ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠳᠠᠪᠤ︶
ᠨᠡᠶᠢᠲᠡᠯᠡᠭᠰᠡᠨ ᠴᠠᠭ᠄
2022/1/17
      ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ       ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃       ︵ᠨᠢᠭᠡ︶ ᠦᠨᠡᠨᠴᠢ ᠰᠢᠳᠤᠷᠭᠤ ᠶᠢ ᠡᠷᠬᠢᠮᠯᠡᠵᠦ᠂ ᠠᠷᠠᠳ ᠤᠨ  ᠲᠦᠯᠦᠭᠡ ᠦᠢᠯᠡᠴᠢᠯᠡᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠵᠠᠰᠠᠭ ᠪᠠᠷᠢᠬᠤ ᠪᠠ ᠠᠷᠠᠳ ᠲᠦᠮᠡᠨ ᠳᠤ ᠦᠢᠯᠡᠴᠢᠯᠡᠬᠦ ᠣᠭ ᠵᠣᠷᠢᠯᠲᠠ ᠪᠠᠨ ᠪᠠᠲᠤ ᠴᠡᠭᠡᠵᠢᠯᠡᠨ᠂ ᠪᠥᠬᠦ ᠬᠦᠴᠦᠨ ᠢᠶᠠᠷ ᠢᠶᠠᠨ ᠣᠯᠠᠨ ᠲᠦᠮᠡᠨ ᠳᠤ ᠰᠠᠶᠢᠨ ᠶᠠᠪᠤᠳᠠᠯ ᠪᠠ ᠪᠣᠳᠠᠲᠤ ᠶᠠᠪᠤᠳᠠᠯ ᠬᠢᠵᠦ ᠥᠭᠭᠦᠨ᠎ᠡ᠃      ︵ᠬᠤᠶᠠᠷ︶ ᠬᠠᠤᠯᠢ ᠪᠠᠷ ᠵᠠᠰᠠᠬᠤ ᠶᠢ ᠡᠷᠬᠢᠮᠯᠡᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠪᠦᠷᠢᠨᠰᠢᠬᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠪᠦᠳᠠᠷᠢᠵᠢᠭᠤᠯᠤᠨ᠂ ᠠᠷᠠᠳ ᠤᠨ ᠰᠢᠭᠦᠬᠦ ᠬᠤᠷᠢᠶ᠎ᠠ ᠶᠢᠨ ᠬᠦᠴᠦᠨ ᠪᠦᠬᠦᠢ ᠰᠢᠭᠦᠨ ᠲᠠᠰᠤᠯᠤᠯᠲᠠ ᠶᠢ ᠲᠦᠷᠦᠭᠦᠯᠡᠨ ᠬᠦᠨᠳᠦᠳᠬᠡᠬᠦ ᠶᠢᠨ ᠬᠠᠮᠲᠤ ᠭᠦᠢᠴᠡᠳᠬᠡᠵᠦ ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠨ᠎ᠠ᠃ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠳᠬᠠᠨ᠂ ᠠᠮᠠᠯᠠᠯᠲᠠ ᠪᠠᠨ ᠪᠠᠲᠤ  ᠰᠠᠬᠢᠵᠤ᠂ ᠠᠮᠠᠯᠠᠭᠰᠠᠨ ᠢᠶᠠᠨ ᠵᠠᠪᠠᠯ ᠦᠢᠯᠡᠳᠦᠯᠭᠡᠵᠢᠭᠦᠯᠬᠦ ᠪᠠ ᠠᠮᠠᠯᠠᠭᠰᠠᠨ ᠢᠶᠠᠨ ᠵᠠᠪᠠᠯ ᠪᠡᠶᠡᠯᠡᠭᠦᠯᠵᠦ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠳᠠᠯ ᠶᠠᠭᠠᠬᠢᠭᠰᠠᠨ ᠴᠤ ᠭᠠᠷᠭᠠᠬᠤ ᠦᠭᠡᠢ᠃ ᠴᠢᠬᠤᠯᠠ ᠶᠡᠭᠡ ᠬᠡᠷᠡᠭ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠪᠠ ᠤᠯᠤᠰ ᠲᠦᠷᠦ ᠶᠢᠨ ᠵᠥᠪᠯᠡᠯᠭᠡᠨ ᠳᠤ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠰᠠᠶᠢᠲᠤᠷ ᠪᠡᠶᠡᠯᠡᠭᠦᠯᠦᠨ᠎ᠡ᠃      ︵ᠭᠤᠷᠪᠠ︶ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠦᠷ᠎ᠡ ᠪᠦᠲᠦᠮᠵᠢᠲᠦ ᠵᠠᠰᠠᠭ ᠤᠨ ᠣᠷᠳᠣᠨ ᠢ ᠪᠠᠶᠢᠭᠤᠯᠤᠨ᠎ᠠ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠵᠤᠷᠰᠢᠯ ᠢ ᠡᠪᠳᠡᠵᠦ᠂ ᠬᠤᠪᠢᠷᠠᠯᠲᠠ ᠶᠢ ᠡᠷᠢᠯᠬᠢᠯᠡᠨ ᠰᠢᠪᠲᠤᠯᠤᠯᠲᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠂ ᠯᠠᠪᠳᠠᠭᠤᠨ ᠪᠠᠲᠤᠲᠠᠢ ᠪᠠᠷ ᠠᠵᠢᠯ ᠢᠶᠠᠨ ᠠᠬᠢᠭᠤᠯᠤᠨ᠎ᠠ᠃ ᠬᠠᠷᠢᠭᠤᠴᠠᠯᠭ᠎ᠠ ᠪᠠᠨ ᠣᠶᠢᠯᠠᠭᠠᠵᠤ ᠮᠡᠳᠡᠬᠦ ᠪᠠ ᠬᠠᠷᠢᠭᠤᠴᠠᠯᠭ᠎ᠠ ᠪᠠᠨ ᠡᠭᠦᠷᠭᠡᠯᠡᠵᠦ ᠭᠦᠢᠴᠡᠳᠬᠡᠬᠦ ᠵᠣᠷᠢᠭ ᠰᠠᠨᠠᠭ᠎ᠠ ᠶᠢ ᠶᠡᠭᠡ ᠪᠠᠷ ᠰᠠᠨᠠᠭᠠᠴᠢᠯᠠᠵᠤ᠂ ᠠᠳᠠᠯᠢᠳᠬᠠᠨ ᠰᠤᠷᠤᠯᠴᠠᠵᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠠᠵᠢᠯ ᠬᠢᠵᠦ  ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠵᠠᠰᠠᠵᠤ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠳᠡᠭ ᠨᠦᠬᠦᠷ ᠢ ᠵᠤᠷᠢᠭᠵᠢᠭᠤᠯᠤᠨ ᠳᠡᠮᠵᠢᠵᠦ᠂ ᠵᠣᠷᠢᠭᠲᠠᠢ ᠬᠠᠷᠢᠭᠤᠴᠠᠳᠠᠭ ᠨᠦᠬᠦᠷ ᠲᠤ ᠬᠠᠷᠢᠭᠤᠴᠠᠨ᠂ ᠵᠠᠰᠠᠭ ᠤᠨ ᠣᠷᠳᠣᠨ ᠤ ᠠᠵᠢᠯ ᠤᠨ ᠬᠤᠷᠳᠤᠴᠠ ᠶᠢ ᠲᠦᠷᠭᠡᠳᠬᠡᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃      ︵ᠳᠦᠷᠪᠡ︶  ᠲᠦᠪ ᠴᠢᠬᠡᠴᠢ ᠶᠢ ᠡᠷᠬᠢᠮᠯᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ᠂ ᠲᠥᠪ ᠤᠨ ᠨᠠᠢᠮᠠᠨ ᠵᠣᠷᠪᠤᠰ ᠲᠣᠭᠲᠠᠭᠠᠯ ᠪᠠ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠲᠦᠪ ᠴᠢᠭᠡᠴᠢ ᠤᠯᠤᠰ ᠲᠥᠷᠦ ᠶᠢᠨ ᠠᠮᠢ ᠠᠬᠤᠢ ᠶᠢ ᠪᠤᠢ ᠪᠣᠯᠭᠠᠨ᠎ᠠ᠃ ᠡᠩ ᠤᠨ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠡᠳ᠋ ᠤᠨ ᠵᠠᠰᠠᠭ ᠤᠨ ᠨᠡᠩ ᠤᠯᠠᠨ ᠪᠡᠯᠡ ᠮᠥᠩᠭᠦ ᠶᠢ ᠠᠵᠤ ᠦᠢᠯᠡᠰ ᠢ ᠬᠦᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠢᠴᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠳᠤ ᠬᠡᠷᠡᠭᠯᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ  ᠵᠢᠴᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠢᠯᠡ ᠲᠣᠳᠣ ᠵᠠᠰᠠᠭ ᠤᠨ ᠶᠠᠪᠤᠳᠠᠯ︾ ᠢ ᠪᠤᠢ ᠪᠣᠯᠭᠠᠨ᠎ᠠ᠃       ᠲᠥᠯᠥᠭᠡᠯᠡᠭᠴᠢᠳ ᠡ︕ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂  ᠡᠷᠡᠮᠡᠬᠡᠶᠢᠯᠡᠨ ᠤᠷᠤᠭᠰᠢᠯᠠᠵᠤ᠂ ᠵᠣᠷᠢᠭᠲᠠᠶ ᠪᠠᠷ ᠰᠢᠨ᠎ᠡ ᠪᠠᠶᠢᠳᠠᠯ ᠢ ᠨᠡᠭᠡᠭᠡᠨ᠂ ︽ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ︾ ᠭᠡᠬᠦ ᠵᠣᠷᠢᠭ ᠰᠠᠨᠠᠭ᠎ᠠ ᠪᠠ ︽ᠠᠮᠵᠢᠯᠲᠠ ᠤᠯᠬᠤ ᠳᠤ ᠯᠠᠪᠲᠠᠶ ᠪᠢ ᠪᠠᠶᠢᠬᠤ︾ ᠲᠡᠦᠬᠡᠨ ᠡᠭᠦᠷᠭᠡᠯᠡᠯ ᠢᠶᠠᠷ᠂ ᠰᠢᠨ᠎ᠡ ᠠᠶᠠᠨ ᠵᠠᠮ ᠳᠤ ᠴᠠᠭ ᠦᠶ᠎ᠡ ᠪᠠ ᠠᠷᠠᠳ ᠲᠦᠮᠡᠨ ᠳᠤ ᠣᠰᠤᠯᠳᠠᠯ ᠦᠭᠡᠢ᠂ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ ᠨᠡᠷᠡᠰ ᠤᠨ ᠲᠠᠶᠢᠯᠪᠦᠷᠢ1. ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠄ ᠪᠤᠬᠢᠷᠳᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ  ᠤ ᠭᠠᠵᠠᠷ ᠣᠷᠤᠨ ᠤ ᠲᠡᠮᠳᠡᠭ ᠤᠨ ᠶᠡᠷᠦᠩᠬᠡᠢ ᠨᠡᠷᠡᠶᠢᠳᠦᠯ ᠪᠤᠯᠤᠨ᠎ᠠ᠃2. ︽ᠮᠧᠩ︾ ᠦᠰᠦᠭ ᠤᠨ ᠲᠡᠮᠳᠡᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠪᠦᠰᠡ  ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠃ ︽ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ + ᠴᠢᠩᠭ᠎ᠠ ᠬᠢᠨᠠᠯᠲᠠ ᠬᠠᠮᠢᠶᠠᠷᠤᠯᠲᠠ + ᠰᠢᠯᠢᠳᠡᠭ ᠦᠢᠯᠡᠴᠢᠯᠡᠭᠡ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠥᠬᠦ ᠤᠯᠤᠰ ᠪᠠ ᠪᠦᠬᠦ ᠳᠡᠯᠡᠬᠡᠶ ᠳᠤ ᠬᠠᠨᠳᠤᠭᠤᠯᠤᠭᠰᠠᠨ ᠰᠢᠨ᠎ᠡ ᠶᠢ ᠡᠭᠦᠳᠬᠦ ᠠᠵᠢᠯᠯᠠᠭ᠎ᠠ᠃3. ︽ᠲᠠᠪᠤᠨ ᠬᠡᠯᠬᠢᠶ᠎ᠡ ᠶᠢ ᠨᠢᠭᠡᠳᠦᠯᠲᠡᠶ ᠲᠥᠯᠥᠪᠯᠡᠬᠦ︾ ᠶᠠᠳᠠᠭᠤ ᠶᠢ ᠲᠡᠳᠬᠦᠬᠦ ᠵᠠᠭᠪᠤᠷ᠄ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠦᠢᠯᠡᠳᠬᠦᠨ ᠢ ᠰᠤᠳᠤᠯᠤᠨ ᠨᠡᠭᠡᠭᠡᠬᠦ᠂ ᠨᠠᠷᠠᠲᠤ ᠲᠡᠮᠳᠡᠭᠲᠦ ᠶᠢ ᠡᠭᠦᠳᠬᠦ᠂ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠵᠢᠴᠢ ᠨᠠᠮ ᠤᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠵᠡᠷᠭᠡ ᠲᠠᠪᠤᠨ ᠲᠠᠯ᠎ᠠ ᠪᠠᠷ ᠳᠠᠮᠵᠢᠭᠤᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠠᠬᠢᠭᠤᠯᠤᠨ᠎ᠠ᠃4. ︽ᠭᠤᠷᠪᠠᠨ ᠲᠣᠭᠤᠷᠢᠭ ᠭᠤᠷᠪᠠᠨ ᠱᠤᠭᠤᠮ︾᠄ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠢ ᠭᠤᠷᠪᠠᠨ ᠵᠦᠢᠯ ᠤᠨ ᠣᠷᠤᠨ ᠵᠠᠢ ᠶᠢ ᠦᠨᠳᠦᠰᠦᠯᠡᠵᠦ᠂ ᠲᠤᠰ ᠲᠤᠰ ᠲᠡᠭᠦᠨ ᠲᠠᠢ ᠬᠠᠷᠠᠭᠠᠯᠵᠠᠭᠰᠠᠨ ᠬᠤᠲᠠ ᠪᠠᠯᠭᠠᠰᠤ ᠶᠢᠨ ᠬᠢᠯᠢ ᠶᠢᠨ ᠵᠠᠭᠠᠭ᠂ ᠦᠨᠳᠦᠰᠦᠨ ᠲᠠᠷᠢᠶᠠᠯᠠᠩ ᠤᠨ ᠬᠠᠮᠠᠭᠠᠯᠠᠯᠲᠠ ᠶᠢᠨ ᠱᠤᠭᠤᠮ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠱᠤᠭᠤᠮ ᠵᠡᠷᠭᠡ ᠭᠤᠷᠪᠠᠨ ᠬᠤᠷᠢᠭᠯᠠᠯᠲᠠ ᠶᠢᠨ ᠱᠤᠭᠤᠮ ᠢ ᠬᠡᠯᠡᠨ᠎ᠡ᠃5. ︽ᠬᠤᠶᠠᠷ ᠢ ᠬᠤᠪᠢᠷᠠᠭᠤᠯᠵᠤ ᠬᠤᠶᠠᠷ ᠢ ᠨᠦᠬᠦᠪᠦᠷᠢᠯᠡᠬᠦ︾᠄ ︽ᠬᠤᠶᠠᠷ ᠢ ᠬᠤᠪᠢᠷᠠᠭᠤᠯᠬᠤ︾ ᠭᠡᠳᠡᠭ ᠨᠢ ᠲᠤᠷᠰᠢᠯᠲᠠ ᠶᠢᠨ ᠭᠠᠴᠠᠭᠠᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠪᠠ ᠦᠢᠯᠡᠳᠪᠦᠷᠢᠯᠡᠯ ᠤᠨ ᠬᠦᠭᠵᠢᠯᠲᠡ ᠶᠢᠨ ᠵᠠᠭᠪᠤᠷ ᠢ ᠬᠤᠪᠢᠷᠠᠭᠤᠯᠬᠤ ᠶᠢ ᠬᠡᠯᠡᠨ᠎ᠡ︔ ︽ᠬᠤᠶᠠᠷ ᠢ ᠨᠦᠬᠦᠪᠦᠷᠢᠯᠡᠬᠦ︾ ᠭᠡᠳᠡᠭ ᠨᠢ ᠠᠮᠢ ᠠᠬᠤᠢ ᠶᠢᠨ ᠨᠦᠬᠦᠪᠦᠷᠢ ᠪᠠ ᠠᠵᠤ ᠦᠢᠯᠡᠰ ᠤᠨ ᠨᠦᠬᠦᠪᠦᠷᠢ ᠶᠢ ᠵᠢᠭᠠᠵᠤ ᠪᠠᠶᠢᠨ᠎ᠠ᠃6. ᠵᠠᠬᠢᠳᠠᠯ ᠰᠣᠷᠪᠤᠯᠵᠢᠯᠠᠯ ᠤᠨ ︽ᠭᠤᠷᠪᠠᠨ ᠨᠤᠷᠮ᠎ᠠ︾᠄ ᠵᠠᠬᠢᠳᠠᠯ ᠰᠣᠷᠪᠤᠯᠵᠢᠯᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠨᠤᠷᠮ᠎ᠠ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠵᠠᠷᠭᠤ ᠶᠢ ᠨᠠᠮᠳᠠᠭᠠᠵᠤ ᠰᠣᠷᠪᠤᠯᠵᠢᠯᠠᠯ ᠢ ᠵᠣᠭᠰᠣᠭᠠᠬᠤ ᠨᠤᠷᠮ᠎ᠠ᠃7. 12345  ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠭᠤᠷᠪᠠᠨ ᠨᠣᠷᠮ᠎ᠠ︾᠄  ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠭᠦᠢᠴᠡᠳᠬᠡᠭᠰᠡᠨ ᠨᠣᠷᠮ᠎ᠠ᠂ ᠬᠠᠨᠤᠮᠵᠢ ᠶᠢᠨ ᠬᠡᠮᠵᠢᠶ᠎ᠡ᠃8. ︽ᠰᠢᠷᠣᠢ ᠶᠢ ᠤᠷᠢᠳᠠᠪᠠᠷ ᠮᠠᠯᠲᠠᠵᠤ︾ ᠳᠤᠲᠠᠭᠤ ᠪᠠᠶᠢᠬᠤ ᠶᠢ ᠵᠦᠪᠰᠢᠶᠡᠷᠡᠨ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ᠄  ᠬᠠᠷᠠᠭᠠᠯᠵᠠᠭᠰᠠᠨ ᠨᠥᠬᠦᠴᠡᠯ ᠢ ᠪᠦᠷᠢᠯᠳᠦᠭᠦᠯᠦᠭᠰᠡᠨ ᠲᠥᠷᠥᠯ ᠵᠦᠢᠯ ᠨᠢ ᠰᠢᠷᠤᠢ ᠮᠠᠯᠲᠠᠬᠤ ᠠᠵᠢᠯ ᠢᠶᠠᠨ ᠤᠷᠢᠳᠴᠢᠯᠠᠨ ᠬᠢᠵᠦ᠂ ᠪᠠᠷᠢᠯᠭ᠎ᠠ ᠢᠶᠠᠨ ᠡᠬᠢᠯᠡᠭᠦᠯᠦᠨ᠂ ᠵᠥᠪᠰᠢᠶᠡᠷᠡᠯ ᠤᠨ ᠦᠨᠡᠮᠯᠡᠯ ᠣᠯᠤᠭᠰᠠᠨ ᠤ ᠳᠠᠷᠠᠭ᠎ᠠ ᠰᠠᠭᠤᠷᠢ ᠲᠠᠯᠪᠢᠬᠤ ᠪᠠ ᠰᠠᠭᠤᠷᠢ ᠠᠵᠢᠯ ᠢᠶᠠᠨ ᠬᠢᠵᠦ ᠪᠣᠯᠤᠨ᠎ᠠ᠃9. ᠠᠯᠠᠰᠢᠨ ᠦᠬᠡᠷ ᠤᠨ ᠠᠵᠤ ᠦᠢᠯᠡᠰ ᠤᠨ ︽ᠨᠠᠶᠢᠳᠠᠨ ᠲᠡᠵᠢᠭᠡᠯᠭᠡᠵᠦ ᠦᠷᠡᠵᠢᠭᠦᠯᠬᠦ︾ ᠲᠥᠷᠥ ᠶᠢᠨ ᠪᠣᠳᠣᠯᠭ᠎ᠠ ᠄ ᠲᠡᠵᠢᠭᠡᠨ ᠦᠷᠡᠵᠢᠭᠦᠯᠬᠦ ᠬᠦᠰᠡᠯ ᠡᠷᠡᠮᠡᠯᠵᠡᠯ ᠲᠠᠢ ᠪᠠ ᠴᠢᠳᠠᠪᠤᠷᠢ ᠲᠠᠢ ᠦᠬᠡᠷ ᠥᠬᠡᠶ ᠡᠷᠦᠬᠡ ᠳᠤ᠂ ᠰᠤᠮᠤ ᠰᠢᠶᠠᠩ ᠪᠠᠯᠭᠠᠰᠤ ᠠᠴᠠ ᠭᠠᠴᠠᠭ᠎ᠠ ᠲᠣᠰᠬᠤᠨ ᠢᠶᠠᠷ ᠨᠢᠭᠡᠴᠡ ᠪᠣᠯᠭᠠᠨ ᠵᠣᠬᠢᠬᠤ ᠨᠠᠰᠤᠨ ᠤ ᠡᠬᠡ ᠮᠠᠯ ᠬᠤᠳᠠᠯᠳᠤᠨ ᠠᠪᠴᠤ ᠨᠠᠶᠢᠳᠠᠨ ᠲᠡᠵᠢᠭᠡᠯᠭᠡᠨ᠎ᠡ᠂ ᠨᠠᠶᠢᠳᠠᠨ ᠲᠡᠵᠢᠭᠡᠯᠭᠡᠬᠦ ᠡᠷᠦᠬᠡ ᠵᠢᠯ ᠪᠦᠷᠢ ᠠᠰᠢᠭ ᠣᠷᠣᠯᠭ᠎ᠠ ᠶᠢᠨ ᠪᠠᠯᠠ ᠮᠥᠩᠭᠦ ᠲᠤᠰᠢᠶᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠨᠢᠭᠡᠳᠦᠯᠲᠡᠶ ᠲᠥᠯᠥᠪᠯᠡᠨ ᠠᠯᠠᠰᠢᠨ ᠦᠬᠡᠷ ᠤᠨ ᠠᠵᠤ ᠦᠢᠯᠡᠰ ᠤᠨ ᠱᠠᠩᠨᠠᠯ ᠨᠥᠬᠦᠪᠥᠷᠢ ᠳᠤ ᠬᠡᠷᠡᠭᠯᠡᠨ᠎ᠡ᠃ ᠭᠤᠷᠪᠠᠨ ᠵᠢᠯ ᠤᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠨᠠᠶᠢᠳᠠᠨ ᠲᠡᠵᠢᠭᠡᠯᠭᠡᠭᠰᠡᠨ ᠡᠷᠦᠬᠡ ᠠᠴᠠ ᠲᠡᠩᠴᠡᠭᠦᠦ ᠥᠷᠲᠡᠭ ᠪᠦᠬᠦᠢ ᠡᠬᠡ ᠮᠠᠯ ᠪᠤᠶᠤ ᠪᠠᠯᠠ ᠮᠥᠩᠭᠦ ᠶᠢ ᠪᠤᠴᠠᠭᠠᠨ ᠥᠭᠴᠦ᠂ ᠰᠤᠮᠤ ᠰᠢᠶᠠᠩ ᠪᠠᠯᠭᠠᠰᠤ ᠠᠴᠠ ᠨᠢᠭᠡᠳᠦᠯᠲᠡᠶ ᠲᠥᠯᠥᠪᠯᠡᠨ ᠪᠤᠰᠤᠳ ᠭᠠᠴᠠᠭ᠎ᠠ ᠲᠣᠰᠬᠤᠨ ᠳᠤ ᠳᠣᠭᠢᠷᠠᠭᠤᠯᠤᠨ᠎ᠠ᠃10. ︽ᠳᠥᠷᠪᠡᠨ ᠲᠤᠰᠬᠠᠶ︾ ᠬᠠᠮᠢᠶᠠᠷᠤᠯᠲᠠ ᠶᠢᠨ ᠵᠠᠭᠪᠤᠷ᠄  ᠵᠠᠬ᠎ᠠ ᠳᠡᠯᠭᠡᠭᠦᠷ ᠤᠨ ᠭᠦᠢᠯᠭᠡᠭᠡᠨ ᠤ ᠪᠠᠲᠤᠯᠠᠭ᠎ᠠ ᠶᠢᠨ ᠲᠤᠰᠬᠠᠶ ᠳᠤᠭᠤᠶᠢᠯᠠᠩ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠦᠯᠳᠡᠭᠦᠦ ᠢᠳᠡᠭᠡᠨ ᠪᠠ ᠪᠤᠰᠤᠳ ᠡᠳ᠋ ᠪᠣᠳᠠᠰ ᠢ ᠨᠢᠭᠡᠲᠦᠯᠲᠡᠢ ᠬᠢᠨᠠᠨ ᠬᠠᠮᠢᠶᠠᠷᠬᠤ ᠲᠤᠰᠬᠠᠶ ᠬᠥᠮᠥᠷᠭᠡ᠂ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ ᠳᠤ ︽ᠬᠤᠷᠢᠨ ᠳᠥᠷᠪᠡᠨ ᠴᠠᠭ︾ ᠢᠶᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠲᠤᠰᠬᠠᠶ ᠠᠩᠭᠢ ᠪᠠ ᠲᠤᠰᠬᠠᠶ ᠪᠠᠯᠠ ᠮᠥᠩᠭᠦ᠃11. ︽ᠭᠤᠷᠪᠠᠨ ᠲᠥᠷᠥᠯ︾ ᠤᠨ ᠬᠥᠮᠦᠰ᠄ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠡᠭᠦᠰᠦᠭᠰᠡᠨ ᠣᠨᠴᠠ ᠬᠦᠴᠢᠷᠳᠡᠯᠲᠡᠶ ᠡᠷᠦᠬᠡ᠃12. ︽ᠬᠤᠶᠠᠷ ᠠᠩᠭᠢ ᠨᠢᠭᠡ ᠲᠠᠰᠤᠭ︾᠄ ᠳᠠᠷᠤᠶ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠩᠭᠢ ᠪᠠ ᠬᠡᠷᠡᠭ ᠢ ᠰᠢᠢᠳᠪᠦᠷᠢᠯᠡᠬᠦ ᠠᠩᠭᠢ ᠵᠢᠴᠢ ᠶᠡᠷᠦᠩᠬᠡᠶᠢᠯᠡᠭᠰᠡᠨ ᠵᠢᠯᠣᠭᠤᠳᠬᠤ ᠲᠠᠰᠤᠭ ᠢ ᠵᠢᠭᠠᠵᠤ ᠪᠠᠶᠢᠨ᠎ᠠ᠃13. ︽ᠬᠠᠤᠯᠢ ᠴᠠᠭᠠᠵᠠ ᠶᠢ ᠵᠢᠷᠭᠤᠭ᠎ᠠ ᠳᠤ ᠬᠦᠷᠭᠡᠬᠦ︾ ᠠᠵᠢᠯ᠄ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠴᠠᠭᠠᠵᠠ ᠶᠢ ᠠᠯᠪᠠᠨ ᠪᠠᠶᠢᠭᠤᠯᠭ᠎ᠠ᠂ ᠬᠥᠳᠡᠭᠡ ᠲᠣᠰᠬᠤᠨ ᠂ ᠨᠡᠶᠢᠭᠡᠮ ᠲᠣᠭᠤᠷᠢᠭ ᠂ ᠰᠤᠷᠭᠠᠭᠤᠯᠢ᠂ ᠠᠵᠤ ᠠᠬᠤᠶᠢᠯᠠᠯ ᠵᠢᠴᠢ ᠨᠢᠭᠡᠴᠡ ᠳᠤ ᠬᠦᠷᠭᠡᠬᠦ ᠶᠢ ᠵᠢᠭᠠᠵᠤ ᠪᠠᠶᠢᠨ᠎ᠠ᠃14.  ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠵᠢᠴᠢ ︽ᠨᠢᠭᠡ ᠪᠠᠬᠢᠯᠡᠯᠲᠡ︾᠄ ︽ᠬᠤᠶᠠᠷ ᠬᠠᠯᠬᠠᠪᠴᠢ︾ ᠭᠡᠳᠡᠭ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠵᠢᠭᠠᠵᠤ ᠪᠣᠶ︔ ︽ᠬᠤᠶᠠᠷ ᠰᠠᠭᠤᠷᠢᠨ ᠭᠠᠵᠠᠷ︾ ᠭᠡᠳᠡᠭ ᠨᠢ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠵᠢᠭᠠᠵᠤ ᠪᠠᠶᠢᠨ᠎ᠠ︔ ︽ᠨᠢᠭᠡ ᠪᠠᠬᠢᠯᠡᠯᠲᠡ︾ ᠭᠡᠳᠡᠭ ᠨᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠵᠢᠭᠠᠵᠤ ᠪᠠᠶᠢᠨ᠎ᠠ᠃15. ︽ᠲᠠᠪᠤᠨ ᠪᠠᠶᠢᠷᠢ ᠲᠣᠭᠲᠠᠭᠠᠯᠲᠠ︾᠄ ︽ᠲᠠᠪᠤᠨ ᠪᠠᠶᠢᠷᠢ ᠲᠣᠭᠲᠠᠭᠠᠯᠲᠠ︾ ᠭᠡᠳᠡᠭ ᠨᠢ ᠤᠯᠠᠭᠠᠨᠬᠠᠳᠠ ᠬᠤᠲᠠ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠤᠳᠠᠰ ᠤᠨ ᠭᠦᠢᠯᠭᠡᠭᠡᠨ ᠤ ᠭᠤᠣᠯ ᠬᠤᠲᠠ᠂ ᠤᠯᠤᠰ ᠤᠨ ᠣᠨᠴᠠᠯᠢᠭᠲᠤ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠵᠢᠴᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠵᠢᠭᠠᠵᠤ ᠪᠠᠶᠢᠨ᠎ᠠ᠃16. ︽ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ︾᠄ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠡᠨᠧᠷᠭᠢ᠂ ᠠᠮᠤ ᠪᠤᠳᠠᠭ᠎ᠠ ᠵᠢᠴᠢ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠨ᠂ ᠤᠯᠤᠰ ᠠᠴᠠ ᠡᠷᠬᠢᠨ ᠲᠣᠭᠤᠷᠢᠨ ᠤ ᠪᠠ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠪᠣᠳᠤᠯᠬᠢᠯᠠᠬᠤ ᠳᠤ ᠦᠢᠯᠡᠴᠢᠯᠡᠵᠦ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠨ᠎ᠠ᠃17.  ︽ᠤᠯᠠᠭᠠᠨᠬᠠᠳᠠ ᠬᠤᠲᠠ ᠶᠢᠨ ︿1 + 4 + N﹀ ᠲᠥᠷᠥ ᠶᠢᠨ ᠪᠣᠳᠣᠯᠭ᠎ᠠ︾᠄ ᠤᠯᠠᠭᠠᠨᠬᠠᠳᠠ ᠬᠤᠲᠠ ︽ᠲᠠᠪᠤᠨ ᠪᠠᠶᠢᠷᠢ ᠲᠣᠭᠲᠠᠭᠠᠯᠲᠠ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠢᠵᠢ ᠪᠥᠷᠢᠳᠦᠭᠦᠯᠦᠨ ᠲᠣᠭᠲᠠᠭᠠᠭᠰᠠᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠤᠨ᠎ᠠ᠃18. ︽ᠵᠢᠷᠭᠤᠭᠠᠨ ᠤᠯᠠᠭᠠᠨᠬᠠᠳᠠ︾᠂ ︽ᠵᠢᠷᠭᠤᠭᠠᠨ ᠲᠠᠯ᠎ᠠ ᠪᠠᠷ ᠬᠦᠴᠦᠯᠡᠬᠦ︾  ᠄ ︽ᠵᠢᠷᠭᠤᠭᠠᠨ ᠤᠯᠠᠭᠠᠨᠬᠠᠳᠠ︾ ᠪᠣᠯ ᠪᠣᠬᠢᠷᠲᠤᠯ ᠦᠭᠡᠢ᠂ ᠰᠢᠨ᠎ᠡ ᠶᠢ ᠡᠭᠦᠳᠬᠦ᠂ ᠨᠡᠭᠡᠭᠡᠯᠲᠡ ᠲᠠᠢ᠂ ᠬᠠᠤᠯᠢ ᠳᠦᠷᠢᠮᠲᠦ᠂ ᠡᠶ᠎ᠡ ᠵᠣᠬᠢᠴᠠᠯ ᠲᠠᠢ᠂ ᠠᠷᠢᠭᠤᠨ ᠴᠢᠬᠡᠴᠢ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠪᠣᠯᠤᠨ᠎ᠠ᠃ ︽ᠵᠢᠷᠭᠤᠭᠠᠨ ᠲᠠᠯ᠎ᠠ ᠪᠠᠷ ᠬᠦᠴᠦᠯᠡᠬᠦ︾ ᠪᠣᠯ ᠠᠮᠢ ᠠᠬᠤᠶ ᠶᠢ ᠰᠢᠯᠢᠳᠡᠭᠵᠢᠭᠦᠯᠬᠦ᠂ ᠬᠥᠭᠵᠢᠯᠲᠡ ᠶᠢ ᠠᠳᠬᠤᠬᠤ᠂ ᠰᠠᠭᠤᠷᠢ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠮᠢᠳᠤᠯᠢᠭ ᠬᠦᠴᠦᠨ ᠢ ᠨᠡᠮᠡᠭᠳᠡᠭᠦᠯᠬᠦ ᠵᠢᠴᠢ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠶᠤᠮ᠃19. ︽ᠭᠤᠷᠪᠠᠨ ᠱᠤᠭᠤᠮ ᠨᠢᠭᠡ ᠨᠠᠷᠢᠨ ᠳᠠᠩᠰᠠ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠵᠠᠬ᠎ᠠ ᠵᠢᠴᠢ ᠠᠮᠢ ᠠᠬᠤᠶ ᠣᠷᠴᠢᠨ ᠨᠥᠬᠦᠴᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ᠃20. ︽ᠨᠢᠭᠡ ᠠᠭᠤᠯᠠ ᠨᠢᠭᠡ ᠬᠤᠲᠠ ᠨᠢᠭᠡ ᠰᠦᠮ᠎ᠡ ᠨᠢᠭᠡ ᠣᠩᠭᠤᠨ︾᠄ ᠳᠣᠯᠤᠭᠠᠨ ᠲᠣᠭᠤᠭ᠎ᠠ ᠠᠭᠤᠯᠠ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠭᠢᠯᠦᠪᠡᠷ ᠵᠤᠤ ᠶᠢᠨ ᠰᠦᠮ᠎ᠡ᠂ ᠯᠢᠶᠣᠤ ᠤᠯᠤᠰ ᠤᠨ ᠳᠡᠭᠡᠳᠦᠰ ᠤᠨ ᠣᠩᠭᠤᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠃21.  ᠬᠠᠭᠠᠨ ᠬᠤᠲᠠ ᠡᠷᠲᠡᠨ ᠤ ᠪᠠᠯᠭᠠᠰᠤ᠄  ᠨᠡᠶᠢᠲᠡ 600 ᠮᠦ ᠭᠠᠵᠠᠷ ᠢ ᠡᠵᠡᠯᠡᠵᠦ᠂ ᠪᠠᠷᠠᠭᠤᠨᠰᠢ ᠬᠠᠭᠠᠨ ᠬᠤᠲᠠ ᠵᠠᠮ ᠠᠴᠠ ᠵᠡᠭᠦᠨᠰᠢ ᠪᠠᠨ ᠱᠠᠩ ᠵᠢᠩ ᠵᠠᠮ ᠬᠦᠷᠴᠦ᠂ ᠪᠦᠬᠦ ᠶᠠᠪᠤᠴᠠ ᠨᠢ 1800 ᠮᠧᠲᠷ ᠤᠷᠲᠤ᠃ ᠰᠢᠷᠭ᠎ᠠ ᠵᠡᠭᠡᠯᠢ ᠳᠠᠭᠠᠤ ᠦᠵᠡᠮᠵᠢ ᠰᠣᠨᠢᠷᠬᠠᠬᠤ ᠪᠠ ᠪᠠᠷᠠᠭ᠎ᠠ ᠬᠤᠳᠠᠯᠳᠤᠨ ᠠᠪᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠢᠳᠠᠨ ᠤ ᠵᠠᠩ ᠦᠢᠯᠡ ᠶᠢᠨ ᠵᠡᠭᠡᠯᠢ ᠶᠢ ᠴᠣᠭᠴᠠᠯᠠᠨ᠎ᠠ᠃22. ᠳᠥᠷᠪᠡᠨ ᠤᠯᠠᠷᠢᠯ ᠤᠨ ᠠᠪᠠ ᠠᠩᠨᠠᠯ ᠬᠢᠬᠦ ᠠᠵᠢᠯᠯᠠᠭ᠎ᠠ ᠶᠢᠨ ᠦᠵᠡᠭᠦᠯᠦᠯᠭᠡ᠄  ᠴᠠᠴᠠᠷ ᠮᠠᠶᠢᠬᠠᠨ ᠭᠡᠳᠡᠭ ᠨᠢ ᠯᠢᠶᠣᠤ ᠤᠯᠤᠰ ᠤᠨ ᠬᠠᠭᠠᠨ ᠤ ᠪᠠᠭᠤᠴᠠ ᠶᠢ ᠵᠢᠭᠠᠵᠤ᠂ ᠳᠥᠷᠪᠡᠨ ᠤᠯᠠᠷᠢᠯ ᠳᠤ ᠠᠪᠠ ᠠᠩᠨᠠᠯ ᠬᠢᠬᠦ ᠠᠵᠢᠯᠯᠠᠭ᠎ᠠ  ᠶᠢᠨ ᠦᠵᠡᠭᠦᠯᠭᠡ ᠨᠢ ᠨᠡᠭᠦᠳᠡᠯ ᠪᠠ ᠵᠢᠭᠠᠰᠤ ᠠᠩᠨᠠᠯ ᠵᠡᠷᠭᠡ ᠯᠢᠶᠣᠤ ᠤᠯᠤᠰ ᠤᠨ ᠦᠶ᠎ᠡ ᠶᠢᠨ ᠠᠪᠠ ᠠᠩᠨᠠᠯ ᠬᠢᠬᠦ ᠠᠵᠢᠯᠯᠠᠭ᠎ᠠ ᠶᠢ ᠪᠦᠬᠦ ᠲᠠᠯ᠎ᠠ ᠪᠠᠷ ᠢᠯᠡᠷᠡᠭᠦᠯᠬᠦ ᠪᠠᠷ ᠳᠡᠮᠵᠢᠨ᠂ ᠬᠢᠳᠠᠨ ᠤ ᠨᠣᠶᠠᠷᠬᠠᠭᠴᠢ ᠠᠩᠭᠢ ᠶᠢᠨ ᠪᠡᠶ᠎ᠡ ᠶᠢᠨ ᠭᠠᠷᠤᠯ ᠤᠨ ᠬᠤᠪᠢᠷᠠᠯᠲᠠ ᠪᠠ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠦᠵᠡᠭᠦᠯᠦᠨ᠎ᠡ᠃23.  ︽ᠨᠢᠭᠡ ᠬᠥᠨᠳᠡᠯᠡᠨ ᠨᠢᠭᠡ ᠭᠤᠯᠳᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ᠄ ᠮᠤᠵᠢ ᠶᠢᠨ ᠬᠤᠭᠤᠷᠣᠨᠳᠣᠬᠢ ᠶᠡᠭᠡ ᠵᠠᠮ᠂ ᠤᠯᠤᠰ ᠤᠨ ᠵᠠᠮ 305 ᠳᠠᠭᠠᠤ ᠬᠥᠳᠡᠭᠡ ᠲᠣᠰᠬᠤᠨ ᠤ ᠤᠨᠴᠠᠯᠢᠬᠳᠤ ᠡᠬᠢ ᠪᠠᠶᠠᠯᠢᠭ ᠲᠤ ᠲᠦᠰᠢᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠭᠤᠣᠯ ᠭᠠᠴᠠᠭ᠎ᠠ ᠲᠣᠰᠬᠤᠨ ᠪᠠ ᠭᠤᠣᠯᠳᠠᠯᠭ᠎ᠠ ᠲᠠᠢ ᠭᠠᠴᠠᠭ᠎ᠠ ᠲᠣᠰᠬᠤᠨ ᠢ ᠪᠠᠶᠢᠭᠤᠯᠤᠨ᠎ᠠ᠃24.  ︽ᠭᠤᠷᠪᠠᠨ ᠴᠡᠪᠡᠷᠯᠡᠭᠡ ᠲᠠᠪᠤᠨ ᠣᠪᠤᠭ᠎ᠠ︾᠄ ︽ᠭᠤᠷᠪᠠᠨ ᠴᠡᠪᠡᠷᠯᠡᠭᠡ︾ ᠭᠡᠳᠡᠭ ᠨᠢ ᠵᠠᠮ ᠤᠨ ᠰᠠᠭᠠᠳ᠂ ᠨᠦᠯᠦᠮᠡᠯ ᠰᠢᠪᠠᠷ ᠵᠢᠴᠢ ᠬᠤᠭ ᠨᠣᠪᠰᠢ ᠶᠢ ᠴᠡᠪᠡᠷᠯᠡᠬᠦ ᠶᠢ ᠵᠢᠭᠠᠵᠤ ᠪᠠᠢᠨ᠎ᠠ︔ ︽ᠲᠠᠪᠤᠨ ᠣᠪᠤᠭ᠎ᠠ︾ ᠭᠡᠳᠡᠭ ᠨᠢ ᠬᠤᠭ ᠨᠣᠪᠰᠢ᠂ ᠲᠦᠯᠡᠭᠡ ᠡᠪᠡᠰᠦ᠂ ᠪᠠᠭᠠᠰᠤ ᠪᠤᠷᠳᠤᠭᠤᠷ᠂ ᠰᠢᠷᠣᠢ ᠴᠢᠯᠠᠭᠤ᠂ ᠡᠯᠳᠡᠪ ᠪᠣᠳᠠᠰ ᠤᠨ ᠤᠪᠤᠭ᠎ᠠ ᠶᠢ ᠵᠢᠭᠠᠵᠤ ᠪᠠᠶᠢᠨ᠎ᠠ᠃25. ︽ᠮᠥᠩᠬᠡ ᠰᠤᠪᠠᠭ· ᠳᠦᠷᠪᠡ ᠶᠢ ᠭᠦᠢᠴᠡᠳᠬᠡᠬᠦ︾ ︽ᠳᠥᠷᠪᠡ ᠶᠢ ᠬᠠᠰᠤᠬᠤ︾᠄ ︽ᠮᠥᠩᠬᠡ ᠰᠤᠪᠠᠭ·ᠳᠦᠷᠪᠡ ᠶᠢ ᠭᠦᠢᠴᠡᠳᠬᠡᠬᠦ︾ ᠪᠣᠯ ᠭᠠᠷ ᠤᠳᠠᠰᠤᠨ ᠳᠡᠭᠡᠷ᠎ᠡ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠵᠢᠴᠢ ᠲᠠᠨ ᠳᠤ ᠬᠠᠪᠰᠤᠷᠤᠨ ᠭᠦᠢᠴᠡᠳᠬᠡᠬᠦ ᠶᠢ ᠬᠡᠯᠡᠨ᠎ᠡ︔ ︽ᠳᠥᠷᠪᠡ ᠶᠢ ᠬᠠᠰᠤᠬᠤ︾ ᠪᠣᠯ ᠭᠠᠷ ᠭᠦᠢᠴᠡᠳᠬᠡᠯ ᠢ ᠬᠠᠰᠤᠬᠤ᠂ ᠠᠯᠬᠤᠮ ᠳᠠᠷᠠᠭ᠎ᠠ ᠶᠢ ᠬᠠᠰᠤᠬᠤ᠂ ᠭᠤᠭᠴᠤᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ ᠶᠠᠪᠤᠳᠠᠯ ᠪᠣᠯᠤᠨ᠎ᠠ᠃26. ᠲᠥᠷᠥᠯ ᠵᠦᠢᠯ ᠢ ᠬᠢᠨᠠᠨ ᠵᠥᠪᠰᠢᠶᠡᠷᠡᠬᠦ ︽ᠳᠥᠷᠪᠡᠨ ᠨᠢᠭᠡᠳᠦᠯᠲᠡᠶ︾᠄  ᠬᠢᠨᠠᠨ ᠵᠥᠪᠰᠢᠶᠡᠷᠡᠬᠦ ᠨᠢᠭᠡᠳᠦᠯᠲᠡᠶ ᠠᠯᠬᠤᠮ ᠳᠠᠷᠠᠭ᠎ᠠ᠂ ᠮᠡᠳᠡᠭᠡ ᠵᠠᠩᠭᠢ ᠶᠢᠨ ᠨᠢᠭᠡᠳᠦᠯᠲᠡᠶ ᠲᠤᠭ᠎ᠠ ᠪᠠᠷᠢᠮᠲᠠ ᠶᠢᠨ ᠲᠠᠪᠴᠠᠩ᠂ ᠬᠢᠨᠠᠨ ᠵᠥᠪᠰᠢᠶᠡᠷᠡᠬᠦ ᠨᠢᠭᠡᠳᠦᠯᠲᠡᠶ  ᠬᠠᠮᠢᠶᠠᠷᠤᠯᠲᠠ ᠶᠢᠨ ᠲᠣᠭᠲᠠᠯᠴᠠᠭ᠎ᠠ᠂  ᠬᠢᠨᠠᠨ ᠬᠠᠮᠢᠶᠠᠷᠬᠤ ᠨᠢᠭᠡᠳᠦᠯᠲᠡᠶ ᠠᠷᠭ᠎ᠠ ᠮᠠᠶ᠋ᠢᠭ᠃27. ︽1 + 6︾ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠣᠭᠲᠠᠯᠴᠠᠭ᠎ᠠ᠄ ︽1︾ ᠭᠡᠳᠡᠭ ᠨᠢ ᠪᠠᠭᠠᠷᠢᠨ ᠵᠡᠭᠦᠨ ᠬᠤᠰᠢᠭᠤᠨ ᠤ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ︔ ︽6︾ ᠭᠡᠳᠡᠭ ᠨᠢ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠳᠤᠤᠷ᠎ᠠ ᠪᠠᠶᠢᠭᠤᠯᠤᠭᠰᠠᠨ ᠬᠢᠳᠠᠨ ᠰᠢᠮᠡᠲᠦ ᠪᠦᠲᠦᠭᠡᠭᠳᠡᠬᠦᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠱᠧᠩ ᠰᠢᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ᠂ ᠯᠢᠶᠣᠤ ᠶᠦᠨ ᠳ᠋ᠠᠨ ᠹᠧᠩ ᠰᠤᠶᠤᠯ ᠵᠢᠭᠤᠯᠴᠢᠯᠠᠯ᠂ ᠽᠧ ᠾᠦᠢ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ᠂ ᠳ᠋ᠦᠩ ᠰᠢᠩ ᠪᠠᠯᠠ ᠮᠦᠩᠭᠦ ᠶᠢᠨ ᠪᠠᠲᠤᠯᠠᠭ᠎ᠠ ᠵᠢᠴᠢ ᠬᠤᠲᠠ ᠶᠢᠨ ᠨᠡᠭᠡᠭᠡᠨ ᠬᠥᠭᠵᠢᠭᠦᠯᠦᠯᠲᠡ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠵᠢᠷᠭᠤᠭᠠᠨ ᠬᠤᠪᠢᠶᠠᠷᠢ ᠺᠣᠮᠫᠠᠨᠢ ᠶᠢ ᠵᠢᠭᠠᠵᠤ ᠪᠠᠶᠢᠨ᠎ᠠ᠃28. ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾᠄ ᠠᠵᠤ ᠦᠢᠯᠡᠰ ᠤᠨ ᠬᠡᠯᠬᠢᠶ᠎ᠡ ᠶᠢᠨ ᠪᠦᠲᠦᠨ ᠵᠢᠷᠤᠭ᠂ ᠬᠤᠳᠠᠯᠳᠤᠭᠠᠴᠢᠨ ᠤᠷᠢᠬᠤ ᠠᠯᠤᠰ ᠲᠦᠯᠦᠪᠯᠡᠭᠡ ᠶᠢᠨ ᠵᠢᠷᠤᠭ᠂ ᠠᠵᠤ ᠦᠢᠯᠡᠰ ᠤᠨ ᠬᠡᠯᠬᠢᠶ᠎ᠡ ᠳᠤ ᠬᠤᠯᠪᠣᠭᠳᠠᠬᠤ ᠲᠥᠷᠥᠯ ᠵᠦᠢᠯ ᠤᠨ ᠬᠥᠮᠥᠷᠭᠡ᠂ ᠬᠠᠩᠭᠠᠯᠭ᠎ᠠ ᠶᠢᠨ ᠬᠡᠯᠬᠢᠶ᠎ᠡ ᠳᠤ ᠬᠤᠯᠪᠣᠭᠳᠠᠬᠤ ᠬᠡᠷᠡᠭᠯᠡᠭᠴᠢᠳ ᠤᠨ ᠬᠥᠮᠥᠷᠭᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠦᠰᠦᠨᠦᠭᠲᠦ᠂ ᠢᠵᠢ ᠪᠦᠷᠢᠳᠦᠭᠦᠯᠦᠭᠰᠡᠨ ᠠᠵᠤ ᠠᠬᠤᠶᠢᠯᠠᠯ ᠤᠨ ᠨᠡᠷᠡᠰ ᠤᠨ ᠬᠦᠰᠦᠨᠦᠭᠲᠦ᠃29. ︽ᠲᠤᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠄ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠤᠮᠳᠠ ᠡᠮᠦᠨᠡᠬᠢ ᠬᠤᠭᠤᠴᠠᠭᠠᠨ ᠤ ᠠᠵᠢᠯ ᠤᠨ ᠵᠠᠮ ᠨᠡᠪᠲᠡᠷᠡᠭᠦᠯᠬᠦ᠂ ᠤᠰᠤ ᠬᠠᠩᠭᠠᠬᠤ᠂ ᠴᠠᠬᠢᠯᠭᠠᠨ ᠨᠡᠪᠲᠡᠷᠡᠭᠦᠯᠬᠦ᠂ ᠤᠰᠤ ᠲᠠᠲᠠᠷᠠᠭᠤᠯᠬᠤ᠂ ᠢᠯᠴᠢ ᠨᠡᠪᠲᠡᠷᠡᠭᠦᠯᠬᠦ᠂ ᠴᠠᠬᠢᠯᠭᠠᠨ ᠬᠤᠯᠪᠣᠭ᠎ᠠ ᠨᠡᠪᠲᠡᠷᠡᠭᠦᠯᠬᠦ᠂ ᠰᠢᠲᠠᠮᠠᠬᠠᠶ ᠬᠡᠢ ᠨᠡᠪᠲᠡᠷᠡᠭᠦᠯᠬᠦ ᠵᠢᠴᠢ ᠭᠠᠵᠠᠷ ᠰᠢᠷᠣᠶ ᠶᠢ ᠲᠡᠭᠰᠢᠯᠡᠬᠦ ᠶᠢ ᠵᠢᠭᠠᠵᠤ ᠪᠤᠶ᠃30. ︽1153︾᠄ ᠨᠢᠭᠡᠳᠦᠭᠡᠷ ︽1︾ ᠨᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯᠤᠨ᠎ᠠ︔ ᠬᠤᠶᠠᠳᠤᠭᠠᠷ ︽1︾ ᠨᠢ ᠪᠡᠭᠡᠵᠢᠩ ᠥᠪᠥᠷ ᠮᠣᠩᠭᠤᠯ ︵ᠢ ᠵᠤᠸᠠᠩ ᠤᠯᠠᠭᠠᠨᠬᠠᠳᠠ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠲᠣᠭᠤᠷᠢᠭ ᠪᠣᠯᠤᠨ᠎ᠠ︔ ︽5︾ ᠨᠢ ᠤᠯᠠᠭᠠᠨᠬᠠᠳᠠ ᠬᠤᠲᠠ ᠶᠢᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠭᠡᠭᠡᠯᠲᠡ ᠶᠢᠨ ᠲᠣᠭᠤᠷᠢᠭ᠂ ᠥᠩᠭᠡᠲᠦ ᠲᠡᠮᠦᠷᠯᠢᠭ ᠤᠨ ᠨᠡᠭᠡᠭᠡᠯᠲᠡ ᠶᠢᠨ ᠲᠣᠭᠤᠷᠢᠭ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠪᠤᠳᠠᠰ ᠤᠨ ᠭᠦᠢᠯᠭᠡᠭᠡᠨ ᠤ ᠲᠣᠭᠤᠷᠢᠭ ᠪᠣᠯᠤᠨ᠎ᠠ︔ ︽3︾ ᠨᠢ ᠬᠤᠩᠱᠠᠨ᠂ ᠰᠦᠩᠱᠠᠨ᠂ ᠬᠠᠷᠠᠴᠢᠨ ᠵᠡᠷᠭᠡ ᠭᠤᠷᠪᠠᠨ ᠠᠵᠤ ᠦᠢᠯᠡᠰ ᠤᠨ ᠬᠤᠰᠢᠭᠤᠴᠢ ᠣᠷᠣᠨ ᠪᠣᠯᠤᠨ᠎ᠠ᠃31. ᠠᠷᠢᠭᠤᠨ ᠴᠡᠪᠡᠷ ᠤᠨ ᠥᠷᠲᠡᠭᠡ᠂ ᠨᠣᠭᠤᠭᠠᠨ ᠡᠨᠧᠷᠭᠢ ᠶᠢᠨ ᠥᠷᠲᠡᠭᠡ᠂ ᠬᠠᠶᠢᠷ᠎ᠠ ᠬᠠᠯᠠᠮᠵᠢ ᠶᠢᠨ ᠥᠷᠲᠡᠭᠡ᠄ ᠳᠠᠷᠤᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ᠂ ᠬᠤᠭ ᠨᠣᠪᠰᠢ ᠠᠷᠢᠯᠭᠠᠬᠤ ᠥᠷᠲᠡᠭᠡ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠬᠤ ᠥᠷᠥᠭᠡ ᠶᠢ ᠬᠡᠯᠡᠵᠦ ᠪᠠᠶᠢᠨ᠎ᠠ᠃32. ︽1551︾ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ᠄ ᠨᠢᠭᠡᠳᠦᠭᠡᠷ ︽1︾ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠪᠣᠯᠤᠨ᠎ᠠ︔ ᠨᠢᠭᠡᠳᠦᠭᠡᠷ ︽5︾ ᠨᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠡᠪ ᠴᠢᠨᠠᠷ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ᠂ ᠪᠠᠭᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠮᠢ ᠠᠬᠤᠶ᠂ ᠰᠤᠷᠭᠠᠭᠤᠯᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠵᠡᠷᠭᠡ ᠲᠠᠪᠤᠨ ᠵᠦᠢᠯ ᠤᠨ ᠢᠨᠵᠧᠨᠧᠷᠢᠩ ᠪᠣᠯᠤᠨ᠎ᠠ︔ ᠬᠤᠶᠠᠳᠤᠭᠠᠷ ︽5︾ ᠪᠣᠯ ᠵᠢᠭᠠᠨ ᠰᠤᠷᠭᠠᠯᠲᠠ ᠶᠢᠨ ᠶᠠᠰᠤ ᠴᠢᠨᠠᠷ ᠥᠨᠳᠥᠷ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠥᠨᠳᠥᠷ᠂ ᠪᠥᠬᠦ ᠲᠠᠯ᠎ᠠ ᠪᠠᠷ ᠬᠥᠮᠦᠨ ᠬᠥᠮᠦᠵᠢᠭᠦᠯᠬᠦ ᠦᠷ᠎ᠡ ᠪᠦᠲᠦᠮᠵᠢ ᠥᠨᠳᠥᠷ ᠂ ᠪᠠᠭᠰᠢ ᠶᠢᠨ ᠡᠩᠨᠡᠭᠡ ᠶᠢᠨ ᠬᠡᠪ ᠴᠢᠨᠠᠷ ᠥᠨᠳᠥᠷ᠂ ᠪᠠᠲᠤᠯᠠᠭ᠎ᠠ ᠶᠢᠨ ᠴᠢᠳᠠᠪᠤᠷᠢ ᠶᠢᠨ ᠪᠠᠷᠢᠮᠵᠢᠶ᠎ᠠ ᠥᠨᠳᠥᠷ ᠵᠡᠷᠭᠡ ᠲᠠᠪᠤᠨ ᠥᠨᠳᠥᠷ ᠬᠠᠷᠠᠯᠲᠠ ᠪᠣᠯᠤᠨ᠎ᠠ︔ ᠬᠤᠶᠠᠳᠤᠭᠠᠷ ︽1︾ ᠨᠢ ︽ᠨᠢᠭᠡᠳᠦᠭᠡᠷ ᠡᠩᠨᠡᠭᠡᠨ ᠳᠤ ᠰᠠᠭᠤᠷᠢᠯᠠᠵᠤ᠂ ᠤᠯᠠᠭᠠᠨᠬᠠᠳᠠ ᠶᠢᠨ ᠰᠤᠷᠭᠠᠨ ᠬᠥᠮᠦᠵᠢᠯ ᠢ ᠳᠠᠭᠠᠭᠤᠯᠬᠤ︾ ᠬᠦᠰᠡᠯ ᠡᠷᠡᠮᠡᠯᠵᠡᠯ ᠢ ᠪᠡᠶᠡᠯᠡᠭᠦᠯᠬᠦ ᠶᠢ ᠵᠢᠭᠠᠵᠤ ᠪᠠᠶᠢᠨ᠎ᠠ᠃33. ᠠᠯᠠᠰᠢᠨ ᠦᠬᠡᠷ ᠤᠨ ᠠᠵᠤ ᠦᠢᠯᠡᠰ ᠤᠨ ︽ᠬᠤᠶᠠᠷ ᠪᠦᠰᠡ ᠬᠤᠶᠠᠷ ᠣᠷᠣᠨ︾᠄ ︽ᠬᠤᠶᠠᠷ ᠪᠦᠰᠡ︾ ᠭᠡᠳᠡᠭ ᠨᠢ ᠮᠤᠵᠢ ᠶᠢᠨ ᠬᠤᠭᠤᠷᠣᠨᠳᠣᠬᠢ ᠵᠠᠮ ᠪᠠ ᠤᠯᠤᠰ ᠤᠨ ᠵᠠᠮ 305 ᠳᠠᠭᠠᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠠᠶᠢᠨ᠎ᠠ︔ ︽ᠬᠤᠶᠠᠷ ᠲᠣᠭᠤᠷᠢᠭ︾ ᠭᠡᠳᠡᠭ ᠨᠢ  ᠤᠯᠠᠭᠠᠨᠳᠠᠪᠠᠭ᠎ᠠ ᠰᠤᠮᠤ ᠪᠠ ᠪᠠᠶᠠᠨ᠋ᠠ᠋ᠭᠤᠯᠠ ᠪᠠᠯᠭᠠᠰᠤ ᠶᠢᠨ ᠠᠯᠠᠰᠢᠨ ᠦᠬᠡᠷ ᠬᠠᠰᠢᠶᠠᠯᠠᠨ ᠲᠡᠵᠢᠭᠡᠵᠦ ᠦᠷᠡᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠢ ᠵᠢᠭᠠᠵᠤ ᠪᠠᠶᠢᠨ᠎ᠠ᠃34. ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ︽ᠭᠤᠷᠪᠠ ᠶᠢ ᠬᠤᠪᠢᠷᠠᠭᠤᠯᠬᠤ︾᠄  ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠨᠢ ᠭᠠᠮᠰᠢᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠂ ᠳᠠᠩ ᠭᠠᠭᠴᠠ ᠭᠠᠮᠰᠢᠭ ᠢ ᠠᠷᠭᠠᠴᠠᠭᠠᠵᠤ ᠪᠠᠶᠢᠭᠰᠠᠨ ᠠᠴᠠ ᠨᠢ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠪᠣᠯᠭᠠᠨ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠨᠢ ᠭᠠᠮᠰᠢᠭ ᠤᠨ ᠲᠦᠭᠰᠢᠭᠦᠷᠢ ᠶᠢ ᠬᠥᠩᠭᠡᠷᠡᠭᠦᠯᠬᠦ ᠪᠣᠯᠭᠠᠨ ᠬᠤᠪᠢᠷᠠᠭᠤᠯᠬᠤ ᠶᠢ ᠬᠡᠯᠡᠨ᠎ᠡ  ᠃35. ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ᠃36. ︽ᠬᠡᠷᠡᠭ ᠢᠶᠠᠷ ᠨᠥᠬᠦᠪᠥᠷᠢ ᠶᠢ ᠲᠣᠭᠲᠠᠭᠠᠬᠤ︾ ᠲᠦᠷᠦ ᠶᠢᠨ ᠪᠤᠳᠤᠯᠭ᠎ᠠ᠄ ᠠᠳᠠᠯᠢ ᠪᠤᠰᠤ ᠵᠥᠷᠢᠴᠡᠯ ᠵᠢᠭᠤᠷᠠᠯᠳᠤᠭᠠᠨ ᠤ ᠬᠡᠷᠡᠭ ᠢ ᠦᠨᠳᠦᠰᠦᠯᠡᠵᠦ᠂ ᠡᠶᠡᠳᠡᠭᠦᠯᠦᠭᠡᠳ ᠪᠦᠲᠦᠭᠰᠡᠨ ᠤ ᠲᠠᠷᠠᠭ᠎ᠠ ᠡᠶᠡᠳᠡᠭᠦᠯᠬᠦ ᠠᠵᠢᠯᠲᠠᠨ ᠳᠤ ᠵᠣᠬᠢᠬᠤ ᠲᠣᠭᠠᠨ ᠤ ᠨᠥᠬᠦᠪᠥᠷᠢ ᠥᠭᠭᠦᠨ᠎ᠡ᠃37. ︽ᠬᠤᠶᠠᠷ ᠭᠠᠵᠠᠷ ᠤᠨ ᠭᠤᠷᠪᠠᠨ ᠬᠠᠮᠲᠤᠪᠠᠷ︾᠄ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠣᠯᠤᠨ ᠬᠠᠤᠯᠢ ᠴᠠᠭᠠᠵᠠ ᠶᠢᠨ ᠭᠠᠵᠠᠷ ᠬᠠᠮᠲᠤᠪᠠᠷ ᠰᠡᠷᠭᠡᠶᠢᠯᠡᠵᠦ᠂ ᠬᠠᠮᠲᠤᠪᠠᠷ ᠪᠠᠶᠢᠭᠤᠯᠵᠤ᠂ ᠬᠠᠮᠲᠤᠪᠠᠷ ᠵᠠᠰᠠᠬᠤ ᠶᠢ ᠵᠢᠭᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号