᠤᠨ ᠴᠡᠪᠡᠷ ᠪᠠᠶᠢᠯᠭᠠᠵᠤ᠂ ᠪᠥᠬᠦ ᠶᠠᠪᠤᠴᠠ ᠪᠠᠷ | ᠬᠠᠮᠢᠶᠠᠷᠤᠨ ᠬᠠᠮᠠᠭᠠᠯᠠᠨ᠎ᠠ᠃ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠬᠤᠲᠠ ᠲᠣᠭᠤᠷᠢᠭ ᠲᠤ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠢᠴᠢ ᠳᠤᠷ᠎ᠠ ᠪᠠᠷ ᠢᠶᠠᠨ ᠣᠪᠣᠭᠠᠯᠠᠬᠤ ᠵᠡᠷᠭᠡ ᠡᠷᠦᠶ ᠬᠤᠷᠤᠶ ᠥᠬᠡᠶ | ᠪᠠᠶᠢᠳᠠᠯ ᠢ ᠲᠦᠢᠯᠪᠤᠷᠢᠲᠠᠶ ᠵᠠᠰᠠᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠢᠭᠡᠲᠦᠯᠲᠡᠢ | ᠬᠠᠮᠢᠶᠠᠷᠤᠯᠲᠠ ᠪᠠ ᠰᠠᠭᠤᠭᠠᠯᠢ ᠠᠷᠠᠳ ᠤᠨ ᠪᠡᠶ᠎ᠡ ᠪᠠᠨ ᠳᠠᠭᠠᠭᠠᠭᠰᠠᠨ ᠬᠠᠮᠢᠶᠠᠷᠤᠯᠲᠠ ᠶᠢᠨ ᠵᠠᠭᠪᠤᠷ ᠢ ᠠᠪᠴᠤ᠂ | ᠬᠠᠮᠢᠶᠠᠷᠤᠭᠴᠢ ᠦᠭᠡᠢ ᠠᠰᠠᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢ ᠤᠯᠠᠮ | ᠳᠤᠯᠠᠭᠠᠬᠠᠨ ᠪᠣᠯᠭᠠᠵᠤ᠂ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠥᠲᠥᠭᠡᠨ ᠪᠠᠶᠢᠭᠤᠯᠤᠯᠲᠠ ᠶᠢ ᠪᠠᠷᠢᠮᠲᠠᠯᠠᠨ᠂ ᠰᠢᠯᠢᠳᠡᠭ ᠤᠯᠠᠮᠵᠢᠯᠠᠯᠲᠤ ᠰᠣᠶᠣᠯ᠂ ᠬᠢᠳᠠᠨ ᠯᠢᠶᠣᠤ ᠶᠢᠨ ᠰᠣᠶᠣᠯ | ᠵᠢᠴᠢ ᠬᠤᠪᠢᠰᠬᠠᠯ ᠤᠨ ᠵᠣᠷᠢᠭ ᠰᠠᠨᠠᠭ᠎ᠠ ᠵᠡᠷᠭᠡ ᠶᠢ ᠬᠤᠲᠠ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠤ | ᠣᠷᠣᠭᠤᠯᠣᠨ᠎ᠠ᠃ ᠬᠥᠮᠦᠨ ᠪᠠ ᠮᠡᠷᠭᠡᠵᠢᠯ ᠢ ᠤᠶᠠᠯᠳᠤᠭᠤᠯᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠴᠡᠭᠴᠡᠯᠡᠨ ᠵᠠᠰᠠᠵᠤ᠂ ︽ᠶᠠᠪᠠᠭᠠᠨ ᠬᠦᠮᠦᠨ ᠳᠤ ᠤᠷᠢᠳᠠᠪᠠᠷ ᠵᠠᠮ ᠲᠠᠯᠪᠢᠬᠤ︾ ᠶᠢ ᠪᠥᠬᠦ ᠲᠠᠯ᠎ᠠ ᠪᠠᠷ | ᠰᠠᠨᠠᠭᠠᠴᠢᠯᠠᠨ᠎ᠠ᠃ ᠠᠷᠢᠭᠤᠨ ᠴᠡᠪᠡᠷ ᠤᠨ ᠥᠷᠲᠡᠭᠡ᠂ ᠨᠣᠭᠤᠭᠠᠨ ᠡᠨᠧᠷᠬᠢ ᠶᠢᠨ ᠥᠷᠲᠡᠭᠡ ᠵᠢᠴᠢ ᠬᠠᠶᠢᠷ᠎ᠠ | ᠬᠠᠯᠠᠮᠵᠢ ᠶᠢᠨ ᠥᠷᠲᠡᠭᠡ㉛ ᠶᠢ 30 ᠠᠴᠠ ᠳᠡᠭᠡᠭᠰᠢ ᠪᠠᠶᠢᠭᠤᠯᠵᠤ᠂ ᠥᠷᠭᠡᠨ ᠣᠯᠠᠨ ᠲᠦᠮᠡᠨ ᠪᠠ ᠣᠨᠴᠠᠭᠠᠢ | ᠬᠠᠷᠠᠭᠠᠯᠵᠠᠯᠠᠯᠲᠤ ᠬᠦᠮᠦᠰ ᠲᠤ ᠳᠦᠭᠦᠮ ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠪᠠᠶᠠᠨ | ᠴᠢᠨᠡᠭᠡᠯᠢᠭ ᠵᠣᠯ ᠵᠢᠷᠭᠠᠯᠲᠤ ᠪᠠᠭᠠᠷᠢᠨ ᠵᠡᠭᠦᠨ ᠬᠤᠰᠢᠭᠤ ᠶᠢ ᠪᠠᠶᠢᠭᠤᠯᠤᠨ᠎ᠠ᠃ ᠠᠷᠠᠳ ᠤᠨ ᠠᠮᠢᠳᠤᠷᠠᠯ ᠳᠠᠬᠢ ᠪᠡᠯᠡ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ︽ᠵᠠᠩᠭᠢᠯᠠᠭ᠎ᠠ ᠶᠢᠨ ᠴᠢᠨᠠᠷᠲᠠᠢ | ᠪᠠᠭ᠎ᠠ ᠶᠠᠪᠤᠳᠠᠯ︾ ᠢ ᠪᠥᠬᠦ ᠰᠡᠳᠬᠢᠯ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ | ᠂ ᠵᠤᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠶᠢ ᠰᠠᠶᠢᠲᠤᠷ ᠠᠳᠬᠤᠵᠤ᠂ ᠵᠢᠯ ᠳᠤᠮᠳᠠᠴᠢ ᠪᠠᠷ ᠬᠤᠲᠠ ᠪᠠᠯᠭᠠᠰᠤ ᠳᠤ 1000 ᠢᠯᠡᠭᠦᠦ ᠬᠥᠮᠦᠨ ᠳᠤ | ᠰᠢᠨ᠎ᠡ ᠪᠠᠷ ᠠᠵᠢᠯ ᠣᠯᠭᠤᠨ᠂ 5 ᠲᠦᠮᠡᠨ ᠬᠦᠮᠦᠨ ᠤᠳᠠᠭ᠎ᠠ ᠠᠴᠠ ᠳᠡᠭᠡᠭᠰᠢᠬᠢ ᠮᠠᠯᠴᠢᠨ ᠲᠠᠷᠢᠶᠠᠴᠢᠳ ᠢ | ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠳᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ | ᠢᠮᠠᠭᠲᠠ 4.5 % ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠠᠪᠤᠷᠠᠨ | ᠲᠤᠰᠠᠯᠠᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠡᠷ ᠣᠷᠤᠨ᠂ ᠨᠡᠶᠢᠭᠡᠮ ᠲᠣᠭᠤᠷᠢᠭ ᠬᠠᠷᠢᠯᠴᠠᠨ | ᠵᠣᠬᠢᠴᠠᠯᠳᠤᠭᠰᠠᠨ ᠪᠠ ᠡᠮᠴᠢᠯᠡᠭᠡ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠦᠳᠡᠯᠬᠦ ᠳᠤ ᠠᠰᠠᠷᠠᠮᠵᠢ ᠲᠠᠢ ᠪᠣᠯᠭᠠᠨ᠎ᠠ᠃ ᠵᠠᠰᠠᠭ | ᠨᠡᠶᠢᠭᠡᠮ ᠬᠡᠷ ᠪᠦᠯᠢ ᠰᠤᠷᠭᠠᠭᠤᠯᠢ ︽ᠳᠥᠷᠪᠡ ᠶᠢ ᠨᠢᠭᠡ ᠴᠤᠭᠴᠠᠵᠢᠭᠤᠯᠬᠤ︾ ᠨᠠᠰᠤᠨ ᠳᠤ ᠥᠯᠥ ᠭᠦᠷᠦᠭᠰᠡᠳ ᠤᠨ | ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠪᠥᠬᠦ ᠨᠡᠶᠢᠭᠡᠮ ᠢ ᠳᠠᠶᠢᠴᠢᠯᠠᠨ ᠨᠠᠰᠤᠨ ᠳᠤ | ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠬᠠᠮᠲᠤ ᠶᠢᠨ ᠬᠦᠴᠦᠨ ᠢ ᠪᠦᠷᠢᠯᠳᠦᠭᠦᠯᠦᠨ᠂ ᠬᠦᠴᠢᠷᠲᠡᠢ | ᠰᠤᠷᠤᠭᠴᠢᠳ ᠢ ᠠᠪᠤᠷᠠᠨ ᠲᠤᠰᠠᠯᠠᠬᠤ ᠪᠠ ᠰᠡᠳᠬᠢᠴᠡ ᠶᠢᠨ ᠵᠢᠯᠣᠭᠤᠳᠣᠯᠭ᠎ᠠ ᠬᠢᠵᠦ᠂ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠤᠨ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠠᠰᠠᠭᠤᠳᠠᠯ ᠲᠠᠢ ᠭᠡᠷ ᠪᠦᠯᠢ ᠶᠢ ᠪᠠᠶᠢᠴᠠᠭᠠᠵᠤ᠂ | ᠭᠡᠷ ᠤᠨ ᠠᠬᠠᠮᠠᠳ ᠢ ᠬᠢᠨᠠᠨ ᠵᠢᠯᠣᠭᠤᠳᠴᠤ ᠪᠠᠶᠢᠭᠠᠳ ᠬᠠᠷᠠᠭᠠᠯᠵᠠᠨ ᠬᠠᠮᠠᠭᠠᠯᠠᠬᠤ ᠡᠭᠦᠷᠭᠡ ᠶᠢ ᠨᠢ ᠰᠠᠶᠢᠲᠤᠷ | ᠭᠦᠢᠴᠡᠳᠬᠡᠯᠭᠡᠨ᠎ᠡ᠃ ᠵᠤᠭ᠎ᠠ ᠴᠡᠩᠭᠡᠯ ᠤᠨ ᠲᠠᠯᠠᠪᠤᠷ ᠲᠤ ᠬᠠᠤᠯᠢ ᠶᠢ ᠵᠥᠷᠢᠴᠡᠨ ᠨᠠᠰᠤᠨ ᠳᠤ ᠥᠯᠥ ᠭᠦᠷᠦᠭᠰᠡᠳ ᠢ | ᠣᠷᠣᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠳᠡᠭᠡᠷᠡᠬᠢ ᠨᠠᠰᠤᠨ ᠳᠤ ᠥᠯᠥ ᠭᠦᠷᠦᠭᠰᠡᠳ ᠢ | ᠣᠷᠳᠣ ᠬᠤᠭᠤᠴᠠᠭ᠎ᠠ ᠪᠠᠷ ᠮᠥᠷᠳᠡᠨ ᠠᠩᠬᠠᠷᠴᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠷ ᠨᠠᠷᠢᠨ | ᠲᠠᠩᠰᠠ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠠᠵᠢᠯ ᠤᠨ ᠲᠣᠭᠲᠠᠯᠴᠠᠭ᠎ᠠ ᠪᠠ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠥᠪᠡᠷᠲᠡᠭᠡᠨ | ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠲᠠᠪᠤᠨ ᠵᠢᠯ ᠳᠠᠷᠠᠭᠠᠯᠠᠨ ᠮᠠᠩᠯᠠᠶᠢᠯᠠᠬᠤ︾ | ᠶᠢ ᠪᠦᠬᠦ ᠬᠦᠴᠦᠨ ᠢᠶᠠᠷ ᠪᠡᠶᠡᠯᠡᠭᠦᠯᠦᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠡᠯ᠎ᠡ ᠠᠵᠢᠯ | ᠦᠢᠯᠡᠰ ᠤᠨ ᠲᠦᠭᠡᠮᠡᠯ ᠬᠠᠷᠠᠭᠠᠯᠵᠠᠯ ᠲᠠᠢ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠰᠤᠷᠭᠠᠨ ᠬᠥᠮᠦᠵᠢᠯ ᠢ | ᠤᠷᠢᠳ ᠢᠶᠠᠷ ᠬᠥᠭᠵᠢᠭᠦᠯᠵᠦ᠂ ᠰᠤᠷᠭᠠᠨ ᠬᠥᠮᠦᠵᠢᠯ ᠤᠨ ︽1551︾ ᠬᠥᠭᠵᠢᠯᠲᠡ ᠶᠢ ᠠᠬᠢᠭᠤᠯᠬᠤ ᠪᠠᠶᠢᠯᠳᠤᠬᠤ | ᠪᠣᠳᠣᠯᠭ᠎ᠠ㉜ ᠶᠢ ᠬᠡᠷᠡᠭᠵᠢᠭᠦᠯᠵᠦ᠂ ᠨᠠᠷᠠᠲᠤ ᠰᠢᠯᠢᠳᠡᠭ ᠰᠤᠷᠭᠠᠭᠤᠯᠢ ᠶᠢᠨ ᠵᠠᠬᠢᠷᠤᠯ᠂ ᠠᠩᠭᠢ ᠶᠢᠨ ᠡᠷᠬᠢᠯᠡᠭᠴᠢ ᠵᠢᠴᠢ | ᠪᠠᠭᠰᠢ ᠶᠢ ᠱᠠᠲᠤ ᠬᠤᠪᠢᠶᠠᠨ ᠦᠨᠡᠯᠡᠨ ᠲᠣᠭᠲᠠᠭᠠᠵᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠰᠤᠷᠭᠠᠨ | ᠬᠥᠮᠦᠵᠢᠯ ᠤᠨ ᠠᠮᠢ ᠠᠬᠤᠶ ᠶᠢ ᠪᠠᠶᠢᠭᠤᠯᠤᠨ᠂ ᠯᠢᠨᠳᠦ᠋ᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠪᠠ ᠭᠤᠷᠪᠠᠨ | ᠬᠠᠪᠴᠢᠯ ᠳᠤᠮᠳᠠᠳᠤ ᠰᠤᠷᠭᠠᠭᠤᠯᠢ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ︽ᠬᠤᠤᠰ ᠣᠳᠣᠨ︾ ᠢ ᠪᠣᠶ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠦᠷᠭᠡᠳᠬᠡᠵᠦ᠂ ᠪᠥᠬᠦ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠰᠡᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢ ᠪᠠᠶᠢᠭᠤᠯᠤᠨ᠂ ᠬᠤᠰᠢᠭᠤ ᠡᠮᠨᠡᠯᠭᠡ ᠶᠢᠨ ᠬᠤᠷᠢᠶᠠᠨ ᠤ ᠠᠷᠬᠠᠭ ᠡᠪᠡᠳᠴᠢᠨ ᠢ | ᠶᠡᠷᠦᠩᠬᠡᠶᠢᠯᠡᠨ ᠵᠠᠰᠠᠬᠤ ᠠᠰᠠᠷ᠂ ᠣᠷᠣᠨ ᠪᠦᠰᠡ ᠶᠢᠨ ᠴᠢᠨᠠᠷᠲᠠᠶ ᠬᠢᠲᠠᠳ ᠮᠣᠩᠭᠤᠯ ᠡᠮᠨᠡᠯᠭᠡ ᠶᠢᠨ ᠡᠷᠡᠭᠦᠯᠵᠢᠯ ᠤᠨ | ᠲᠥᠪ ᠵᠡᠷᠭᠡ ᠲᠥᠷᠥᠯ ᠵᠦᠢᠯ ᠢ ᠠᠬᠢᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠢ ᠶᠡᠬᠡᠪᠡᠷ | ᠬᠦᠭᠵᠢᠭᠦᠯᠦᠨ᠂ ᠤᠨᠴᠠᠯᠢᠭᠳᠤ ᠭᠤᠤᠯᠳᠠᠯᠭ᠎ᠠ ᠲᠠᠢ ᠰᠠᠯᠠᠭ᠎ᠠ ᠲᠠᠰᠤᠭ ᠢ ᠪᠠᠶᠢᠭᠤᠯᠵᠤ᠂ ᠬᠤᠰᠢᠭᠤ ᠡᠮᠨᠡᠯᠭᠡ ᠶᠢᠨ | ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠩᠨᠡᠭᠡᠨ ᠳᠤ ᠣᠷᠤᠭᠤᠯᠬᠤ ᠪᠠᠷ | ᠴᠢᠷᠮᠠᠶᠢᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠤᠯᠤᠰ ᠤᠨ | ᠲᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠠᠶᠢᠭᠤᠯᠤᠨ᠎ᠠ᠃ ᠰᠣᠶᠣᠯ ᠲᠠᠮᠢᠷ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠴᠢᠩᠭᠠᠳᠬᠠᠵᠤ᠂ ᠨᠣᠮ ᠤᠨ ᠰᠠᠩ ᠪᠠ ᠰᠣᠶᠣᠯ ᠤᠨ ᠣᠷᠳᠣᠨ ᠤ ᠤᠯᠤᠰ ᠤᠨ ᠨᠢᠭᠡᠳᠦᠭᠡᠷ | ᠳᠡᠰ ᠤᠨ ᠣᠷᠳᠣᠨ ᠤ ᠪᠠᠷᠢᠮᠵᠢᠶ᠎ᠠ ᠳᠤ ᠬᠦᠷᠬᠦ ᠶᠢ ᠠᠬᠢᠭᠤᠯᠤᠨ᠂ ᠮᠦᠩᠭᠦᠨ ᠡᠪᠦᠯ ᠤᠨ ᠰᠣᠶᠣᠯ ᠤᠨ ᠨᠠᠶᠢᠷ ᠪᠠ | ᠵᠢᠭᠤᠯᠴᠢᠯᠠᠯ ᠤᠨ ᠱᠤᠭᠤᠮ ᠢ ᠲᠣᠭᠤᠷᠢᠭᠰᠠᠨ ᠮᠠᠷᠠᠽᠣᠨ ᠤ ᠤᠷᠤᠯᠳᠤᠭᠠᠨ ᠵᠡᠷᠭᠡ ᠰᠣᠶᠣᠯ ᠲᠠᠮᠢᠷ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠠᠬᠢᠭᠤᠯᠵᠤ᠂ ᠬᠤᠰᠢᠭᠤᠨ ᠤ ᠲᠡᠰ ᠤᠨ ᠰᠢᠨᠵᠢᠯᠡᠭᠡ ᠮᠡᠷᠭᠡᠵᠢᠯ ᠤᠨ ᠣᠷᠳᠣᠨ ᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ᠲᠡᠰ ᠪᠠ ᠤᠯᠤᠰ ᠤᠨ ᠳᠡᠰ ᠤᠨ ᠰᠢᠨ᠎ᠡ ᠶᠢ ᠡᠭᠦᠳᠬᠦ ᠲᠠᠪᠴᠠᠩ ᠲᠤᠰ ᠲᠤᠰ 3 | ᠪᠠ 13 ᠶᠢ ᠪᠠᠶᠢᠭᠤᠯᠤᠨ᠎ᠠ᠃ ᠵᠠᠮ ᠬᠠᠷᠢᠯᠴᠠᠭᠠᠨ ᠤ ᠲᠤᠤᠷ ᠢ ᠰᠢᠯᠢᠳᠡᠭᠵᠢᠭᠦᠯᠵᠦ᠂ ᠬᠤᠸᠠᠵᠢᠯᠠᠭ᠎ᠠ ᠰᠢᠶᠠᠩ — | ᠪᠢᠯᠡᠭᠦᠲᠡᠢ ᠪᠠᠯᠭᠠᠰᠤ — ᠪᠠᠶᠠᠨ᠋ᠠ᠋ᠭᠤᠯᠠ ᠪᠠᠯᠭᠠᠰᠤ ᠶᠢ ᠬᠤᠯᠪᠤᠭᠰᠠᠨ ᠵᠠᠮ ᠱᠤᠭᠤᠮ ᠢ ᠪᠠᠶᠢᠭᠤᠯᠤᠨ᠂ ︽ᠳᠥᠷᠪᠡᠨ | ᠬᠥᠨᠳᠡᠯᠡᠨ ᠭᠤᠷᠪᠠᠨ ᠭᠤᠯᠳᠤ︾ ᠵᠠᠮ ᠤᠨ ᠲᠣᠣᠷ ᠤᠨ ᠬᠠᠮᠤᠭ ᠰᠡᠭᠦᠯ ᠤᠨ ᠬᠡᠰᠡᠭ ᠢ ᠨᠡᠪᠲᠡᠷᠡᠭᠦᠯᠦᠨ᠎ᠡ︔ 305 | ᠤᠯᠤᠰ ᠤᠨ ᠵᠠᠮ ᠤᠨ ᠯᠢᠨᠳᠦ᠋ᠩ ᠠᠴᠠ ᠪᠣᠷᠣᠠᠦᠰᠤ ᠬᠦᠷᠬᠦ ᠨᠢᠭᠡᠳᠦᠭᠡᠷ ᠳᠡᠰ ᠤᠨ ᠵᠠᠮ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ︔ ᠨᠡᠶᠢᠲᠡ ᠪᠠᠷ ᠬᠡᠷᠡᠭᠯᠡᠬᠦ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ | ᠬᠤᠲᠠᠳ ᠤᠨ ᠠᠶᠠᠯᠠᠯ ᠤᠨ ᠱᠤᠭᠤᠮ ᠢ ᠨᠡᠪᠲᠡᠷᠡᠭᠦᠯᠦᠨ᠎ᠡ︔ ᠯᠢᠨ ᠪᠠᠢ ᠲᠡᠮᠦᠷ ᠵᠠᠮ ᠤᠨ ᠵᠡᠭᠦᠨ ᠬᠤᠰᠢᠭᠤᠨ ᠤ | ᠬᠡᠰᠡᠭ ᠤᠨ 106 ᠺᠢᠯᠤᠮᠧᠲᠷ ᠢ ᠪᠦᠲᠦᠭᠡᠨ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠬᠡᠰᠡᠭ ᠤᠨ | ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠤᠨ᠂ ᠣᠳᠣ ᠦᠶ᠎ᠡ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠣᠷ ᠢ ᠪᠠᠶᠢᠭᠤᠯᠤᠨ᠎ᠠ᠃ | ᠠᠮᠤᠷ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠲᠣᠭᠲᠠᠭᠤᠨ ᠳᠤ | ᠬᠤᠯᠪᠣᠭᠳᠠᠬᠤ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠦᠷᠨᠢᠭᠦᠯᠦᠨ᠂ ᠪᠣᠰᠤᠭ᠎ᠠ ᠴᠣᠭᠴᠠᠲᠤ᠂ ᠮᠡᠳᠡᠭᠡ ᠵᠠᠩᠬᠢᠴᠢᠯᠠᠭᠰᠠᠨ | ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠵᠤ᠂ ᠲᠠᠰ ᠳᠡᠪᠰᠢᠭᠰᠡᠨ ︽ | ᠠᠮᠤᠷ ᠠᠮᠤᠭᠤᠯᠠᠩ ᠵᠡᠭᠦᠨ ᠬᠤᠰᠢᠭᠤ︾ ᠶᠢ ᠴᠣᠭᠴᠠᠯᠠᠨ ᠪᠠᠶᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠨᠢᠭᠦᠯᠵᠦ᠂ ᠵᠦᠷᠢᠴᠡᠯ ᠮᠦᠷᠭᠦᠯᠳᠦᠭᠡᠨ ᠢ ᠣᠯᠠᠨ ᠲᠠᠯ᠎ᠠ ᠠᠴᠠ | ᠰᠡᠷᠭᠡᠶᠢᠯᠡᠵᠦ ᠡᠵᠡᠮᠳᠡᠬᠦ ᠵᠣᠬᠢᠴᠠᠮᠵᠢ ᠶᠢ ᠲᠡᠭᠦᠯᠳᠡᠷᠵᠢᠭᠦᠯᠦᠨ᠂ ᠵᠠᠬᠢᠳᠠᠯ ᠰᠣᠷᠪᠤᠯᠵᠢᠯᠠᠯ ᠤᠨ ᠬᠡᠷᠡᠭ ᠢ ᠪᠦᠲᠦᠮᠵᠢᠲᠡᠢ | ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠠᠲᠤᠯᠠᠨ᠎ᠠ᠃ ᠦᠨᠳᠦᠰᠦᠨ ᠱᠠᠲᠤᠨ ᠤ | ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ︽ᠲᠤᠤᠷᠵᠢᠭᠤᠯᠤᠯᠲᠠ + ᠮᠡᠳᠡᠭᠡ ᠵᠠᠩᠭᠢᠵᠢᠯᠲᠠ︾ ᠶᠢᠨ ᠵᠠᠭᠪᠤᠷ ᠢ | ᠢᠳᠡᠪᠬᠢᠲᠡᠶ ᠰᠦᠪᠡᠭᠴᠢᠯᠡᠨ᠂ ᠲᠤᠤᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ ᠵᠢᠴᠢ | ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠪᠡᠶᠡᠯᠡᠭᠦᠯᠦᠨ᠎ᠡ᠃ ᠦᠨᠡᠨᠴᠢ ᠢᠲᠡᠭᠡᠯ᠂ ᠶᠤᠰᠤ ᠰᠤᠷᠲᠠᠬᠤᠨ ᠵᠢᠴᠢ | ᠨᠤᠲᠤᠭ ᠤᠨ ᠰᠤᠷᠲᠠᠯ ᠪᠣᠯᠪᠠᠰᠤᠨ ᠢᠶᠠᠷ ᠭᠤᠣᠯ ᠪᠣᠯᠭᠠᠭᠰᠠᠨ ᠢᠲᠡᠭᠡᠮᠵᠢ ᠶᠢᠨ ᠶᠡᠷᠦᠩᠬᠡᠶᠢᠯᠡᠭᠰᠡᠨ ᠬᠢᠨᠠᠨ ᠦᠨᠡᠯᠡᠬᠦ | ᠲᠣᠭᠲᠠᠯᠴᠠᠭ᠎ᠠ ᠶᠢ ᠪᠠᠶᠢᠭᠤᠯᠵᠤ᠂ ᠰᠢᠯᠢᠳᠡᠭ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠎ᠠ᠃ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠤᠨ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠂ ᠲᠤᠰᠬᠠᠶ | ᠮᠡᠷᠭᠡᠵᠢᠯᠲᠡᠨ ᠤ ᠪᠦᠯᠬᠦᠮ ᠤᠨ ᠣᠷᠳᠣ ᠬᠤᠭᠤᠴᠠᠭᠠᠨ ᠤ ᠵᠢᠯᠣᠭᠤᠳᠣᠯᠭ᠎ᠠ ᠶᠢᠨ ᠲᠦᠷᠢᠮ ᠢ ᠪᠠᠶᠢᠭᠤᠯᠵᠤ᠂ ᠠᠮᠤᠷ | ᠲᠦᠪᠰᠢᠨ ᠤ ᠬᠡᠮ ᠰᠣᠭᠤᠭ ᠢ ᠪᠠᠶᠢᠴᠠᠭᠠᠵᠤ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠤ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠵᠦ᠂ ᠡᠩ ᠤᠨ ᠪᠠ ᠪᠠᠴᠢᠮ ᠪᠠᠶᠢᠳᠠᠯ ᠢ ᠨᠢᠭᠡ | ᠴᠤᠬᠴᠠᠵᠢᠭᠤᠯᠤᠨ ᠵᠢᠯᠣᠭᠤᠳᠬᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠦᠷᠢᠨᠰᠢᠬᠦᠯᠦᠨ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ | ᠴᠣᠭᠴᠠᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ︽ | ᠢᠨ᠋ᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠭᠡᠷ︾ ᠤᠨ ᠨᠡᠶᠢᠭᠡᠮ ᠤᠨ ᠬᠠᠮᠲᠤᠪᠠᠷ ᠵᠠᠰᠠᠬᠤ ᠲᠠᠪᠴᠠᠩ ᠢ | ᠲᠦᠭᠡᠮᠡᠯᠵᠢᠭᠦᠯᠦᠨ᠂ ᠢᠳᠡᠭᠡᠨ ᠤᠮᠳᠠᠭᠠᠨ ᠡᠵᠡᠩᠨᠡᠭᠴᠢ ᠶᠢᠨ 90% ᠠᠴᠠ ᠳᠡᠭᠡᠭᠰᠢᠬᠢ ᠶᠢ ᠬᠢᠨᠠᠨ ᠡᠵᠡᠮᠳᠡᠬᠦ | ᠰᠦᠯᠵᠢᠶ᠎ᠡ ᠳᠤ ᠣᠷᠤᠭᠤᠯᠤᠨ᠎ᠠ᠃ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠨ᠂ ᠶᠠᠪᠤᠴᠠ ᠶᠢ ᠨᠢ ᠴᠢᠩᠭ᠎ᠠ | ᠬᠠᠮᠢᠶᠠᠷᠴᠤ᠂ ᠣᠯᠠᠨ ᠲᠦᠮᠡᠨ ᠳᠤ ᠲᠠᠭᠠᠰᠢᠶᠠᠭᠳᠠᠭᠰᠠᠨ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠢ | ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ | ᠭᠤᠣᠯ ᠰᠢᠵᠢᠮ ᠢ ᠪᠠᠲᠤ ᠡᠵᠡᠮᠳᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ | ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠬᠤ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ | ᠴᠣᠬᠢᠯᠲᠠ ᠥᠭᠴᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠴᠠᠭ ᠤᠨ | ᠳᠠᠷᠠᠭᠠᠯᠠᠯ ᠢᠶᠠᠷ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ | ᠮᠥᠩᠭᠦᠨ ᠭᠦᠢᠯᠭᠡᠭᠡᠨ ᠢᠶᠠᠷ ᠠᠵᠤ ᠠᠬᠤᠢ ᠶᠢᠨ ᠪᠣᠳᠠᠲᠤ ᠴᠣᠭᠴᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢ | ᠵᠣᠷᠢᠭᠵᠢᠭᠤᠯᠵᠤ᠂ ᠠᠷᠠᠳ ᠲᠤ ᠠᠰᠢᠭ ᠬᠦᠷᠲᠡᠭᠡᠬᠦ ᠵᠢᠭᠡᠯᠡᠯᠭᠡ ᠪᠠ ᠮᠥᠩᠭᠦᠨ ᠭᠦᠢᠯᠭᠡᠭᠡᠨ ᠤ ᠪᠦᠲᠦᠭᠡᠭᠳᠡᠬᠦᠨ | ᠭᠠᠷᠭᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠨ᠎ᠠ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ | ᠵᠡᠮᠳᠡᠭᠴᠦᠳ ᠤᠨ ᠬᠤᠯᠪᠤᠭᠠᠲᠤ ᠬᠤᠷᠠᠯ ᠵᠢᠴᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ | ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠠᠩ ᠰᠠᠶᠢᠨ ᠪᠠᠳᠠᠷᠠᠭᠤᠯᠬᠤ ᠶᠢ ᠦᠷᠭᠦᠯᠵᠢᠯᠡᠨ | ᠳᠡᠮᠵᠢᠵᠦ᠂ ᠡᠷᠦᠬᠡ ᠶᠢᠨ ᠴᠡᠷᠢᠭ ᠤᠨ ᠪᠠᠶᠢᠭᠤᠯᠤᠯᠲᠠ᠂ ᠭᠠᠳᠠᠭᠠᠳᠤ ᠶᠠᠪᠤᠳᠠᠯ ᠲᠤᠭ᠎ᠠ ᠪᠦᠷᠢᠳᠬᠡᠯ᠂ ᠠᠮᠤ | ᠪᠤᠳᠠᠭᠠᠨ ᠤ ᠠᠮᠤᠷ ᠲᠦᠪᠰᠢᠨ ᠵᠢᠴᠢ ᠲᠡᠦᠬᠡ ᠣᠶᠢᠯᠠᠯᠭ᠎ᠠ ᠲᠠᠩᠰᠠ ᠡᠪᠬᠡᠮᠡᠯ ᠵᠡᠷᠭᠡ ᠠᠵᠢᠯ ᠢ ᠲᠠᠰᠤᠷᠠᠯᠲᠠ ᠥᠬᠡᠶ | ᠴᠢᠩᠭᠠᠳᠬᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ |