2022 ᠣᠨ ᠤ ᠠᠵᠢᠯ ᠤᠨ ᠭᠤᠣᠯᠳᠠᠯᠭ᠎ᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠬᠢᠯᠡᠯᠲᠡ ᠶᠢᠨ | ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠤᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠤᠱᠯᠠᠭᠤᠯᠤᠨ᠂ ᠲᠣᠭᠲᠠᠭᠤᠨ ᠤ ᠳᠤᠮᠳᠠ ᠠᠬᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠲᠣᠭᠲᠠᠭᠤᠨ ᠢ ᠲᠡᠷᠢᠭᠦᠨ ᠪᠠᠶᠢᠷᠢᠨ ᠳᠤ ᠲᠠᠯᠪᠢᠨ᠂ ᠡᠨᠡ ᠵᠢᠯ ᠤᠨ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 6.5 % ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 9.2% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % | ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ | 6.5 % ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠬᠤᠪᠢᠶᠠᠷᠢᠯᠠᠵᠤ ᠪᠣᠯᠬᠤ ᠣᠷᠣᠯᠭ᠎ᠠ ᠶᠢ ᠲᠣᠰ ᠲᠣᠰ 6.5 % ᠪᠠ 10% ᠣᠷᠴᠢᠮ | ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠶᠢᠰᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠮᠢ ᠠᠬᠤᠶ ᠶᠢ ᠵᠠᠰᠠᠬᠤ ᠡᠷᠴᠢᠮ ᠢᠶᠠᠨ ᠴᠢᠩᠭᠠᠳᠬᠠᠨ᠎ᠠ᠃ ᠨᠡᠭᠦᠷᠡᠰᠦ ᠰᠢᠲᠠᠭᠠᠬᠤ ᠵᠢᠵᠢᠭ ᠵᠤᠤᠬ᠎ᠠ ᠨᠤᠭᠤᠳ ᠢ | ᠦᠭᠡᠶᠢᠰᠬᠡᠬᠦ ᠪᠠ ᠣᠷᠣᠯᠠᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠲᠥᠪᠯᠡᠷᠡᠭᠦᠯᠦᠨ ᠢᠯᠴᠢ ᠬᠠᠩᠭᠠᠬᠤ ᠪᠠ | ᠠᠷᠢᠭᠤᠨ ᠴᠡᠪᠡᠷ ᠳᠤᠯᠠᠭᠠᠯᠠᠭ᠎ᠠ ᠶᠢ ᠠᠬᠢᠭᠤᠯᠤᠨ᠎ᠠ᠃ ᠠᠷᠪᠠᠨ ᠭᠤᠷᠪᠠᠨ ᠣᠪᠣᠭ᠎ᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠭᠠᠵᠠᠷ ᠢ ᠠᠰᠢᠭᠯᠠᠯᠲᠠ ᠳᠤ ᠣᠷᠣᠭᠤᠯᠵᠤ᠂ ᠯᠦᠩᠴᠠᠩ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ | ᠭᠠᠵᠠᠷ ᠢ ᠡᠬᠢᠯᠡᠨ ᠪᠠᠶᠢᠭᠤᠯᠵᠤ᠂ ᠰᠢᠨ᠎ᠠ ᠤᠰᠤᠨ ᠴᠥᠭᠦᠷᠥᠮ ᠤᠨ ᠲᠣᠭᠤᠷᠢᠭ ᠤᠨ ᠤᠰᠤ ᠬᠠᠩᠭᠠᠬᠤ | ᠢᠨᠵᠧᠨᠧᠷᠢᠩ ᠢ ᠠᠰᠢᠭᠯᠠᠯᠲᠠ ᠳᠤ ᠣᠷᠣᠭᠤᠯᠤᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠯᠡᠬᠦ ᠭᠠᠵᠠᠷ | ᠪᠠ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠨᠡᠷᠡᠰ ᠲᠤ | ᠲᠣᠬᠢᠷᠠᠭᠤᠯᠤᠯᠲᠠ ᠬᠢᠵᠦ᠂ 2 ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ 6 ᠦᠯᠡᠳᠡᠭᠳᠡᠯ ᠬᠦᠳᠡᠷ ᠤᠨ | ᠬᠥᠮᠥᠷᠭᠡ ᠶᠢ ᠵᠠᠰᠠᠬᠤ ᠢᠨᠵᠧᠨᠧᠷᠢᠩ ᠢ ᠡᠬᠢᠯᠡᠭᠦᠯᠦᠨ᠂ ᠠᠵᠤ ᠦᠢᠯᠡᠳᠪᠦᠷᠢ ᠶᠢᠨ ᠲᠣᠭᠤᠷᠢᠭ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠲᠠᠯᠠᠪᠠᠢ ᠪᠠ ᠠᠮᠢᠳᠤᠷᠠᠯ ᠤᠨ ᠬᠤᠭ ᠨᠣᠪᠰᠢ ᠶᠢᠨ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠤᠭᠤᠯᠤᠨ᠎ᠠ᠃ ᠠᠮᠢ ᠠᠬᠤᠢ ᠶᠢᠨ ᠰᠢᠰᠲ᠋ᠧᠮ ᠢ | ᠵᠠᠰᠠᠨ ᠰᠡᠷᠭᠦᠭᠡᠬᠦ ᠶᠢ ᠴᠢᠩᠭᠠᠳᠬᠠᠨ᠎ᠠ᠃ ᠦᠯᠵᠡᠶᠢᠮᠦ᠋ᠷᠡᠨ ᠭᠤᠤᠯ ᠤᠨ ᠤᠯᠤᠰ ᠤᠨ ᠨᠠᠮᠤᠭᠲᠤ ᠴᠡᠴᠡᠷᠯᠢᠭ ᠢ | ᠪᠥᠲᠥᠭᠡᠨ ᠪᠠᠶᠢᠭᠤᠯᠵᠤ᠂ 11 ᠵᠢᠵᠢᠭ ᠤᠷᠤᠰᠬᠠᠯ ᠪᠠ ᠢᠳᠡᠭᠳᠡᠮᠡᠯ ᠭᠤᠤ ᠶᠢ ᠵᠠᠰᠠᠨ᠂ ᠲᠣᠣᠷᠵᠢᠯ ᠤᠨ | ᠬᠤᠪᠢᠶᠠᠷᠢᠯᠠᠯᠲᠠ ᠪᠠ ᠬᠠᠮᠢᠶᠠᠷᠴᠤ ᠬᠠᠮᠠᠭᠠᠯᠠᠬᠤ ᠵᠥᠪᠳᠡᠯᠴᠡᠬᠡᠷ ᠲᠣᠭᠲᠠᠵᠤ᠂ ᠤᠶᠤᠨᠲᠤ ᠭᠤᠤᠯ ᠤᠨ ᠳᠠᠷᠤᠭ᠎ᠠ ᠶᠢᠨ | ᠲᠠᠪᠴᠠᠩ ᠠᠴᠠ ᠨᠡᠶᠢᠳᠡᠮ ᠬᠢᠨᠠᠨ ᠡᠵᠡᠮᠳᠡᠨ᠎ᠡ᠃ 5 ᠲᠦᠮᠡᠨ ᠮᠦ ᠲᠠᠴᠢᠷᠳᠠᠭᠰᠠᠨ ᠣᠢ ᠰᠢᠭᠤᠢ ᠶᠢ ᠰᠡᠷᠭᠦᠭᠡᠵᠦ᠂ 2. | 5 ᠲᠦᠮᠡᠨ ᠮᠦ ᠣᠢ ᠰᠢᠭᠤᠢ ᠶᠢ ᠣᠶᠢᠵᠢᠭᠤᠯᠤᠨ᠂ ᠵᠠᠭᠤᠨ ᠲᠦᠮᠡᠨ ᠮᠦ ᠶᠢᠨ ᠠᠮᠢ ᠠᠬᠤᠢ ᠶᠢ ᠳᠡᠭᠡᠭᠰᠢᠯᠡᠭᠦᠯᠬᠦ | ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ ᠲᠡᠥᠬᠡ ᠶᠢᠨ ᠦᠯᠡᠳᠡᠭᠳᠡᠯ ᠪᠠ ᠡᠵᠡᠭᠦᠢ ᠠᠭᠤᠷᠬᠠᠢ ᠶᠢᠨ ᠣᠷᠴᠢᠨ | ᠲᠣᠭᠤᠷᠢᠨ 79 ᠶᠢ ᠴᠡᠭᠴᠡᠯᠡᠨ᠎ᠡ᠃ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ | ᠪᠠᠶᠢᠰᠢᠩ ᠪᠠᠷᠢᠬᠤ ᠶᠢ ᠴᠡᠭᠴᠡᠯᠡᠨ ᠰᠠᠶᠢᠵᠢᠷᠠᠭᠤᠯᠵᠤ᠂ ᠥᠨᠳᠥᠷ ᠪᠠᠷᠢᠮᠵᠢᠶᠠᠲᠤ ᠵᠤᠵᠠᠭᠠᠨ ᠰᠦᠯᠢᠶᠣᠣ ᠪᠦᠷᠬᠦᠪᠴᠢ | ᠪᠠ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠬᠠᠮᠲᠤ ᠶᠢᠨ ᠲᠠᠨᠢᠯᠲᠠ ᠶᠢ | ᠪᠦᠷᠢᠯᠳᠦᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠰᠢᠯ ᠤᠨ ᠬᠢᠵᠠᠭᠠᠷᠯᠠᠯ ᠢ ᠴᠢᠩᠭᠠᠳᠬᠠᠨ᠎ᠠ᠃ | ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠳᠠᠯᠠᠵᠤ᠂ 4 ᠠᠵᠤ ᠠᠬᠤᠶᠢᠯᠠᠯ ᠤᠨ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠬᠦ ᠶᠢᠨ ᠬᠠᠮᠲᠤ ᠡᠨᠧᠷᠭᠢ ᠶᠢᠨ ᠬᠤᠷᠣᠭᠳᠠᠯ ᠢ | ᠰᠦᠯᠵᠢᠶᠡᠨ ᠳᠡᠭᠡᠷ᠎ᠡ ᠬᠢᠨᠠᠨ ᠬᠡᠮᠵᠢᠨ᠎ᠡ᠃ ᠲᠣᠮᠣ ᠰᠠᠭᠤᠷᠢᠨ ᠭᠠᠵᠠᠷ᠂ ᠲᠥᠪᠯᠡᠷᠡᠩᠭᠦᠶ ᠮᠠᠶ᠋ᠢᠭ ᠤᠨ᠂ ᠲᠠᠷᠠᠬᠠᠶ | ᠮᠠᠶ᠋ᠢᠭ ᠤᠨ ᠵᠢᠴᠢ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠣᠷᠤᠭᠤᠯᠵᠤ᠂ ᠳᠤᠮᠳᠠ ᠵᠢᠵᠢᠭ | ᠠᠵᠤ ᠠᠬᠤᠶᠢᠯᠠᠯ ᠤᠨ ᠲᠣᠭᠤᠷᠢᠭ ᠤᠨ ᠳᠡᠭᠡᠪᠦᠷ ᠤᠨ 3 ᠰᠠᠶ᠎ᠠ ᠸᠠᠲ ᠤᠨ ᠲᠠᠷᠬᠠᠮᠠᠯ ᠮᠠᠶ᠋ᠢᠭ ᠤᠨ ᠬᠡᠷᠡᠯ ᠤᠨ ᠡᠨᠧᠷᠭᠢ | ᠪᠠ ᠡᠤ ᠰᠢᠶᠠᠩ ᠶᠢᠩᠽᠢ ᠶᠢᠨ 1.5 ᠰᠠᠶ᠎ᠠ ᠸᠠᠲ ᠤᠨ ᠳᠠᠷᠬᠠᠶ ᠮᠠᠶ᠋ᠢᠭ ᠤᠨ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠲᠥᠷᠥᠯ ᠵᠦᠢᠯ ᠢ ᠨᠠᠶᠢᠳᠠᠪᠦᠷᠢᠵᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ | ᠥᠬᠡᠶ ᠨᠡᠶᠢᠭᠡᠮ ᠲᠣᠭᠤᠷᠢᠭ ᠪᠠ ᠬᠡᠷ ᠪᠦᠯᠢ ᠶᠢ ᠲᠣᠰ ᠲᠣᠰ 10 ᠰᠢᠯᠭᠠᠷᠠᠭᠤᠯᠤᠨ᠎ᠠ᠃ | ︵ᠬᠤᠶᠠᠷ︶ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠭᠲᠠᠯᠴᠠᠭ᠎ᠠ ᠶᠢ ᠦᠷᠭᠦᠯᠵᠢᠯᠡᠨ | ᠪᠠᠶᠢᠭᠤᠯᠤᠨ᠎ᠠ᠃ ᠱᠦᠭᠦᠷ ᠡᠪᠡᠰᠦᠨ ᠤ ᠠᠵᠤ ᠦᠢᠯᠡᠰ ᠤᠨ ︽ᠨᠢᠭᠡ ᠪᠦᠰᠡ ᠭᠤᠷᠪᠠᠨ ᠲᠣᠭᠤᠷᠢᠭ︾ ᠤᠨ | ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠷᠢᠮᠲᠠᠯᠠᠨ᠂ ᠱᠦᠭᠦᠷ ᠡᠪᠡᠰᠦᠨ ᠤ ᠪᠦᠬᠦ ᠠᠵᠤ ᠦᠢᠯᠡᠰ ᠤᠨ | ᠬᠡᠯᠬᠢᠶᠡᠵᠢᠯ ᠤᠨ ᠡᠬᠢ ᠪᠠᠶᠠᠯᠢᠭ ᠢ ᠨᠢᠭᠡᠳᠬᠡᠨ᠂ ᠭᠢᠳᠠᠨ ᠰᠢᠮᠡᠲᠦ ᠪᠦᠲᠦᠭᠡᠭᠳᠡᠬᠦᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠵᠤ᠂ ᠮᠠᠨ ᠤ ᠬᠤᠰᠢᠭᠤᠨ ᠤ | ᠱᠦᠭᠦᠷ ᠤᠨ ᠨᠡᠷᠡᠲᠦ ᠲᠡᠮᠳᠡᠭ ᠤᠨ ᠠᠯᠳᠠᠷᠰᠢᠯ ᠢ ᠤᠯᠠᠮ ᠳᠡᠭᠡᠭᠰᠢᠯᠡᠭᠦᠯᠦᠨ᠎ᠡ᠃ ᠠᠯᠠᠰᠢᠨ ᠦᠬᠡᠷ ᠤᠨ ᠠᠵᠤ | ᠦᠢᠯᠡᠰ ᠤᠨ ︽ᠬᠤᠶᠠᠷ ᠪᠦᠰᠡ ᠬᠤᠶᠠᠷ ᠲᠣᠭᠤᠷᠢᠭ︾㉝ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ︽ | ᠨᠠᠶᠢᠳᠠᠨ ᠲᠡᠵᠢᠭᠡᠯᠭᠡᠵᠦ ᠦᠷᠡᠵᠢᠭᠦᠯᠬᠦ︾ ᠲᠤᠷᠰᠢᠯᠲᠠ ᠶᠢᠨ ᠲᠣᠰᠬᠤᠨ 5 ᠭᠠᠷᠭᠠᠵᠤ᠂ ᠵᠢᠯ ᠤᠨ ᠳᠣᠲᠣᠷ᠎ᠠ 22 | ᠲᠡᠵᠢᠭᠡᠨ ᠦᠷᠡᠵᠢᠭᠦᠯᠬᠦ ᠲᠤᠰᠬᠠᠶ ᠲᠣᠰᠬᠤᠨ᠂ 10 ᠲᠡᠵᠢᠭᠡᠨ ᠦᠷᠡᠵᠢᠭᠦᠯᠬᠦ ᠲᠣᠭᠤᠷᠢᠭ᠂ 25 ᠲᠡᠵᠢᠭᠡᠨ | ᠦᠷᠡᠵᠢᠭᠦᠯᠬᠦ ᠲᠠᠯᠠᠪᠠᠶ ᠵᠢᠴᠢ 100 ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠦᠨ᠎ᠡ᠃ | ᠬᠤᠰᠢᠭᠤᠨ ᠲᠡᠰ ᠤᠨ ᠠᠯᠠᠰᠢᠨ ᠦᠬᠡᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠠ ᠪᠠᠯᠭᠠᠰᠤ ᠲᠣᠰᠬᠤᠨ ᠤ | 10 ᠦᠢᠯᠡᠴᠢᠯᠡᠭᠡᠨ ᠤ ᠥᠷᠲᠡᠭᠡ ᠴᠢᠭ ᠢ ᠪᠠᠶᠢᠭᠤᠯᠵᠤ᠂ ᠴᠠᠭᠠᠨᠬᠠᠳᠠ ᠰᠤᠮᠤ ᠶᠢᠨ ᠠᠯᠠᠰᠢᠨ ᠦᠬᠡᠷ ᠤᠨ ᠬᠦᠪᠦᠷᠡᠯ | ᠰᠢᠯᠵᠢᠭᠦᠯᠬᠦ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠤᠨ᠂ ᠪᠠᠶᠠᠨ᠋ᠠ᠋ᠭᠤᠯᠠ ᠪᠠᠯᠭᠠᠰᠤ ᠶᠢᠨ ᠫᠧᠩ | ᠰᠠᠷᠠᠪᠴᠢ ᠶᠢᠨ ᠪᠦᠲᠦᠭᠡᠨ ᠪᠠᠶᠢᠭᠤᠯᠤᠯᠲᠠ ᠪᠠ ᠡᠭᠦᠯᠳᠡᠷ ᠰᠠᠶᠢᠵᠢᠷᠠᠭᠤᠯᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ F3 ᠦᠶ᠎ᠡ ᠠᠴᠠ ᠳᠡᠭᠡᠭᠰᠢᠬᠢ ᠡᠭᠦᠯᠳᠡᠷ ᠰᠠᠶᠢᠵᠢᠷᠠᠭᠤᠯᠤᠯᠲᠠ ᠶᠢᠨ ᠨᠣᠷᠮ᠎ᠠ ᠶᠢ ᠢᠯᠡᠳᠲᠡ | ᠳᠡᠭᠡᠭᠰᠢᠯᠡᠭᠦᠯᠦᠨ᠎ᠡ᠃ ᠳ᠋ᠠ ᠹᠧᠩ ᠪᠠ ᠱᠧᠩ ᠬᠤᠶ ᠪᠠᠷᠢᠮᠵᠢᠶᠠᠵᠢᠭᠤᠯᠤᠭᠰᠠᠨ ᠰᠠᠭᠠᠯᠢ ᠶᠢᠨ ᠦᠨᠢᠶ᠎ᠡ ᠲᠡᠵᠢᠭᠡᠬᠦ | ᠲᠠᠯᠠᠪᠠᠶ ᠶᠢ ᠪᠥᠲᠥᠭᠡᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠢ ᠬᠦᠭᠵᠢᠭᠦᠯᠦᠨ᠎ᠡ᠃ ︽ᠪᠠᠭᠠᠷᠢᠨ ᠵᠡᠭᠦᠨ | ᠬᠤᠰᠢᠭᠤᠨ ᠤ ᠨᠢᠭᠡ ᠨᠣᠲᠤᠭ ᠤᠨ ᠨᠢᠭᠡ ᠠᠵᠢᠯ ᠲᠦᠷᠦᠯ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ | ᠳᠡᠮᠵᠢᠬᠦ ᠬᠡᠷᠡᠭᠵᠢᠭᠦᠯᠬᠦ ᠰᠠᠨᠠᠯ︾ ᠢ ᠲᠣᠭᠲᠠᠭᠠᠨ᠎ᠠ᠃ ᠵᠦᠩ ᠶᠢᠨ᠂ ᠬᠤᠩ ᡁᠢ ᠠᠯᠠᠰᠢᠨ ᠡᠯᠵᠢᠭᠡ ᠶᠢᠨ | ᠲᠣᠯᠣᠭᠠᠶᠢᠯᠠᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠠᠯᠠᠰᠢᠨ ᠡᠯᠵᠢᠭᠡ ᠲᠡᠵᠢᠭᠡᠬᠦ ᠭᠡᠷ ᠪᠦᠯᠢ ᠶᠢᠨ ᠮᠠᠯᠵᠢᠯ ᠤᠨ ᠲᠠᠯᠠᠪᠠᠢ 50 ᠶᠢ ᠬᠦᠭᠵᠢᠭᠦᠯᠦᠨ᠂ ᠠᠯᠠᠰᠢᠨ ᠡᠯᠵᠢᠭᠡ | ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ | ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ ᠪᠦᠰᠡ ᠶᠢ ᠲᠥᠯᠥᠪᠵᠢᠭᠦᠯᠵᠦ᠂ ᠯᠢᠨᠳᠦ᠋ᠩ ᠪᠠᠯᠭᠠᠰᠤ ᠶᠢᠨ | ᠲᠦᠬᠦᠭᠡᠷᠦᠮᠵᠢᠲᠦ ᠰᠦᠯᠢᠶᠤᠤ ᠫᠧᠩ 4000 ᠮᠦ ᠪᠠᠶᠢᠭᠤᠯᠤᠨ᠂ ᠪᠠᠷᠢᠮᠵᠢᠶᠠᠲᠤ ᠬᠡᠢ ᠲᠣᠬᠢᠷᠠᠭᠤᠯᠬᠤ ᠬᠥᠮᠥᠷᠭᠡ | ᠭᠠᠷᠭᠠᠨ᠎ᠠ︔ ᠰᠠᠨ ᠱᠠᠨ ᠰᠢᠶᠠᠩ ᠳᠤ ᠣᠳᠣ ᠦᠶ᠎ᠡ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠨᠢᠭᠡᠳᠦᠭᠡᠷ ᠬᠤᠭᠤᠴᠠᠭᠠᠨ ᠤ | ᠲᠥᠷᠥᠯ ᠵᠦᠢᠯ ᠢ ᠪᠠᠶᠢᠭᠤᠯᠵᠤ᠂ ᠵᠢᠯ ᠤᠨ ᠳᠣᠲᠣᠷ᠎ᠠ 500 ᠲᠦᠮᠡᠨ ᠰᠠᠭᠤᠷᠢ ᠬᠤᠣᠷ ᠥᠬᠡᠶᠢᠳᠡᠭᠦᠯᠬᠦ ᠴᠢᠬᠢ | ᠲᠠᠷᠢᠵᠤ᠂ ᠳᠤᠯᠠᠭᠠᠨ ᠰᠠᠷᠠᠪᠴᠢᠨ ᠳᠤ200 ᠲᠦᠮᠡᠨ ᠰᠠᠭᠤᠷᠢ ᠴᠢᠬᠢ ᠪᠤᠶᠢᠵᠢᠭᠤᠯᠬᠤ ᠴᠢᠳᠠᠪᠤᠷᠢ ᠲᠠᠢ ᠪᠣᠯᠭᠠᠨ᠎ᠠ᠃ | ᠭᠤᠤᠯ ᠪᠣᠯᠬᠤ ᠡᠮ ᠤᠨ ᠮᠠᠲ᠋ᠧᠷᠢᠶᠠᠯ ᠳᠠᠷᠢᠬᠤ ᠲᠠᠯᠠᠪᠠᠶ ᠶᠢ 4000 ᠮᠥ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ︽ᠰᠠᠨ ᠱᠠᠨ ᠤ ᠴᠢᠨ᠋ᠸ᠎ᠠ ᠶᠢᠨ ᠬᠠᠯᠲᠠᠷ︾ ᠪᠠ ︽ᠰᠠᠨ ᠱᠠᠨ ᠤ ᠱᠦᠭᠦᠷᠭᠡᠨ᠎ᠡ︾ ᠶᠢ ᠭᠠᠵᠠᠷ ᠣᠷᠤᠨ ᠤ ᠲᠡᠮᠲᠡᠭᠲᠦ | ᠪᠦᠲᠦᠭᠡᠭᠳᠡᠬᠦᠨ ᠢᠶᠠᠷ ᠭᠡᠷᠡᠴᠢᠯᠡᠭᠦᠯᠦᠨᠡ᠃ ᠣᠶᠤᠨᠴᠢᠯᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ | ᠦᠵᠡᠭᠦᠯᠬᠦ ᠴᠡᠭ ᠢ ᠪᠠᠶᠢᠭᠤᠯᠵᠤ᠂ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5 ᠲᠦᠮᠡᠨ ᠮᠥ ᠪᠠ ᠬᠠᠭᠤᠷᠠᠶ | ᠲᠠᠷᠢᠮᠠᠯ ᠤᠨ ᠱᠠᠲᠤᠨ ᠲᠠᠷᠢᠶ᠎ᠠ ᠶᠢ 2 ᠲᠦᠮᠡᠨ ᠮᠥ ᠭᠠᠷᠭᠠᠵᠤ᠂ ᠠᠮᠤ ᠪᠤᠳᠠᠭᠠᠨ ᠤ ᠤᠨᠠᠯᠲᠠ ᠶᠢ 11 . 5 | ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃ ︽ᠬᠢᠳᠠᠨ ᠰᠢᠮᠡᠲᠦ ᠪᠦᠲᠦᠭᠡᠭᠳᠡᠬᠦᠨ︾ ᠨᠡᠷᠡᠲᠦ ᠲᠡᠮᠳᠡᠭ ᠤᠨ | ᠠᠯᠳᠠᠷᠰᠢᠯ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠵᠢᠯ ᠤᠨ ᠳᠣᠲᠣᠷ᠎ᠠ ︽ᠬᠤᠶᠠᠷ ᠪᠦᠲᠦᠭᠡᠭᠳᠡᠬᠦᠨ ᠨᠢᠭᠡ | ᠲᠡᠮᠳᠡᠭ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ 3 ᠨᠡᠮᠡᠭᠳᠡᠭᠦᠯᠦᠨ᠎ᠡ᠃ ᠮᠠᠯᠴᠢᠨ | ᠲᠠᠷᠢᠶᠠᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠣᠭᠴᠠ ᠶᠢ 20 ᠪᠣᠢ ᠪᠣᠯᠭᠠᠨ᠎ᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠦᠬᠦᠯᠢ ᠴᠣᠭᠴᠠ ᠪᠠᠷ ᠨᠢ | ᠴᠢᠩᠭᠠᠷᠠᠭᠤᠯᠤᠨ᠎ᠠ᠃ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠶᠢ ᠦᠷᠭᠡᠳᠬᠡᠨ᠎ᠡ | ᠃ ᠱᠠᠨ ᠶᠢᠨ ᠬᠤᠩ ᠯᠢᠩ ᠠᠭᠤᠷᠬᠠᠢ ᠪᠠ ᠳ᠋ᠦᠩ ᠹᠠᠩ ᠹᠦ᠋ ᠶᠤᠸᠠᠨ ᠠᠭᠤᠷᠬᠠᠢ ᠶᠢᠨ ᠦᠢᠯᠡᠰ ᠢ ᠨᠢᠭᠡᠳᠬᠡᠨ᠂ ᠵᠢᠢ | ᠠᠨ ᠬᠢᠮᠢ ᠶᠢᠨ ᠠᠵᠤ ᠦᠢᠯᠡᠳᠪᠦᠷᠢ ᠪᠠ ᠺᠠᠢ ᠶᠤᠸᠠᠨ ᠠᠭᠤᠷᠬᠠᠢ ᠶᠢ ᠳᠠᠬᠢᠨ ᠵᠣᠬᠢᠶᠠᠨ ᠪᠠᠶᠢᠭᠤᠯᠵᠤ᠂ ᠠᠭᠤᠷᠬᠠᠢ | ᠬᠠᠶᠢᠵᠤ ᠨᠦᠭᠡᠴᠡᠯᠡᠬᠦ ᠬᠡᠮᠵᠢᠶ᠎ᠡ ᠶᠢ 10 ᠲᠦᠮᠡᠨ ᠤᠷᠲᠤᠳᠬᠠᠯ ᠮᠧᠲᠷ ᠠᠴᠠ ᠳᠡᠭᠡᠭᠰᠢ ᠪᠣᠯᠭᠠᠨ᠎ᠠ᠃ ᠢᠦᠢ ᠪᠠᠩ | ᠠᠭᠤᠷᠬᠠᠢ ᠶᠢᠨ ᠦᠢᠯᠡᠰ ᠤᠨ ᠡᠳᠦᠷ ᠲᠤ 25000 ᠲᠣᠨ ᠬᠦᠳᠡᠷ ᠰᠢᠯᠢᠵᠦ ᠥᠷᠭᠡᠳᠬᠡᠨ ᠪᠠᠶᠢᠭᠤᠯᠬᠤ ᠲᠥᠷᠥᠯ | ᠵᠦᠢᠯ ᠤᠨ ᠬᠤᠳᠳᠤᠭ ᠳᠣᠣᠷᠠᠬᠢ ᠠᠭᠤᠷᠬᠠᠢ ᠮᠠᠯᠲᠠᠬᠤ᠂ ᠭᠠᠵᠠᠷ ᠰᠢᠷᠣᠢ ᠲᠠᠲᠠᠪᠤᠷᠢᠯᠠᠬᠤ᠂ ᠦᠯᠡᠳᠡᠭᠳᠡᠯ | ᠬᠦᠳᠡᠷ ᠤᠨ ᠬᠥᠮᠥᠷᠭᠡ ᠪᠠᠶᠢᠭᠤᠯᠬᠤ ᠵᠡᠷᠭᠡ ᠶᠢ ᠠᠬᠢᠭᠤᠯᠵᠤ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠴᠠᠶᠢᠷ ᠤᠨ | ᠦᠢᠯᠡᠰ ᠤᠨ ᠵᠢᠯ ᠳᠤ 20 ᠲᠦᠮᠡᠨ ᠲᠣᠨ ᠴᠠᠶᠢᠷ ᠬᠠᠶᠢᠯᠤᠭᠤᠯᠤᠨ ᠪᠣᠯᠪᠠᠰᠤᠷᠠᠭᠤᠯᠬᠤ᠂ ᠳᠤᠮᠳᠠᠳᠤ ᠶᠢᠨ ᠥᠩᠭᠡᠲᠦ | ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ ᠡᠳᠦᠷ ᠲᠤ 5000 ᠲᠣᠨ ᠬᠦᠳᠡᠷ ᠰᠢᠯᠢᠵᠦ ᠥᠷᠭᠡᠳᠬᠡᠨ | ᠪᠠᠶᠢᠭᠤᠯᠬᠤ ᠵᠢᠴᠢ ᠶᠢᠨ ᠹᠠᠨ ᠳᠠᠬᠢᠯᠲᠠ ᠡᠬᠢ ᠪᠠᠶᠠᠯᠢᠭ ᠢ ᠬᠤᠷᠢᠶᠠᠵᠤ ᠠᠰᠢᠭᠯᠠᠬᠤ ᠬᠤᠶᠠᠳᠤᠭᠠᠷ ᠬᠤᠭᠤᠴᠠᠭ᠎ᠠ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠲᠡᠮᠦᠷᠯᠢᠭ ᠤᠨ ᠪᠤᠰᠤ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠹᠦ᠋ ᠯᠢᠩ ᠤᠨ ᠵᠢᠯ ᠳᠤ 50 ᠲᠦᠮᠡᠨ ᠲᠣᠨ ᠢᠳᠡᠪᠬᠢ ᠺᠠᠯᠼ ᠤᠨ | ᠢᠰᠦᠯ ᠤᠨ ᠲᠥᠷᠥᠯ ᠵᠦᠢᠯ ᠢ ᠡᠨᠧᠷᠭᠢ ᠠᠷᠪᠢᠯᠠᠬᠤ ᠪᠠᠷ ᠬᠢᠨᠠᠨ ᠵᠦᠪᠰᠢᠶᠡᠷᠡᠭᠦᠯᠵᠦ ᠠᠰᠢᠭᠯᠠᠯᠲᠠ ᠳᠤ | ᠣᠷᠤᠭᠤᠯᠤᠨ᠂ ᠯᠸᠢ ᠰᠢᠨ ᠴᠢᠯᠠᠭᠤᠨ ᠮᠠᠲ᠋ᠧᠷᠢᠶᠠᠯ ᠪᠠ ᠵᠢᠶᠧ ᠴᠧᠩ ᠴᠢᠯᠠᠭᠤᠨ ᠮᠠᠲ᠋ᠧᠷᠢᠶᠠᠯ ᠵᠡᠷᠭᠡ ᠪᠣᠷᠵᠢᠨ | ᠴᠢᠯᠠᠭᠤᠯᠢᠭ ᠢ ᠭᠦᠨᠵᠡᠭᠡᠶ ᠡᠳ᠋ᠰᠢᠭᠦᠯᠬᠦ 4 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠹᠯᠣᠷ ᠠᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ᠎ᠡ᠃ | ᠫᠧᠩ ᠹᠧᠩ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 10 ᠲᠦᠮᠡᠨ ᠲᠣᠨ ᠤᠰᠤ ᠥᠬᠡᠶ ᠹᠯᠣᠷᠲᠤ | ᠤᠰᠤᠲᠥ᠋ᠷᠥᠭᠴᠢ ᠪᠣᠯᠪᠠᠰᠤᠷᠠᠭᠤᠯᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠵᠦ᠂ 3 ᠵᠤᠷᠪᠤᠰ | ᠹᠯᠣᠷᠲᠤ ᠲᠤᠷᠰᠢᠯᠲᠠ ᠶᠢᠨ ᠦᠢᠯᠡᠳᠬᠦᠨ ᠦᠢᠯᠡᠳᠪᠦᠷᠢᠯᠡᠵᠦ ᠡᠳ᠋ᠰᠢᠭᠦᠯᠬᠦ ᠵᠢᠴᠢ ᠠᠵᠤ ᠦᠢᠯᠡᠰ ᠢ ᠪᠣᠶᠢᠵᠢᠭᠤᠯᠬᠤ | ᠦᠢᠯᠡᠳᠪᠦᠷᠢᠯᠡᠯ ᠤᠨ ᠱᠤᠭᠤᠮ ᠢ ᠣᠷᠣᠭᠤᠯᠤᠨ ᠠᠪᠴᠢᠷᠠᠵᠤ᠂ ᠡᠯᠧᠺᠲᠷᠤᠨ ᠲᠡᠰ ᠤᠨ ᠤᠰᠤᠲᠥ᠋ᠷᠥᠭᠴᠢ ᠹᠯᠣᠷᠲᠤ | ᠬᠦᠴᠢᠯ ᠪᠠ ᠹᠯᠣᠷᠲᠤ ᠹᠣᠰᠹᠣᠷ ᠬᠦᠴᠢᠯ ᠤᠨ ᠯᠢᠲ᠋ᠢ ᠵᠡᠷᠭᠡ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠲᠣᠭᠤᠷᠢᠭ ᠲᠤ ᠲᠥᠪᠯᠡᠷᠡᠨ ᠳᠡᠰ ᠳᠡᠪᠰᠢᠬᠦ ᠶᠢ | ᠠᠬᠢᠭᠤᠯᠤᠨ᠎ᠠ᠃ ᠤᠯᠠᠭᠠᠨᠬᠠᠳᠠ ᠬᠤᠲᠠ ᠶᠢᠨ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ ᠤᠨ ᠯᠢᠨᠳᠦ᠋ᠩ | ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠦᠯᠦᠪᠵᠢᠭᠦᠯᠭᠡ ᠪᠠ ᠬᠢᠮᠢ ᠶᠢᠨ ᠠᠵᠤ ᠦᠢᠯᠡᠳᠪᠦᠷᠢ ᠶᠢᠨ | ᠲᠣᠭᠤᠷᠢᠭ ᠤᠨ ᠲᠦᠯᠦᠪᠵᠢᠭᠦᠯᠭᠡ ᠶᠢ ᠨᠠᠶᠢᠷᠠᠭᠤᠯᠵᠤ᠂ ᠶᠡᠷᠦᠩᠬᠡᠶᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠪ ᠢ ᠪᠠᠶᠢᠭᠤᠯᠤᠨ᠎ᠠ᠃ 3 ᠺᠢᠯᠤᠮᠧᠲᠷ ᠲᠣᠭᠤᠷᠢᠭ ᠤᠨ ᠵᠠᠮ ᠪᠠ 5.3 ᠲᠦᠮᠡᠨ ᠤᠷᠲᠤᠳᠬᠠᠯ ᠮᠧᠲᠷ ᠤᠨ ᠢᠵᠢ | ᠪᠦᠷᠢᠳᠦᠭᠰᠡᠨ ᠶᠡᠷᠦᠩᠬᠡᠶᠢᠯᠡᠭᠰᠡᠨ ᠬᠤᠭᠤᠯᠠᠢ ᠰᠤᠪᠠᠭ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠵᠢᠯ ᠤᠨ | ᠳᠣᠲᠣᠷ᠎ᠠ ︽ᠲᠠᠪᠤ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠪᠠᠷᠢᠮᠵᠢᠶ᠎ᠠ ᠳᠤ ᠬᠦᠷᠭᠡᠨ᠎ᠡ᠃ ᠵᠢᠢ ᠲᠦᠩ ᠲᠡᠮᠦᠷ | ᠵᠠᠮ ᠤᠨ 220 ᠺᠢᠯᠦᠸᠠᠲ ᠴᠠᠬᠢᠯᠭᠠᠨ ᠬᠡᠶᠢᠵᠢᠯᠲᠡ ᠶᠢᠨ ᠥᠭᠡᠷᠡᠴᠢᠯᠡᠯᠲᠡ ᠶᠢᠨ ᠦᠷᠲᠡᠭᠡ ᠶᠢᠨ ᠪᠠᠷᠢᠯᠭ᠎ᠠ ᠶᠢ | ᠡᠬᠢᠯᠡᠭᠦᠯᠵᠦ᠂ ᠹᠧᠩ ᠬᠤᠸᠠᠩ ᠱᠠᠨ ᠠᠵᠤ ᠦᠢᠯᠡᠳᠪᠦᠷᠢ ᠲᠦᠪᠯᠡᠷᠡᠭᠰᠡᠨ ᠲᠣᠭᠤᠷᠢᠭ ᠤᠨ ᠬᠤᠤᠰ ᠵᠠᠮ ᠢᠶᠠᠷ | ᠴᠠᠬᠢᠯᠭᠠᠨ ᠬᠠᠩᠭᠠᠯᠲᠠ ᠶᠢ ᠪᠡᠶᠡᠯᠡᠭᠦᠯᠦᠨ᠎ᠡ᠃ ᠽᠢ ᠴᠤᠸᠠᠨ ᠤ ᠨᠡᠭᠦᠷᠡᠰᠦᠳᠦ᠋ᠷᠦᠭᠴᠢᠲᠦ ᠰᠢᠷᠬᠡᠭᠯᠢᠭ ᠪᠠ 1 ᠲᠦᠮᠡᠨ | ᠪᠣᠰᠤᠭ᠎ᠠ ᠳᠦᠷᠪᠡᠯᠵᠢᠨ ᠮᠧᠲᠷ PMI ᠪᠦᠲᠦᠴᠡᠲᠦ ᠬᠦᠭᠡᠰᠦᠲᠦ ᠬᠠᠪᠲᠠᠰᠤ ᠵᠡᠷᠭᠡ 4 ᠲᠦᠷᠦᠯ ᠵᠦᠢᠯ ᠢ | ᠠᠰᠢᠭᠯᠠᠯᠲᠠ ᠳᠤ ᠣᠷᠤᠭᠤᠯᠵᠤ᠂ ᠤᠷᠢᠨ ᠣᠷᠣᠭᠤᠯᠵᠤ ᠳᠠᠬᠢᠨ ᠵᠣᠬᠢᠶᠠᠨ ᠪᠠᠶᠢᠭᠤᠯᠬᠤ ᠪᠠ ᠬᠤᠳᠠᠯᠳᠤᠭᠠᠴᠢᠨ | ᠤᠷᠢᠵᠤ ᠰᠠᠭᠤᠷᠢᠰᠢᠭᠤᠯᠬᠤ ᠲᠥᠷᠥᠯ ᠵᠦᠢᠯ ᠢ 5 ᠠᠴᠠ ᠳᠡᠭᠡᠭᠰᠢ ᠪᠣᠯᠭᠠᠵᠤ᠂ ᠳᠤᠮᠳᠠ ᠵᠢᠵᠢᠭ ᠠᠵᠤ | ᠠᠬᠤᠶᠢᠯᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠳᠥᠷᠪᠡ︶ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠲᠠᠰᠤᠷᠠᠯᠲᠠ ᠤᠢᠭᠡᠢ | ᠪᠠᠶᠠᠯᠢᠭᠵᠢᠭᠤᠯᠤᠨ᠎ᠠ᠃ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠢᠵᠢ ᠪᠦᠷᠢᠳᠦᠯ ᠵᠢᠴᠢ ᠬᠠᠮᠠᠭᠠᠯᠠᠯᠲᠠ ᠶᠢᠨ ᠴᠢᠨᠠᠷᠲᠠᠶ ᠳᠡᠯᠭᠡᠨ ᠦᠵᠡᠭᠦᠯᠦᠯᠭᠡ ᠶᠢ ᠲᠡᠭᠦᠯᠳᠡᠷᠵᠢᠭᠦᠯᠦᠨ᠎ᠡ᠃ | ᠳᠣᠯᠣᠭᠠᠨ ᠲᠣᠭᠤᠭ᠎ᠠ ᠠᠭᠤᠯᠠ ᠦᠵᠡᠮᠵᠢ ᠶᠢᠨ ᠣᠷᠣᠨ ᠳᠤ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ᠂ ᠳᠡᠭᠦᠵᠢᠩ ᠵᠠᠮ | ᠵᠢᠴᠢ ᠰᠢᠯ ᠳᠡᠭᠦᠵᠢᠩ ᠬᠥᠭᠦᠷᠭᠡ ᠵᠡᠷᠭᠡ 11 ᠲᠥᠷᠥᠯ ᠵᠦᠢᠯ ᠢ ᠪᠠᠶᠢᠭᠤᠯᠤᠨ᠂ 7 ᠰᠠᠷ᠎ᠠ ᠶᠢᠨ ᠡᠬᠢ ᠪᠠᠷ | ᠦᠵᠡᠮᠵᠢ ᠶᠢᠨ ᠣᠷᠣᠨ ᠢ ᠲᠤᠷᠰᠢᠨ ᠡᠵᠡᠩᠨᠡᠨ᠎ᠡ︔ ᠨᠡᠶᠢᠭᠡᠮ ᠤᠨ ᠡᠳ᠋ ᠬᠥᠷᠥᠩᠭᠡ ᠶᠢ ᠢᠳᠡᠪᠬᠢᠲᠡᠢ ᠲᠡᠳᠡᠨ | ᠣᠷᠣᠭᠤᠯᠵᠤ᠂ ᠥᠪᠡᠷᠲᠡᠭᠡᠨ ᠲᠡᠷᠭᠡ ᠵᠢᠯᠤᠭᠤᠳᠤᠨ ᠵᠤᠭᠠᠴᠠᠬᠤ ᠭᠠᠵᠠᠷ᠂ ᠡᠪᠦᠯ ᠤᠨ ᠮᠠᠶᠢᠬᠠᠨ ᠵᠢᠴᠢ ᠡᠩᠬᠦᠷᠡᠢ | ᠠᠮᠢᠲᠠᠨ ᠤ ᠴᠡᠩᠬᠡᠯ ᠤᠨ ᠣᠷᠳᠣᠨ ᠵᠡᠷᠭᠡ 10 ᠲᠥᠷᠦᠯ ᠵᠦᠢᠯ ᠢ ᠪᠠᠶᠢᠭᠤᠯᠵᠤ᠂ ᠭᠢᠯᠦᠪᠡᠷ ᠵᠤᠤ ᠶᠢᠨ ᠰᠦᠮ᠎ᠡ ᠶᠢᠨ | ᠭᠤᠣᠯ ᠦᠵᠡᠮᠵᠢ ᠶᠢᠨ ᠣᠷᠣᠨ ᠢ ᠵᠢᠩᠬᠢᠨᠢ ᠪᠠᠷ ᠡᠵᠡᠩᠨᠡᠭᠦᠯᠦᠨ᠎ᠡ᠃ ᠮᠦᠩᠭᠦᠨ ᠡᠪᠦᠯ ᠤᠨ ᠰᠣᠶᠣᠯ ᠤᠨ ᠨᠠᠶᠢᠷ ᠪᠠ | ᠬᠢᠳᠠᠨ ᠰᠣᠶᠣᠯ ᠤᠨ ᠨᠠᠶᠢᠷ ᠵᠡᠷᠭᠡ ᠨᠡᠷᠡᠳᠦ ᠲᠡᠮᠳᠡᠭ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠯᠢᠶᠣᠤ ᠶᠢᠨ | ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠬᠡᠶᠢᠲᠦ ᠪᠦᠷᠬᠦᠪᠴᠢ | ᠲᠠᠢ ᠬᠠᠭᠤᠴᠢ ᠰᠤᠳᠤᠯᠤᠯ ᠤᠨ ᠳᠡᠯᠭᠡᠨ ᠦᠵᠡᠭᠦᠯᠬᠦ ᠰᠠᠷᠠᠪᠴᠢ ᠶᠢᠨ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠵᠤ᠂ | ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠶᠢᠨ ᠵᠡᠭᠦᠨ ᠡᠮᠦᠨ᠎ᠡ ᠬᠡᠰᠡᠭ ᠢ ᠨᠤᠷᠠᠭᠠᠵᠤ ᠨᠡᠭᠦᠯᠭᠡᠬᠦ ᠵᠡᠷᠭᠡ 8 | ᠲᠥᠷᠥᠯ ᠵᠦᠢᠯ ᠢ ᠡᠬᠢᠯᠡᠭᠦᠯᠦᠨ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ | ᠪᠠᠭᠤᠷᠢ ᠶᠢᠨ ᠴᠡᠴᠡᠷᠯᠢᠭ ᠲᠤ ᠫᠠᠶᠢᠰᠠ ᠡᠯᠭᠦᠨ᠎ᠡ︔ ᠯᠢᠶᠣᠤ ᠶᠢᠨ ᠳᠡᠭᠡᠳᠦᠰ ᠤᠨ ᠣᠩᠭᠤᠨ ᠤ ᠬᠠᠭᠤᠴᠢ ᠰᠣᠳᠣᠯᠣᠯ | ᠤᠨ ᠪᠠᠭᠤᠷᠢ ᠶᠢᠨ ᠴᠡᠴᠡᠷᠯᠢᠭ ᠲᠤ ᠵᠢᠭᠤᠯᠴᠢᠯᠠᠯ ᠤᠨ ᠬᠥᠭᠦᠷᠭᠡᠨ ᠵᠠᠮ ᠪᠠ ᠪᠠᠭᠤᠷᠢ ᠶᠢ ᠳᠡᠯᠭᠡᠨ ᠦᠵᠡᠭᠦᠯᠬᠦ ᠵᠠᠮ | ᠵᠡᠷᠭᠡ 10 ᠲᠦᠷᠦᠯ ᠵᠦᠢᠯ ᠢ ᠨᠠᠶᠢᠳᠠᠪᠦᠷᠢᠵᠢᠭᠤᠯᠵᠤ᠂ ᠦᠨᠳᠦᠰᠦᠨ ᠳᠡᠭᠡᠨ ᠬᠤᠳᠠᠯᠳᠤᠭ᠎ᠠ ᠡᠵᠡᠩᠨᠡᠯᠲᠡ ᠶᠢᠨ | ᠨᠥᠬᠦᠴᠡᠯ ᠳᠤ ᠬᠦᠷᠭᠡᠨ᠎ᠡ᠃ ᠠᠷᠠᠯᠵᠢᠶ᠎ᠠ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠳᠡᠭᠡᠭᠰᠢᠯᠡᠭᠦᠯᠵᠦ᠂ | ᠬᠠᠭᠠᠨ ᠬᠤᠲᠠ ᠶᠢᠨ ᠡᠷᠲᠡᠨ ᠤ ᠪᠠᠯᠭᠠᠰᠤ ᠪᠠ ᠲᠠᠪᠤᠨ ᠣᠳᠣᠨ ᠲᠡᠰ ᠤᠨ ᠪᠠᠭᠤᠳᠠᠯ ᠪᠠᠶᠢᠭᠤᠯᠬᠤ ᠲᠥᠷᠥᠯ ᠵᠦᠢᠯ ᠢ | ᠡᠬᠢᠯᠡᠭᠦᠯᠦᠨ᠎ᠡ᠃ ᠬᠤᠰᠢᠭᠤᠨ ᠳᠡᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠲᠥᠪ ᠢ ᠪᠠᠶᠢᠭᠤᠯᠵᠤ᠂ ᠱᠦᠭᠦᠷ ᠡᠪᠡᠰᠦ᠂ ᠡᠯᠳᠡᠪ ᠠᠮᠤ | ᠪᠤᠷᠴᠠᠭ ᠵᠢᠴᠢ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ | ᠪᠣᠷᠤᠯᠠᠭᠤᠯᠤᠨ᠎ᠠ᠃ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ ᠲᠠᠷᠢᠶᠠᠯᠠᠩ ᠤᠨ | ᠮᠠᠰᠢᠨ ᠤ ᠲᠤᠰᠬᠠᠶ ᠵᠠᠬ᠎ᠠ ᠳᠡᠯᠭᠡᠭᠦᠷ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ᠂ ᠬᠤᠲᠠ ᠵᠡᠭᠡᠯᠢ ᠳᠣᠲᠤᠷᠠᠬᠢ | ᠲᠠᠷᠠᠬᠠᠶ ᠪᠤᠲᠠᠷᠬᠠᠶ ᠡᠵᠡᠩᠨᠡᠵᠦ ᠪᠠᠶᠢᠭ᠎ᠠ ᠮᠠᠰᠢᠨ ᠲᠡᠷᠭᠡ ᠰᠡᠯᠪᠢᠨ ᠵᠠᠰᠠᠬᠤ ᠪᠠ ᠪᠠᠷᠢᠯᠭ᠎ᠠ ᠶᠢᠨ ᠮᠠᠲ᠋ᠧᠷᠢᠶᠠᠯ | ᠬᠥᠮᠥᠷᠭᠡᠯᠡᠨ ᠬᠠᠳᠠᠭᠠᠯᠠᠬᠤ ᠵᠡᠷᠭᠡ ᠶᠢ ︽ᠬᠤᠲᠠ ᠠᠴᠠ ᠭᠠᠷᠭᠠᠵᠤ ᠲᠣᠭᠤᠷᠢᠭ ᠲᠤ ᠰᠠᠭᠤᠷᠢᠰᠢᠭᠤᠯᠤᠨ᠎ᠠ︾᠃ | ᠭᠤᠷᠪᠠᠨ ᠬᠠᠪᠴᠢᠯ ᠪᠦᠯᠦᠭᠯᠡᠯ ᠪᠠ ᠵᠢᠩ ᠮᠧᠩ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ | ᠥᠷᠨᠢᠭᠦᠯᠵᠦ᠂ ᠵᠢᠯ ᠤᠨ ᠳᠣᠲᠣᠷ᠎ᠠ ᠪᠣᠷᠣᠯᠠᠭᠤᠯᠤᠯᠲᠠ ᠶᠢ 1 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ᠰᠦᠯᠵᠢᠶᠡᠨ ᠣᠳᠣᠨ ᠤ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠡᠯᠧᠺᠲᠷᠤᠨ ᠬᠤᠳᠠᠯᠳᠤᠭᠠᠨ ᠤ ᠬᠤᠰᠢᠭᠤᠴᠢ ᠳᠡᠯᠭᠡᠭᠦᠷ ᠢ ᠪᠠᠶᠢᠭᠤᠯᠵᠤ᠂ ᠰᠢᠭᠤᠳ | ᠨᠡᠪᠲᠡᠷᠡᠭᠦᠯᠭᠡ ᠶᠢᠨ ᠡᠯᠧᠺᠲᠷᠤᠨ ᠬᠤᠳᠠᠯᠳᠤᠭ᠎ᠠ ᠪᠠ ᠰᠦᠯᠵᠢᠶᠡᠨ ᠣᠳᠣᠨ ᠤ ᠡᠯᠧᠺᠲᠷᠤᠨ ᠬᠤᠳᠠᠯᠳᠤᠭ᠎ᠠ ᠵᠡᠷᠭᠡ | ᠰᠢᠨ᠎ᠡ ᠵᠠᠭᠪᠤᠷ ᠢ ᠬᠥᠭᠵᠢᠭᠦᠯᠵᠦ᠂ ᠵᠢᠯ ᠤᠨ ᠳᠣᠲᠣᠷ᠎ᠠ 1—2 ᠨᠡᠶᠢᠲᠡᠯᠢᠭ ᠠᠵᠤ ᠠᠬᠤᠶᠢᠯᠠᠯ ᠢ ᠪᠠᠶᠢᠭᠤᠯᠤᠨ᠎ᠠ᠃ | ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠠᠭᠠᠨᠬᠠᠳᠠ ᠬᠤᠲᠠ ᠶᠢᠨ | ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠪᠠ ᠵᠡᠭᠦᠨ ᠬᠤᠰᠢᠭᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ | ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠣᠨᠴᠠᠯᠢᠭᠲᠤ | ᠠᠵᠤ ᠦᠢᠯᠡᠰ ᠤᠨ ᠮᠥᠩᠭᠦᠨ ᠭᠦᠢᠯᠭᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ | ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠨ ᠮᠠᠨᠳᠤᠬᠤ ᠶᠢ ᠳᠡᠮᠵᠢᠨ᠎ᠡ᠃ | ︵ᠲᠠᠪᠤ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ | ᠠᠳᠬᠤᠨ᠎ᠠ᠃ ᠪᠤᠢ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠪᠦᠬᠦ ᠦᠵᠡᠮᠵᠢ ᠶᠢᠨ ᠵᠢᠷᠤᠭ ᠢ ᠱᠤᠭᠤᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠷᠦᠯ ᠵᠦᠢᠯ ᠤᠨ ᠬᠥᠮᠥᠷᠭᠡ ᠶᠢ ᠦᠷᠭᠦᠯᠵᠢᠯᠡᠨ ᠰᠢᠨᠡᠴᠢᠯᠡᠨ ᠂ | ᠪᠡᠭᠡᠵᠢᠩ ᠲᠢᠶᠠᠨᠵᠢᠨ ᠾᠧᠪᠸᠢ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠠᠳᠠᠭ ᠲᠤ ᠪᠠᠨ 2 ᠤᠳᠠᠭ᠎ᠠ | ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠨᠤᠲᠤᠭ ᠤᠨ ᠨᠥᠬᠦᠷᠯᠡᠯ ᠤᠨ | ᠨᠡᠶᠢᠭᠡᠮᠯᠢᠭ ᠤᠨ ᠠᠵᠢᠯᠯᠠᠭ᠎ᠠ ᠶᠢ ᠰᠠᠶᠢᠲᠤᠷ ᠦᠷᠨᠢᠭᠦᠯᠦᠨ᠂ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ | ᠲᠣᠭᠤᠷᠢᠨ ᠳᠤ ᠴᠡᠭ ᠲᠤ ᠰᠠᠭᠤᠷᠢᠰᠢᠬᠤ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ 8 ᠠᠵᠤ | ᠦᠢᠯᠡᠰ ᠤᠨ ᠬᠡᠯᠬᠢᠶ᠎ᠡ ᠪᠠ 3 ᠲᠤᠰᠬᠠᠢ ᠠᠩᠬᠢ ᠶᠢ ᠴᠦᠮ ᠨᠠᠶᠢᠳᠠᠪᠣᠷᠢᠵᠢᠭᠰᠠᠨ ᠲᠦᠷᠦᠯ ᠵᠦᠢᠯ ᠲᠠᠢ ᠪᠣᠯᠭᠠᠵᠤ᠂ | ᠵᠢᠯ ᠤᠨ ᠳᠣᠲᠣᠷ᠎ᠠ 60 ᠲᠦᠷᠦᠯ ᠵᠦᠢᠯ ᠲᠠᠢ ᠭᠡᠷ᠎ᠡ ᠲᠣᠭᠲᠠᠵᠤ᠂ 35 ᠠᠴᠠ ᠳᠡᠭᠡᠭᠰᠢᠬᠢ ᠶᠢ ᠪᠠᠷᠢᠯᠭ᠎ᠠ | ᠡᠬᠢᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠷᠦᠯ ᠵᠦᠢᠯ ᠢ | ᠬᠥᠮᠥᠷᠭᠡ ᠳᠤ ᠣᠷᠣᠭᠤᠯᠵᠤ ᠨᠢᠭᠡᠳᠦᠯᠲᠡᠢ ᠲᠦᠯᠦᠪᠵᠢᠭᠦᠯᠦᠨ᠂ 167 ᠳ᠋ᠦᠩᠰᠢᠭᠤᠷ ᠲᠥᠭᠦᠷᠢᠭ ᠤᠨ ᠶᠡᠷᠦᠩᠬᠡᠢ | ᠪᠡᠯᠡ ᠣᠷᠣᠭᠤᠯᠤᠯᠲᠠ ᠲᠠᠢ 500 ᠲᠦᠮᠡᠨ ᠲᠦᠭᠦᠷᠢᠭ ᠠᠴᠠ ᠳᠡᠭᠡᠭᠰᠢᠬᠢ 93 ᠭᠤᠣᠯᠳᠠᠯᠭ᠎ᠠ ᠲᠠᠢ ᠲᠥᠷᠦᠯ | ᠵᠦᠢᠯ ᠢ ᠪᠦᠬᠦᠨ ᠢ ᠠᠵᠢᠯ ᠡᠬᠢᠯᠡᠭᠦᠯᠦᠨ᠂ ᠵᠢᠯ ᠤᠨ ᠳᠣᠲᠣᠷ᠎ᠠ 43 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ᠃ ᠢᠦᠶ ᠪᠠᠩ ᠠᠭᠤᠷᠬᠠᠶ ᠶᠢᠨ ᠦᠢᠯᠡᠰ ᠢ ᠡᠳᠦᠷ ᠲᠤ 25000 ᠲᠣᠨ | ᠬᠦᠳᠡᠷ ᠰᠢᠯᠢᠵᠦ ᠥᠷᠭᠡᠳᠬᠡᠨ ᠪᠠᠶᠢᠭᠤᠯᠵᠤ᠂ ᠯᠢᠨ ᠪᠠᠶ ᠲᠡᠮᠦᠷ ᠵᠠᠮ ᠵᠢᠴᠢ ᠤᠯᠤᠰ ᠤᠨ ᠵᠠᠮ 305 ᠱᠤᠭᠤᠮ ᠤᠨ | ᠯᠢᠨᠳᠦ᠋ᠩ ᠠᠴᠠ ᠰᠢᠶᠠ ᠾᠦᠸᠧ ᠹᠠᠩ ᠬᠦᠷᠬᠦ ᠬᠡᠰᠡᠭ ᠵᠡᠷᠭᠡ ᠥᠪᠡᠷᠲᠡᠭᠡᠨ ᠵᠠᠰᠠᠬᠤ ᠣᠷᠤᠨ ᠪᠠ ᠬᠤᠲᠠ ᠶᠢᠨ ᠳᠡᠰ | ᠤᠨ ᠴᠢᠬᠤᠯᠠ ᠶᠡᠭᠡ ᠲᠦᠷᠦᠯ ᠵᠦᠢᠯ ᠢ ᠠᠬᠢᠭᠤᠯᠤᠨ᠎ᠠ᠃ ᠸᠠᠨ ᠰᠢᠩ ᠪᠠᠷᠢᠯᠭ᠎ᠠ ᠶᠢᠨ ᠢᠨᠵᠧᠨᠧᠷᠢᠩ ᠤᠨ ᠰᠠᠭᠤᠷᠢ | ᠰᠡᠯᠪᠢᠭ ᠲᠣᠨᠤᠭ ᠦᠢᠯᠡᠳᠪᠦᠷᠢᠯᠡᠬᠦ ᠵᠡᠷᠭᠡ ᠦᠢᠯᠡᠳᠬᠦ ᠦᠢᠯᠡᠰ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ᠂ | ᠴᠢᠩ ᠶᠤᠸᠠᠨ ᠪᠣᠬᠢᠷ ᠤᠰᠤ ᠰᠢᠢᠳᠪᠦᠷᠢᠯᠡᠬᠦ ᠭᠠᠵᠠᠷ ᠤᠨ ᠲᠥᠷᠥᠯ ᠵᠦᠢᠯ ᠢ TOT ᠵᠠᠭᠪᠤᠷ ᠢᠶᠠᠷ ᠰᠢᠯᠵᠢᠭᠦᠯᠦᠨ | ᠲᠤᠰᠢᠶᠠᠵᠤ ᠠᠵᠢᠯᠯᠠᠭᠤᠯᠤᠨ᠎ᠠ᠃ ᠠᠵᠤ ᠦᠢᠯᠡᠰ ᠪᠠ ᠦᠢᠯᠡᠳᠬᠦ ᠦᠢᠯᠡᠰ ᠤᠨ ᠲᠦᠷᠦᠯ ᠵᠦᠢᠯ ᠢ 60% ᠠᠴᠠ | ᠳᠡᠭᠡᠭᠰᠢ ᠪᠠᠶᠢᠯᠭᠠᠨ᠎ᠠ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠠᠬᠢᠭᠤᠯᠵᠤ᠂ ᠵᠢᠯ ᠤᠨ ᠡᠴᠦᠰ ᠪᠣᠯᠲᠠᠯ᠎ᠠ ᠮᠥᠩᠬᠡ ᠰᠤᠪᠠᠭ ᠤᠨ ᠳᠠᠩᠰᠠᠯᠠᠯ ᠤᠨ ᠨᠣᠷᠮ᠎ᠠ ᠶᠢ | 85% ᠬᠦᠷᠭᠡᠨ᠎ᠡ᠃ 14 ᠰᠠᠯᠠᠭ᠎ᠠ ᠮᠥᠴᠢᠷ ᠤᠨ 488 ᠵᠦᠢᠯᠡᠰ ᠢ ︽ᠶᠡᠷᠦᠩᠬᠡᠢ ᠴᠣᠩᠬᠤ︾ ᠳᠤ ᠣᠷᠣᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠤᠨ ᠭᠠᠶᠢᠯᠢ ᠲᠤᠰᠢᠶᠠᠬᠤ ᠦᠢᠯᠡᠴᠢᠯᠡᠭᠡ ᠪᠠ ᠡᠷᠬᠡ ᠠᠰᠢᠭ ᠤᠨ ᠬᠠᠮᠠᠭᠠᠯᠠᠯᠲᠠ | ᠵᠡᠷᠭᠡ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ︽ | ᠳᠥᠷᠪᠡ ᠶᠢ ᠬᠠᠰᠤᠬᠤ︾ ᠠᠵᠢᠯ ᠢ ᠲᠦᠷᠦᠭᠦᠦ ᠵᠢᠯ ᠲᠠᠢ ᠠᠳᠠᠯᠢᠳᠬᠠᠪᠠᠯ ᠪᠦᠬᠦᠯᠢ ᠴᠣᠭᠴᠠ ᠪᠠᠷ 10 % ᠠᠴᠠ | ᠳᠡᠭᠡᠭᠰᠢ ᠪᠠᠭᠠᠰᠬᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠵᠠᠷᠭᠤ ᠶᠢᠨ ᠳᠠᠷᠤᠭᠳᠠᠮᠠᠯ | ᠬᠡᠷᠡᠭ ᠢ ᠲᠦᠢᠯᠪᠤᠷᠢᠲᠠᠢ ᠠᠷᠢᠯᠭᠠᠵᠤ᠂ ᠬᠦᠴᠦᠨ ᠲᠠᠢ ᠪᠣᠯᠤᠭᠰᠠᠨ ᠲᠠᠰᠤᠯᠤᠯᠲᠠ ᠶᠢ ᠭᠦᠢᠴᠡᠳᠬᠡᠬᠦ ᠦᠷ᠎ᠡ | ᠪᠦᠲᠦᠮᠵᠢ ᠶᠢ 100 % ᠳᠤ ᠬᠦᠷᠭᠡᠨ᠎ᠡ᠃ | ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ︽ᠭᠤᠷᠪᠠᠨ ᠲᠥᠷᠥᠯ︾ ᠤᠨ ᠬᠥᠮᠦᠰ ᠢ | ᠦᠷᠭᠦᠯᠵᠢ ᠶᠢᠨ ᠴᠢᠨᠠᠷᠲᠠᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠵᠦ᠂ ᠪᠡᠭᠡᠵᠢᠩ ᠥᠪᠥᠷ ᠮᠣᠩᠭᠤᠯ ᠤᠨ | ᠣᠷᠣᠨ ᠪᠦᠰᠡ ᠶᠢᠨ ᠬᠠᠮᠵᠢᠯᠴᠠᠭ᠎ᠠ ᠪᠠ ᠭᠤᠷᠪᠠᠨ ᠬᠠᠪᠴᠢᠯ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ | ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠲᠣᠮᠢᠯᠠᠨ ᠰᠠᠭᠤᠯᠭᠠᠭᠰᠠᠨ ᠺᠠᠳ᠋ᠷᠴᠤᠳ ᠤᠨ ᠡᠬᠢ | ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠥᠭᠵᠢᠯᠲᠡ ᠪᠠ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ | ᠦᠷᠭᠦᠯᠵᠢᠯᠡᠨ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ 5.5 | ᠳ᠋ᠦᠩᠰᠢᠭᠤᠷ ᠲᠥᠭᠦᠷᠢᠭ ᠢ ᠨᠢᠭᠡᠲᠦᠯᠲᠡᠢ ᠲᠦᠯᠦᠪᠵᠢᠭᠦᠯᠵᠦ᠂ 70% ᠶᠢᠨ ᠪᠠᠯᠠ ᠮᠥᠩᠭᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ 8 ᠵᠢᠱᠢᠶ᠎ᠡ ᠦᠵᠡᠭᠦᠯᠬᠦ ᠲᠣᠰᠬᠤᠨ ᠪᠠ 24 ᠭᠤᠤᠯᠳᠠᠯᠭ᠎ᠠ ᠲᠠᠢ | ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠵᠡᠷᠭᠡ ᠠᠵᠤ ᠦᠢᠯᠡᠰ ᠤᠨ ᠲᠥᠷᠥᠯ ᠵᠦᠢᠯ ᠢ | ᠨᠠᠶᠢᠳᠠᠪᠦᠷᠢᠵᠢᠭᠤᠯᠤᠨ᠂ ᠲᠣᠰᠬᠤᠨ ᠳᠤ ᠨᠡᠪᠲᠡᠷᠡᠬᠦ ᠵᠠᠮ ᠪᠠ ᠤᠤᠭᠤᠬᠤ ᠤᠰᠤᠨ ᠤ ᠢᠨᠵᠧᠨᠧᠷᠢᠩ ᠵᠡᠷᠭᠡ ᠰᠠᠭᠤᠷᠢ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠢᠵᠢ | ᠪᠥᠷᠢᠳᠦᠭᠦᠯᠦᠨ᠂ 61 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠵᠡᠷᠭᠡ ᠳᠤᠨᠢ ᠡᠬᠢᠯᠡᠭᠦᠯᠦᠨ᠎ᠡ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠤᠨ ᠦᠭᠡᠷᠡᠴᠢᠯᠡᠯᠲᠡ | ᠶᠢ ᠠᠬᠢᠭᠤᠯᠵᠤ᠂ ᠬᠤᠭ ᠨᠣᠪᠰᠢ ᠶᠢ ᠬᠠᠯᠠᠭᠠᠨ ᠵᠠᠳᠠᠷᠠᠭᠤᠯᠬᠤ ᠥᠷᠲᠡᠭᠡ ᠵᠡᠷᠭᠡ ᠰᠠᠭᠤᠷᠢ ᠲᠦᠬᠦᠭᠡᠷᠦᠮᠵᠢ ᠶᠢ 48 | ᠪᠠᠶᠢᠭᠤᠯᠵᠤ᠂ ᠵᠢᠱᠢᠶ᠎ᠡ ᠦᠵᠡᠭᠦᠯᠬᠦ ᠲᠣᠰᠬᠤᠨ ᠪᠠ ᠭᠤᠤᠯᠳᠠᠯᠭ᠎ᠠ ᠲᠠᠢ ᠲᠣᠰᠬᠤᠨ ᠤ ᠣᠷᠴᠢᠨ ᠲᠣᠭᠤᠷᠢᠨ ᠤ | ᠠᠷᠢᠭᠤᠨ ᠴᠡᠪᠡᠷ ᠢ ᠨᠢᠭᠡ ᠴᠣᠭᠴᠠᠵᠢᠭᠤᠯᠤᠨᠠ᠃ | ︵ᠳᠣᠯᠤᠭ᠎ᠠ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ 44 ᠬᠠᠭᠤᠴᠢᠨ ᠰᠠᠭᠤᠭᠠᠯᠢ | ᠲᠣᠭᠤᠷᠢᠭ ᠢ 24 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠢᠨᠡᠳᠬᠡᠵᠦ᠂ ᠪᠦᠸᠧᠬᠠᠢ ᠵᠢᠵᠢᠭ ᠬᠤᠲᠠ | ᠪᠠ ᠲᠤᠭᠤᠷ ᠤᠨ ᠴᠡᠴᠡᠭᠲᠦ ᠠᠷᠠᠯ ᠵᠡᠷᠭᠡ 9 ᠬᠡᠰᠡᠭ ᠲᠣᠭᠤᠷᠢᠭ ᠤᠨ ᠬᠠᠭᠤᠴᠢᠨ ᠭᠡᠷ ᠪᠠᠶᠢᠰᠢᠩ ᠢ ᠥᠭᠡᠷᠡᠴᠢᠯᠡᠨ᠂ | ᠴᠢᠩ ᠾᠧ ᠵᠡᠭᠡᠯᠢ ᠪᠠ ᠴᠢᠶᠠᠨ ᠳ᠋ᠧ ᠵᠠᠮ ᠵᠡᠷᠭᠡ 2.9 ᠺᠢᠯᠣᠮᠧᠲᠷ ᠤᠨ ᠬᠤᠲᠠ ᠲᠣᠭᠤᠷᠢᠭ ᠤᠨ ᠵᠠᠮ ᠢ ᠪᠠᠶᠢᠭᠤᠯᠤᠨ | ᠲᠡᠷᠭᠡ ᠨᠡᠪᠲᠡᠷᠡᠭᠦᠯᠵᠦ᠂ ᠡᠮᠦᠨ᠎ᠡ ᠤᠮᠠᠷ᠎ᠠ ᠣᠷᠤᠴᠠ ᠭᠠᠷᠴᠠ ᠶᠢᠨ ᠳᠦᠷᠢ ᠳᠦᠷᠬᠦ ᠶᠢ ᠳᠡᠭᠡᠭᠰᠢᠯᠡᠭᠦᠯᠵᠦ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠠᠶᠢᠭᠤᠯᠤᠯᠲᠠ ᠲᠠᠢ ᠤᠶᠠᠯᠳᠤᠭᠤᠯᠤᠨ ᠭᠠᠵᠠᠷ | ᠳᠣᠣᠷᠠᠬᠢ ᠲᠡᠷᠭᠡᠨ ᠵᠣᠭᠰᠣᠭᠠᠯ 4000 ᠲᠡᠭᠰᠢ ᠳᠥᠷᠪᠡᠯᠵᠢᠨ ᠮᠧᠲᠷ ᠪᠠᠶᠢᠭᠤᠯᠤᠨ᠎ᠠ᠃ ᠬᠤᠲᠠ ᠶᠢᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ | ᠵᠢᠯᠣᠭᠤᠳᠬᠤ ᠲᠥᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠦ᠋ ᠶᠢᠨ ᠰᠠᠭᠤᠭᠠᠯᠢ ᠲᠣᠭᠤᠷᠢᠭ ᠪᠠ | ᠣᠷᠣᠨ ᠨᠤᠲᠤᠭ ᠤᠨ ᠭᠠᠶᠢᠯᠢ ᠶᠢᠨ ᠶᠠᠪᠣᠳᠠᠯ ᠤᠨ ᠲᠣᠪᠴᠢᠶᠠᠨ ᠤ ᠰᠠᠭᠤᠭᠠᠯᠢ ᠲᠣᠭᠤᠷᠢᠭ ᠵᠡᠷᠭᠡ ᠠᠳᠠᠯ ᠠᠬᠤᠢ ᠶᠢᠨ | ᠬᠠᠮᠢᠶᠠᠷᠤᠯᠲᠠ ᠦᠭᠡᠢ ᠠᠰᠠᠷ ᠲᠤ ︽ᠬᠠᠮᠢᠶᠠᠷᠤᠭᠴᠢ︾ ᠲᠤᠬᠢᠷᠠᠭᠤᠯᠣᠨ᠎ᠠ᠃ ᠪᠣᠯᠪᠠᠰᠤᠨ ᠪᠤᠰᠤ ᠪᠠᠷ ᠨᠣᠬᠠᠶ | ᠲᠡᠵᠢᠭᠡᠬᠦ ᠪᠠ ᠮᠠᠰᠢᠨ ᠲᠡᠷᠭᠡ ᠶᠠᠪᠠᠭᠠᠨ ᠬᠥᠮᠦᠨ ᠳᠤ ᠵᠠᠮ ᠲᠠᠯᠪᠢᠬᠤ ᠦᠭᠡᠢ ᠵᠡᠷᠭᠡ ᠦᠢᠯᠡ ᠠᠵᠢᠯᠯᠠᠭ᠎ᠠ ᠶᠢ ᠴᠢᠩᠭ᠎ᠠ | ᠴᠡᠭᠴᠡᠯᠡᠨ ᠵᠠᠰᠠᠵᠤ᠂ ᠬᠤᠲᠠ ᠲᠣᠭᠤᠷᠢᠭ ᠤᠨ ᠭᠤᠤᠯ ᠵᠡᠭᠡᠯᠢ ᠭᠤᠳᠤᠮᠵᠢ ᠳᠤ 3000 ᠲᠡᠭᠰᠢ ᠳᠥᠷᠪᠡᠯᠵᠢᠨ ᠮᠧᠲᠷ | ᠰᠣᠶᠣᠯ ᠤᠨ ᠬᠡᠷᠡᠮ ᠪᠠᠶᠢᠭᠤᠯᠤᠨ᠂ ᠵᠣᠴᠢᠨᠰᠠᠭ ᠨᠡᠶᠢᠭᠡᠮ ᠲᠣᠭᠤᠷᠢᠭ ᠢ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠨᠡᠶᠢᠭᠡᠮ ᠲᠣᠭᠤᠷᠢᠭ ᠪᠣᠯᠭᠠᠨ ᠪᠠᠶᠢᠭᠤᠯᠵᠤ᠂ ᠡᠯ᠎ᠡ ᠲᠥᠷᠥᠯ ᠤᠨ ᠥᠷᠲᠡᠭᠡ ᠶᠢ 8 ᠪᠠᠶᠢᠭᠤᠯᠤᠨ᠎ᠠ᠃ ᠣᠯᠠᠨ | ᠨᠡᠶᠢᠲᠡ ᠶᠢᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠢᠵᠢ ᠲᠦᠬᠦᠷᠵᠢᠭᠦᠯᠦᠨᠡ᠃ ᠤᠯᠤᠰ ᠤᠨ ᠵᠠᠮ 305 | ᠱᠤᠭᠤᠮ ᠤᠨ ᠯᠢᠨᠳᠦ᠋ᠩ ᠠᠴᠠ ᠪᠣᠷᠤᠤ᠋ᠰᠤ ᠬᠦᠷᠬᠦ ᠬᠡᠰᠡᠭ ᠢ ᠤᠯᠤᠰ ᠤᠨ ︽ᠠᠷᠪᠠᠨ ᠳᠦᠷᠪᠡᠳᠦᠭᠡᠷ ᠲᠠᠪᠤᠨ ᠵᠢᠯ︾ | ᠤᠨ ᠵᠠᠮ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠳᠤ ᠣᠷᠤᠭᠤᠯᠵᠤ᠂ ᠤᠯᠤᠰ ᠤᠨ ᠵᠠᠮ 305 | ᠱᠤᠭᠤᠮ ᠤᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠪᠠ ᠳ᠋ᠠᠪᠠᠨ ᠠᠴᠠ | ᠴᠠᠪᠠ ᠶᠢᠨ ᠲᠠᠯ᠎ᠠ ︵ᠵᠡᠭᠦᠨ ᠬᠤᠰᠢᠭᠤ︶ ᠬᠦᠷᠬᠦ ᠬᠡᠰᠡᠭ ᠤᠨ ᠦᠨᠳᠦᠷ ᠬᠤᠷᠳᠤᠴᠠᠲᠤ ᠵᠠᠰᠠᠮᠠᠯ ᠵᠠᠮ ᠢ ᠪᠠᠶᠢᠭᠤᠯᠵᠤ | ᠲᠡᠷᠭᠡ ᠨᠡᠪᠲᠡᠷᠡᠭᠦᠯᠦᠨ᠂ ᠬᠤᠸᠠᠩ ᠵᠢᠶᠠ ᠶᠢᠩᠽᠢ ᠠᠴᠠ ᠱᠤᠸᠠᠩ ᠵᠢᠩ ᠬᠦᠷᠬᠦ ᠬᠡᠰᠡᠭ ᠤᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ 14 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠦᠯ ᠵᠦᠢᠯ ᠢ ᠪᠦᠬᠦᠨ ᠢ | ᠪᠠᠷᠢᠯᠭ᠎ᠠ ᠳᠠᠭᠤᠰᠬᠠᠨ᠂ ᠱᠠᠩ ᠵᠢᠩ ᠨᠡᠶᠢᠲᠡ ᠪᠠᠷ ᠬᠡᠷᠡᠭᠯᠡᠬᠦ ᠨᠢᠰᠬᠡᠯ ᠤᠨ ᠪᠠᠭᠤᠳᠠᠯ ᠢ ᠠᠰᠢᠭᠯᠠᠯᠲᠠ ᠳᠤ | ᠣᠷᠤᠭᠤᠯᠵᠤ᠂ ᠯᠢᠨ ᠪᠠᠢ ᠲᠡᠮᠦᠷ ᠵᠠᠮ ᠤᠨ ᠲᠥᠷᠦᠯ ᠵᠦᠢᠯ ᠢ ᠪᠦᠬᠦ ᠱᠤᠭᠤᠮ ᠢᠶᠠᠷ ᠠᠵᠢᠯ ᠡᠬᠢᠯᠡᠭᠦᠯᠦᠨ᠂ ᠬᠦᠪ ᠤᠨ | ᠭᠤᠤ ᠤᠰᠤᠨ ᠠᠰᠢᠭᠯᠠᠯᠲᠠ ᠶᠢᠨ ᠭᠤᠣᠯ ᠪᠠᠷᠢᠯᠭ᠎ᠠ ᠶᠢ ᠳᠠᠭᠤᠰᠬᠠᠨ ᠰᠢᠯᠭᠠᠨ ᠠᠪᠤᠨ᠎ᠠ᠃ | ︵ᠨᠠᠢᠮᠠ︶ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ | ᠨᠡᠮᠡᠭᠳᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠎ᠠ᠃ | ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠵᠡᠷᠭᠡ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠦ᠂ ᠵᠡᠭᠦᠨ ᠪᠠᠷᠠᠭᠤᠨ ᠣᠷᠣᠨ ᠤ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢ ᠴᠢᠩᠭᠠᠳᠬᠠᠨ᠂ | ᠬᠤᠲᠠ ᠪᠠᠯᠭᠠᠰᠤᠨ ᠤ ᠠᠵᠢᠯ ᠣᠯᠤᠭᠰᠠᠳ ᠢ 1000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠨᠠᠰᠤᠲᠠᠨ ᠨᠢᠯᠬᠠᠰ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠵᠦ᠂ ᠴᠢᠶᠠᠨ ᠢ | ᠶᠤᠸᠠᠨ ᠡᠷᠡᠭᠦᠯᠵᠢᠯ ᠠᠰᠠᠷᠠᠮᠵᠢ ᠶᠢᠨ ᠲᠥᠪ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠢ ᠳᠡᠭᠡᠭᠰᠢᠯᠡᠭᠦᠯᠦᠨ | ᠬᠥᠭᠵᠢᠭᠦᠯᠬᠦ ᠲᠥᠰᠦᠯ ᠢ ᠨᠡᠶᠢᠲᠡᠯᠡᠵᠦ᠂ ᠯᠢᠨᠳᠦ᠋ᠩ ᠤᠨ ᠳᠦᠷᠪᠡᠳᠦᠭᠡᠷ ᠪᠠᠭ᠎ᠠ ᠰᠣᠷᠭᠠᠭᠤᠯᠢ ᠶᠢᠨ ᠶᠡᠷᠦᠩᠬᠡᠶᠢᠯᠡᠭᠰᠡᠨ | ᠠᠰᠠᠷ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠯᠢᠨᠳᠦ᠋ᠩ ᠤᠨ ᠨᠢᠭᠡᠳᠦᠭᠡᠷ | ᠳᠤᠮᠳᠠᠳᠤ ᠰᠤᠷᠭᠠᠭᠤᠯᠢ ᠪᠠ ᠭᠤᠷᠪᠠᠨ ᠬᠠᠪᠴᠢᠯ ᠳᠤᠮᠳᠠᠳᠤ ᠰᠤᠷᠭᠠᠭᠤᠯᠢ ᠶᠢᠨ ᠠᠵᠢᠯ ᠲᠦᠷᠦᠯ ᠤᠨ ᠰᠢᠰᠲ᠋ᠧᠮ ᠢᠶᠠᠷ | ᠬᠠᠮᠲᠤᠷᠠᠨ ᠠᠵᠢᠯᠯᠠᠬᠤ ᠠᠵᠢᠯᠯᠠᠭ᠎ᠠ ᠶᠢ ᠦᠷᠨᠢᠭᠦᠯᠦᠨ᠎ᠡ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠳᠡᠰ ᠳᠡᠪᠰᠢᠯᠲᠡ ᠶᠢ ᠴᠢᠩᠭ᠎ᠠ ᠠᠳᠬᠤᠵᠤ᠂ ︽ᠬᠤᠶᠠᠷ ᠢ ᠪᠠᠭᠠᠰᠬᠠᠬᠤ︾ | ᠠᠵᠢᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠡᠷᠡᠭᠦᠯ ᠡᠩᠬᠡ ᠵᠡᠭᠦᠨ ᠬᠤᠰᠢᠭᠤᠨ ᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢ | ᠥᠷᠭᠡᠳᠬᠡᠨ ᠪᠠᠶᠢᠭᠤᠯᠬᠤ ᠪᠠ ᠨᠢᠩ ᠰᠢᠨ ᠡᠮᠨᠡᠯᠭᠡ ᠶᠢᠨ ᠬᠤᠷᠢᠶᠠᠨ ᠤ ᠰᠢᠨ᠎ᠡ ᠰᠠᠭᠤᠴᠠ ᠵᠡᠷᠭᠡ ᠲᠥᠷᠥᠯ ᠵᠦᠢᠯ ᠢ | ᠪᠦᠲᠦᠭᠡᠨ ᠪᠠᠶᠢᠭᠤᠯᠵᠤ᠂ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠤ ᠲᠣᠭᠤᠷᠢᠭ ᠢ ᠠᠰᠢᠭᠯᠠᠯᠲᠠ ᠳᠤ | ᠣᠷᠤᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢ ᠨᠠᠷᠢᠯᠢᠭᠵᠢᠭᠤᠯᠤᠨ᠂ ᠡᠮ ᠤᠨ ᠲᠠᠰᠤᠭ ᠪᠠ | ᠡᠮᠴᠢᠯᠡᠭᠡᠨ ᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠢᠨᠠᠨ ᠪᠠᠶᠢᠴᠠᠭᠠᠯᠲᠠ ᠪᠠ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠬᠢᠵᠢᠭ ᠤᠨ ᠪᠠᠶᠢᠳᠠᠯ ᠦᠯᠦ ᠡᠭᠦᠰᠬᠦ ᠬᠤᠷᠢᠭ᠎ᠠ | ᠱᠤᠭᠤᠮ ᠢ ᠪᠠᠲᠤ ᠰᠠᠬᠢᠨ᠎ᠠ᠃ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠤᠲᠠ | ᠲᠣᠭᠤᠷᠢᠭ ᠠᠴᠠ ᠭᠢᠯᠦᠪᠡᠷ ᠵᠤᠤ ᠶᠢᠨ ᠦᠵᠡᠮᠵᠢ ᠶᠢᠨ ᠣᠷᠣᠨ ᠬᠦᠷᠬᠦ ᠬᠠᠭᠠᠰ ᠵᠠᠶᠢᠲᠤ ᠮᠠᠷᠠᠽᠤᠨ ᠤᠷᠤᠯᠳᠤᠭᠠᠨ ᠪᠠ | ᠬᠤᠲᠠ ᠲᠣᠭᠤᠷᠢᠭ ᠠᠴᠠ ᠯᠢᠶᠣᠤ ᠶᠢᠨ ᠳᠡᠭᠡᠳᠦᠰ ᠤᠨ ᠣᠩᠭᠤᠨ ᠬᠦᠷᠬᠦ ᠳᠤᠭᠤᠶ ᠲᠡᠷᠭᠡᠨ ᠤ ᠤᠷᠤᠯᠳᠤᠭᠠᠨ ᠢ | ᠡᠷᠬᠢᠯᠡᠵᠦ᠂ ᠨᠣᠮ ᠤᠨ ᠰᠠᠩ ᠪᠠ ᠰᠣᠶᠣᠯ ᠤᠨ ᠣᠷᠳᠣᠨ ᠢ ᠤᠯᠤᠰ ᠤᠨ ᠬᠤᠶᠠᠳᠤᠭᠠᠷ ᠳᠡᠰ ᠤᠨ ᠣᠷᠳᠣᠨ ᠪᠣᠯᠭᠠᠨ | ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠱᠠᠨ ᠶᠢᠨ ᠬᠤᠩ | ᠯᠢᠩ ᠪᠠ ᠺᠧ ᠷᠠᠨ ᠠᠮᠢᠳᠤ ᠪᠣᠳᠠᠰ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ | ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠡᠷᠡᠮᠵᠢᠯᠡᠭᠦᠯᠵᠦ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ︵ᠶᠢᠰᠦ︶ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠪᠠᠲᠤᠯᠠᠨ᠎ᠠ᠃ | ᠠᠮᠤᠷ ᠠᠮᠤᠭᠤᠯᠠᠩ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠠᠮᠢᠨ ᠬᠡᠷᠡᠭ ᠢ | ᠴᠢᠩᠭ᠎ᠠ ᠰᠡᠷᠭᠡᠶᠢᠯᠡᠨ ᠡᠵᠡᠮᠳᠡᠵᠦ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭᠳᠠᠭᠠᠨ ᠤ ᠶᠠᠪᠤᠳᠠᠯ︾ | ᠤᠨ ᠵᠠᠭᠪᠤᠷ ᠢ ᠠᠬᠢᠭᠤᠯᠤᠨ᠂ ᠴᠠᠭᠳᠠᠭᠠᠨ ᠤ ᠶᠠᠪᠤᠳᠠᠯ ᠤᠨ ᠠᠵᠢᠯ ᠤᠨ ᠦᠢᠯᠡᠴᠢᠯᠡᠭᠡᠨ ᠤ ᠥᠷᠲᠡᠭᠡ ᠪᠠ | ᠲᠤᠤᠷᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠲᠠᠰᠤᠭ ᠢ ᠪᠠᠶᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠵᠠᠰᠠᠭ ᠨᠡᠶᠢᠭᠡᠮ ᠬᠡᠷ ᠰᠤᠷᠭᠠᠭᠤᠯᠢ ᠳᠥᠷᠪᠡᠨ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠲᠠᠢ ᠬᠡᠷ ᠪᠦᠯᠢ᠂ ᠰᠤᠷᠤᠯᠭ᠎ᠠ ᠪᠠᠨ ᠳᠣᠷᠭᠤᠨ ᠵᠣᠭᠰᠣᠭᠰᠠᠨ | ᠰᠣᠷᠣᠭᠴᠢ ᠵᠢᠴᠢ ᠨᠡᠶᠢᠭᠡᠮ ᠳᠡᠭᠡᠷᠡᠬᠢ ᠨᠠᠰᠤᠨ ᠳᠤ ᠦᠯᠦ ᠬᠦᠷᠦᠭᠰᠡᠳ ᠶᠢᠨ ᠨᠠᠷᠢᠨ ᠳᠠᠩᠰᠠ ᠶᠢ ᠪᠦᠷᠢᠨᠰᠢᠭᠦᠯᠦᠨ᠂ | ᠪᠠᠶᠢᠩᠭᠤ ᠶᠢᠨ ᠴᠢᠨᠠᠷᠲᠠᠢ ᠮᠦᠷᠳᠡᠬᠦ᠂ ᠬᠠᠮᠢᠶᠠᠷᠬᠤ ᠵᠢᠴᠢ ᠬᠠᠪᠰᠤᠷᠤᠨ ᠲᠡᠳᠬᠦᠵᠦ᠂ ᠲᠦᠷᠢᠮ ᠲᠣᠭᠲᠠᠭᠠᠯ ᠪᠠ | ᠬᠠᠤᠯᠢ ᠴᠠᠭᠠᠵᠠ ᠶᠢ ᠵᠥᠷᠢᠴᠡᠨ ᠨᠠᠰᠤᠨ ᠳᠤ ᠥᠯᠥ ᠭᠦᠷᠦᠭᠰᠡᠳ ᠢ ᠣᠷᠤᠭᠤᠯᠤᠭᠰᠠᠨ ᠵᠤᠭ᠎ᠠ ᠴᠡᠩᠭᠡᠯ ᠤᠨ | ᠲᠠᠯᠠᠪᠤᠷ ᠢ ᠴᠢᠩᠭ᠎ᠠ ᠬᠠᠮᠢᠶᠠᠷᠤᠨ ᠬᠦᠨᠳᠦ ᠪᠠᠷ ᠲᠣᠷᠭᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠥᠨᠳᠥᠷ ᠳᠠᠷᠤᠯᠲᠠᠲᠤ | ᠪᠠᠶᠢᠳᠠᠯ ᠢ ᠪᠠᠲᠤᠯᠠᠨ᠎ᠠ᠃ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠢ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠲᠠᠮᠠᠬᠠᠶ ᠬᠡᠶ | ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠲᠣᠭᠠᠴᠢᠯᠠᠭᠰᠠᠨ ᠭᠠᠵᠠᠷ ᠤᠨ ᠵᠢᠷᠤᠭ᠂ ᠬᠢᠨᠠᠨ | ᠬᠡᠮᠵᠢᠯᠲᠡ ᠵᠢᠴᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠠᠶᠢᠭᠤᠯᠵᠤ᠂ ᠪᠥᠬᠦ ᠵᠢᠯ ᠳᠤ ᠨᠡᠯᠢᠶᠡᠳ ᠶᠡᠭᠡ ᠵᠢᠴᠢ | ᠲᠡᠭᠦᠨ ᠠᠴᠠ ᠳᠡᠭᠡᠭᠰᠢᠬᠢ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠥᠬᠡᠶ ᠪᠠᠶᠢᠬᠤ ᠶᠢ ᠪᠠᠲᠤᠯᠠᠨ᠎ᠠ᠃ | ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ︽ᠭᠤᠷᠪᠠ ᠶᠢ ᠬᠤᠪᠢᠷᠠᠭᠤᠯᠬᠤ︾㉞ ᠶᠢ ᠨᠠᠶᠢᠳᠠᠪᠤᠷᠢᠵᠢᠭᠤᠯᠵᠤ᠂ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠭᠤᠤᠯᠳᠠᠯᠭ᠎ᠠ ᠲᠠᠢ ᠣᠷᠣᠨ ᠬᠡᠪᠴᠢᠶ᠎ᠡ ᠪᠠ ᠭᠤᠤᠯᠳᠠᠯᠭ᠎ᠠ ᠲᠠᠢ ᠲᠠᠯᠠᠪᠤᠷ ᠤᠨ ᠢᠳᠡᠭᠡᠨ ᠤ ᠠᠮᠤᠷ ᠲᠦᠪᠰᠢᠨ ᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ︽ᠳᠥᠷᠪᠡᠨ ᠬᠠᠮᠤᠭ ᠤᠨ ᠴᠢᠩᠭ᠎ᠠ︾㉟ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠢᠳᠡᠭᠡᠨ ᠤᠮᠳᠠᠭᠠᠨ ᠪᠠ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ | ᠠᠷᠠᠳ ᠤᠨ ᠡᠶᠡᠳᠡᠭᠦᠯᠭᠡ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤᠳᠬᠠᠨ᠎ᠠ᠃ ᠠᠷᠠᠳ ᠤᠨ | ᠡᠶᠡᠳᠡᠭᠦᠯᠭᠡ ᠪᠠ ︽ᠬᠡᠷᠡᠭ ᠢᠶᠠᠷ ᠨᠥᠬᠦᠪᠥᠷᠢ ᠶᠢ ᠲᠣᠭᠲᠠᠭᠠᠬᠤ︾㊱ᠲᠥᠷᠥ ᠶᠢᠨ ᠪᠣᠳᠣᠯᠭ᠎ᠠ ᠶᠢ ᠠᠬᠢᠭᠤᠯᠵᠤ᠂ ︽ | ᠬᠤᠶᠠᠷ ᠭᠠᠵᠠᠷ ᠤᠨ ᠭᠤᠷᠪᠠᠨ ᠬᠠᠮᠲᠤᠪᠠᠷ︾㊲ ᠤᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ᠂ ᠠᠷᠠᠳ ᠤᠨ | ᠡᠶᠡᠳᠡᠭᠦᠯᠭᠡ ᠶᠢᠨ ᠬᠡᠷᠡᠭ ᠤᠨ ᠠᠮᠵᠢᠯᠲᠠ ᠣᠯᠤᠭᠰᠠᠨ ᠨᠣᠷᠮ᠎ᠠ ᠶᠢ 98 % ᠠᠴᠠ ᠳᠡᠭᠡᠭᠰᠢ ᠪᠣᠯᠭᠠᠨ᠎ᠠ᠃ ᠵᠠᠬᠢᠳᠠᠯ | ᠰᠣᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠵᠢᠯ ᠢ ᠭᠦᠨᠵᠡᠭᠡᠶᠢᠷᠡᠭᠦᠯᠦᠨ᠎ᠡ᠃ ᠵᠠᠬᠢᠳᠠᠯ ᠰᠣᠷᠪᠤᠯᠵᠢᠯᠠᠯ ᠤᠨ | ᠳᠠᠷᠤᠭᠳᠠᠮᠠᠯ ᠬᠡᠷᠡᠭ ᠢ ᠰᠢᠢᠳᠪᠦᠷᠢᠯᠡᠬᠦ ᠨᠣᠷᠮ᠎ᠠ ᠶᠢ 80 % ᠳᠤ ᠬᠦᠷᠭᠡᠵᠦ᠂ 5 ᠬᠦᠮᠦᠨ ᠠᠴᠠ ᠳᠡᠭᠡᠭᠰᠢ | ᠬᠠᠮᠲᠤᠷᠠᠨ ᠪᠡᠭᠡᠵᠢᠩ ᠳᠤ ᠣᠴᠢᠵᠤ ᠰᠣᠷᠪᠤᠯᠵᠢᠯᠠᠯ ᠬᠢᠬᠦ ᠶᠢ ᠡᠷᠡᠰ ᠬᠤᠷᠢᠭᠯᠠᠵᠤ᠂ ᠬᠤᠪᠢ ᠬᠥᠮᠦᠨ ᠤ ᠱᠠᠲᠤ | ᠠᠯᠤᠰᠯᠠᠨ ᠪᠡᠭᠡᠵᠢᠩ ᠪᠠ ᠬᠦᠬᠡᠬᠤᠲᠠ ᠳᠤ ᠣᠴᠢᠵᠤ ᠰᠣᠷᠪᠤᠯᠵᠢᠯᠠᠯ ᠬᠢᠬᠦ ᠶᠢ ᠴᠢᠩᠭ᠎ᠠ ᠰᠡᠷᠭᠡᠶᠢᠯᠡᠨ᠎ᠡ᠃ | ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ 3 ᠶᠢ ᠡᠭᠦᠳᠦᠨ᠎ᠡ᠃ |