ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/1/18
   1 ᠰᠠᠷ᠎ᠠ ᠶᠢᠨ 8 ᠤ ᠦᠳᠡ ᠶᠢᠨ ᠡᠮᠦᠨ᠎ᠡ᠂ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ᠃ ᠶᠡᠭᠡ ᠬᠤᠷᠠᠯ ᠠᠴᠠ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠨ ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠪᠠᠭᠠᠷᠢᠨ ᠵᠡᠭᠦᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠠᠭᠠᠷᠢᠨ ᠵᠡᠭᠦᠨ ᠬᠤᠰᠢᠭᠤᠨ ᠤ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ᠃      ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠡᠯ᠎ᠡ ᠵᠥᠪᠯᠡᠬᠦ  ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ  ᠳᠡᠭᠦᠰᠴᠠᠢ
          ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 211 ᠬᠥᠮᠦᠨ ᠪᠠᠶᠢᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ 209 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠳᠡᠭᠡᠷ᠎ᠡ ᠷᠧᠨ ᠰᠢ᠂ ᠴᠢᠨ ᠬᠤᠸᠠᠢ ᠳ᠋ᠦᠩ᠂ ᠸᠠᠩ ᠴᠢᠩ  ᠬᠦ᠋᠂  ᠱᠧᠨ ᡁᠢ ᠴᠢᠶᠠᠩ᠂ ᠮᠠ ᠱᠦ᠋ ᠶᠢᠦ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠠᠨ ᠶᠢᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠶᠡᠭᠡ ᠬᠤᠷᠠᠯ ᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠵᠣᠷᠢᠭ ᠰᠠᠨᠠᠭ᠎ᠠ ᠪᠠᠷ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠡᠯ᠎ᠡ ᠵᠦᠢᠯ ᠤᠨ ᠰᠣᠩᠭᠤᠭᠤᠯᠢ ᠶᠠᠪᠤᠭᠤᠯᠪᠠ᠃       ᠠᠷᠠᠳ ᠤᠨ ᠳᠦᠯᠦᠭᠡᠯᠡᠭᠴᠢᠳ ᠨᠢᠭᠤᠴᠠ ᠰᠤᠩᠭᠤᠭᠤᠯᠢ ᠶᠢᠨ ᠬᠡᠯᠪᠡᠷᠢ ᠪᠠᠷ ᠰᠤᠩᠭᠤᠭᠤᠯᠢ ᠶᠠᠪᠤᠬᠳᠠᠭᠤᠯᠵᠤ ᠪᠠᠶᠢᠭ᠎ᠠ ᠨᠢ
      ᠱᠧᠨ ᡁᠢ ᠴᠢᠶᠠᠩ ᠨᠡᠷ᠎ᠡ ᠲᠡᠮᠳᠡᠭᠯᠡᠬᠦ ᠥᠬᠡᠶ ᠪᠠᠷ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠮᠠ ᠰᠢᠶᠤᠤ ᠳ᠋ᠦᠩ᠂ ᠲᠢᠶᠠᠨ ᠼᠠᠢ ᠯᠢ᠂ ᠯᠢ ᠴᠧᠩ ᠬᠦ᠋᠂ ᠯᠢᠦ ᠰᠢᠶᠠᠩ ᠳ᠋ᠦᠩ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠪᠠ᠃ ᠸᠠᠩ ᠵᠢᠶᠦ᠋ᠨ ᠵᠡᠷᠭᠡ 28 ᠨᠥᠬᠦᠷ ᠪᠠᠭᠠᠷᠢᠨ ᠵᠡᠭᠦᠨ ᠬᠤᠰᠢᠭᠤᠨ ᠤ ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃      ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠂  ᠳᠡᠳ᠋ ᠡᠷᠬᠢᠯᠡᠭᠴᠢ
    ᠴᠢᠨ ᠬᠤᠸᠠᠢ ᠳ᠋ᠦᠩ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠰᠦᠨ ᠶᠠᠨ ᠵᠢᠶᠧ᠂ ᠪᠦᠦ ᠱᠤᠸᠠᠩ ᠴᠢᠤᠸᠠᠨ᠂ ᠵᠣᠣ ᠬᠤᠩ ᠲᠤ᠂ ᠰᠦᠸᠧ ᠰᠢᠶᠠᠩ ᠯᠦᠩ᠂ ᠵᠠᠩ ᠶᠢᠩ ᠵᠢᠶᠧ᠂ ᠮᠤᠩ  ᠹᠠᠨ ᡂᠢ᠂ ᠳ᠋ᠤᠸᠠᠨ ᡁᠢ ᠭᠦᠸᠧ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠰᠣᠩᠭᠤᠭᠳᠠᠪᠠ︔ ᠰᠦᠨ ᠾᠧ ᠪᠠᠭᠠᠷᠢᠨ ᠵᠡᠭᠦᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠵᠤ᠂ ᠸᠠᠩ ᠯᠢ ᠭᠦᠸᠧ ᠪᠠᠭᠠᠷᠢᠨ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠰᠣᠩᠭᠤᠭᠳᠠᠵᠤ᠂ ᠯᠢᠦ ᠵᠠᠨ ᠳ᠋ᠦᠩ ᠪᠠᠭᠠᠷᠢᠨ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠭᠳᠠᠪᠠ᠃
   
      ᠰᠢᠨ᠎ᠡ ᠪᠠᠷ ᠰᠣᠩᠭᠤᠭᠳᠠᠭᠰᠠᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠳᠡᠳ᠋ ᠬᠤᠰᠢᠭᠤ ᠳᠠᠷᠤᠭ᠎ᠠ        ᠰᠢᠨ᠎ᠡ ᠪᠠᠷ ᠰᠣᠩᠭᠤᠭᠳᠠᠭᠰᠠᠨ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ
   ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢᠨ᠎ᠡ ᠪᠠᠷ ᠰᠣᠩᠭᠤᠭᠳᠠᠭᠰᠠᠨ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠳᠡᠳ᠋ ᠬᠤᠰᠢᠭᠤ ᠳᠠᠷᠤᠭ᠎ᠠ᠂ ᠪᠠᠭᠠᠷᠢᠨ ᠵᠡᠭᠦᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠲᠥᠯᠥᠭᠡᠯᠡᠭᠴᠢᠳ ᠲᠠᠢ ᠠᠭᠤᠯᠵᠠᠪᠠ᠃     ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠪᠠ ᠡᠳ᠋ ᠤᠨ ᠵᠠᠰᠠᠭ ᠠᠵᠤ ᠠᠬᠤᠶ ᠶᠢᠨ ᠲᠤᠰᠬᠠᠶ ᠵᠥᠪᠯᠡᠯ ᠤᠨ ᠪᠦᠷᠢᠯᠳᠦᠬᠦᠨ ᠦᠨᠳᠦᠰᠦᠨ ᠬᠠᠤᠯᠢ ᠳᠤ  ᠲᠠᠩᠭᠠᠷᠢᠭᠯᠠᠵᠤ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠰᠲᠠᠭᠠᠨ ᠵᠣᠬᠢᠶᠠᠨ ᠪᠠᠶᠢᠭᠤᠯᠤᠨ᠎ᠠ᠃
     
     ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠢᠨ ᠬᠤᠸᠠᠢ ᠳ᠋ᠦᠩ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠬᠤᠶᠢᠰᠢᠳᠠ ᠶᠢᠨ ᠠᠵᠢᠯ ᠤᠨ ᠳᠤᠮᠳᠠ᠂ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠢᠶᠠᠨ ᠳᠠᠭᠠᠭᠤᠯᠤᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠯᠢᠭᠡᠷ ᠳᠠᠭᠤᠷᠢᠶᠠᠯ ᠪᠣᠯᠤᠨ᠎ᠠ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠡᠷᠴᠢ ᠵᠣᠷᠢᠭ ᠢᠶᠠᠨ ᠬᠥᠪᠴᠢᠯᠡᠵᠦ᠂ ᠴᠢᠷᠮᠠᠶᠢᠨ ᠠᠵᠢᠯᠯᠠᠬᠤ ᠬᠡᠷᠡᠭᠲᠡᠢ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠲᠠᠯ᠎ᠠ ᠪᠠᠷ ᠦᠨᠡᠨ ᠰᠡᠳᠬᠢᠯ ᠢᠶᠠᠷ ᠵᠢᠳᠬᠦᠨ᠎ᠡ︔ ᠪᠦᠯᠬᠦᠮᠳᠡᠨ ᠲᠡᠮᠡᠴᠡᠵᠦ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ ᠶᠠᠪᠤᠳᠠᠯ ᠪᠣᠯᠭᠠᠨ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ᠂ ᠬᠠᠨᠤᠮᠵᠢᠲᠠᠢ ᠬᠠᠭᠤᠳᠠᠰᠤ ᠲᠤᠰᠢᠶᠠᠬᠤ ᠬᠡᠷᠡᠭᠲᠡᠢ᠃
     ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠱᠧᠨ ᡁᠢ ᠴᠢᠶᠠᠩ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠰᠢᠨ᠎ᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠠᠪᠲᠠᠶ ᠬᠤᠰᠢᠭᠤᠨ ᠤ ᠬᠦᠨᠳᠦ ᠨᠠᠶᠢᠳᠠᠯᠭ᠎ᠠ ᠪᠠ ᠲᠥᠯᠥᠭᠡᠯᠡᠭᠴᠢᠳ ᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠶᠢᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠦᠢᠯᠡᠰ ᠢ ᠲᠠᠰᠤᠷᠠᠯᠲᠠ ᠥᠬᠡᠶ ᠳᠥᠯᠭᠢᠨ ᠠᠬᠢᠭᠤᠯᠤᠨ᠎ᠠ ᠭᠡᠵᠡᠶ᠃ ᠢᠯᠠᠯᠲᠠ ᠶᠢᠨ ᠡᠷᠴᠢᠨ ᠳᠡᠭᠡᠷ᠎ᠡ ᠳᠠᠬᠢᠨ ᠮᠣᠷᠳᠠᠬᠤ ᠳᠤ᠂ ᠡᠷᠬᠡᠪᠰᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ︔ ᠡᠷᠬᠡᠪᠰᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ︔ ᠡᠷᠬᠡᠪᠰᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠳᠦᠷᠢᠮ ᠢ ᠵᠢᠷᠤᠮᠯᠠᠬᠤ ᠬᠡᠷᠡᠭᠲᠡᠢ︔ ᠡᠷᠬᠡᠪᠰᠢ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠲᠦᠮᠡᠨ ᠢ ᠬᠠᠯᠠᠮᠵᠢᠯᠠᠬᠤ ᠬᠡᠷᠡᠭᠲᠡᠢ︔ ᠡᠷᠬᠡᠪᠰᠢ ᠦᠨᠳᠦᠰᠦ ᠪᠠᠨ ᠪᠠᠲᠤᠳᠬᠠᠨ ᠰᠠᠭᠤᠷᠢ ᠪᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠡᠭᠦᠷᠭᠡ ᠬᠠᠷᠢᠭᠤᠴᠠᠯᠭ᠎ᠠ ᠪᠠᠨ ᠬᠥᠳᠡᠯᠭᠡᠭᠴᠢ ᠬᠦᠴᠦᠨ ᠪᠣᠯᠭᠠᠨ᠂ ᠬᠦᠰᠡᠯ ᠡᠷᠡᠮᠡᠯᠵᠡᠯ ᠢᠶᠠᠨ ᠣᠷᠭᠢᠯᠤᠮ᠎ᠠ ᠰᠡᠳᠬᠢᠯᠭᠡ ᠪᠣᠯᠭᠠᠨ᠂ ᠬᠦᠨᠳᠦ ᠨᠠᠶᠢᠳᠠᠯᠭ᠎ᠠ ᠶᠢ ᠡᠷᠴᠢ ᠵᠣᠷᠢᠭ ᠪᠣᠯᠭᠠᠨ᠂ ᠴᠥᠬᠦᠷᠡᠰᠢ ᠥᠬᠡᠶ ᠴᠢᠷᠮᠠᠶᠢᠨ ᠠᠵᠢᠯᠯᠠᠵᠤ᠂ ᠵᠡᠭᠦᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ
ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ ᠲᠡᠮᠡᠴᠡᠬᠦ ᠬᠡᠷᠡᠭᠲᠡᠶ ᠬᠡᠵᠠᠢ᠃
    ᠬᠤᠷᠠᠯ ᠠᠴᠠ ᠪᠠᠭᠠᠷᠢᠨ ᠵᠡᠭᠦᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠶ ᠰᠢᠢᠳᠪᠦᠷᠢ᠂ ︽ᠪᠠᠭᠠᠷᠢᠨ ᠵᠡᠭᠦᠨ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢᠨ ᠲᠤᠬᠠᠶ ᠰᠢᠢᠳᠪᠦᠷᠢ᠂ ︽ᠪᠠᠭᠠᠷᠢᠨ ᠵᠡᠭᠦᠨ ᠬᠤᠰᠢᠭᠤᠨ ᠤ 2021 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ︾ ᠤᠨ ᠲᠤᠬᠠᠶ ᠰᠢᠢᠳᠪᠦᠷᠢ ᠶᠢ ᠪᠠᠲᠤᠯᠠᠪᠠ᠃ ᠬᠤᠷᠠᠯ ᠠᠴᠠ ᠪᠠᠭᠠᠷᠢᠨ ᠵᠡᠭᠦᠨ ᠬᠤᠰᠢᠭᠤᠨ ᠤ ᠠᠷᠪᠠᠨ  ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ︾ ᠤᠨ ᠲᠤᠬᠠᠶ ᠰᠢᠢᠳᠪᠦᠷᠢ ᠶᠢ ᠪᠠᠲᠤᠯᠠᠪᠠ᠃ ᠬᠤᠷᠠᠯ ᠠᠴᠠ ᠪᠠᠭᠠᠷᠢᠨ ᠵᠡᠭᠦᠨ ᠬᠤᠰᠢᠭᠤᠨ ᠤ ᠠᠷᠪᠠᠨ  ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ︾ ᠤᠨ ᠲᠤᠬᠠᠶ  ᠰᠢᠢᠳᠪᠦᠷᠢ ᠪᠣᠯᠤᠨ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ︾ ᠤᠨ ᠲᠤᠬᠠᠶ ᠰᠢᠢᠳᠪᠦᠷᠢ ᠶᠢ ᠪᠠᠲᠤᠯᠠᠪᠠ᠃ ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ  ᠵᠦᠢᠯ ᠢ ᠪᠠᠲᠤᠯᠠᠪᠠ᠃     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ
ᠲᠡᠭᠦᠰᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号