ᠮᠠᠨ ᠤ ᠬᠤᠰᠢᠭᠤᠨ ᠤ ᠡᠮᠴᠢ ᠰᠤᠪᠢᠯᠠᠭᠴᠢ ᠬᠥᠬᠡᠬᠤᠲᠠ ᠶᠢ ᠳᠣᠰᠠᠯᠠᠬᠤ ᠪᠠᠷ ᠮᠣᠷᠳᠠᠪᠠ
ᠨᠡᠶᠢᠲᠡᠯᠡᠭᠰᠡᠨ ᠴᠠᠭ᠄
2022/10/13
     10 ᠰᠠᠷ᠎ᠠ ᠶᠢᠨ 7 ᠤ ᠦᠳᠡ ᠶᠢᠨ ᠡᠮᠦᠨ᠎ᠡ ᠪᠠᠭᠠᠷᠢᠨ ᠵᠡᠭᠦᠨ ᠬᠤᠰᠢᠭᠤ ᠶᠢᠨ ᠬᠥᠬᠡᠬᠤᠲᠠ ᠶᠢᠨ ᠡᠮᠴᠢᠯᠡᠭᠡᠨ ᠤ ᠠᠩᠭᠢ ᠶᠢ ᠲᠤᠰᠠᠯᠠᠬᠤ ᠪᠠᠷ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ  ᠨᠠᠷ ᠬᠥᠬᠡᠬᠤᠲᠠ ᠶᠢᠨ ᠠᠷᠠᠳ ᠲᠦᠮᠡᠨ ᠲᠠᠢ ᠬᠠᠮᠲᠤ ᠮᠥᠷᠥ ᠵᠡᠷᠭᠡᠴᠡᠨ ᠪᠠᠶᠢᠯᠳᠤᠵᠤ ᠬᠢᠵᠢᠭ ᠲᠠᠢ ᠲᠡᠮᠡᠴᠡᠵᠦ ᠪᠠᠶᠢᠨ᠎ᠠ  ᠃ ᠲᠡᠳᠡ ᠬᠡᠷ ᠤᠨ ᠬᠥᠮᠦᠰ ᠠᠴᠠ ᠪᠠᠨ ᠰᠡᠩᠳᠡ ᠮᠡᠩᠳᠡ ᠠᠶᠠᠷᠯᠠᠨ ᠠᠶᠠᠯᠠᠯ ᠢᠶᠠᠨ ᠡᠬᠢᠯᠡᠭᠦᠯᠵᠦ  ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠠᠵᠢᠯ ᠳᠤ ᠣᠷᠣᠯᠴᠠᠬᠤ ᠪᠠᠷ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠭᠤᠶᠣᠴᠢᠯᠠᠵᠤ ᠣᠷᠣᠯᠴᠠᠪᠠ᠃ ᠳᠡᠳᠡ ᠨᠠᠷ ᠪᠣᠯ ᠣᠯᠠᠨ ᠤᠳᠠᠭᠠᠨ ᠤ ᠲᠤᠰᠠᠯᠠᠬᠤ ᠡᠭᠦᠷᠭᠡ ᠶᠢᠨ ᠲᠤᠷᠰᠢᠯᠭ᠎ᠠ ᠪᠠᠷ ᠪᠠᠶᠠᠯᠢᠭ ︽ᠠᠬᠠᠮᠠᠳ ᠵᠠᠩᠵᠤᠨ︾᠂ ᠪᠠᠰᠠ ᠠᠩᠬ᠎ᠠ ᠤᠳᠠᠭ᠎ᠠ ᠡᠭᠦᠷᠭᠡ ᠭᠦᠢᠴᠡᠳᠬᠡᠵᠤ ᠪᠠᠶᠢᠭ᠎ᠠ ︽ᠰᠢᠨ᠎ᠡ ᠴᠡᠷᠢᠭ︾ ᠪᠣᠶ  ᠃ ᠣᠯᠠᠨ ᠢᠶᠠᠷ ᠢᠶᠠᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠵᠡᠭᠦᠨ ᠬᠤᠰᠢᠭᠤᠨ ᠤ ᠡᠮᠴᠢ ᠰᠤᠪᠢᠯᠠᠭᠴᠢ ᠶᠢᠨ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠬᠢᠵᠢᠭ ᠲᠠᠢ ᠲᠡᠮᠡᠴᠡᠬᠦ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠵᠤ᠂ ᠵᠡᠭᠦᠨ ᠬᠤᠰᠢᠭᠤᠨ ᠤ ᠡᠮᠴᠢ ᠰᠤᠪᠢᠯᠠᠭᠴᠢ ᠶᠢᠨ ᠬᠡᠪ ᠪᠣᠯᠪᠠᠰᠤᠷᠠᠯ ᠪᠠ ᠴᠤᠭ ᠵᠢᠪᠬᠤᠭ᠎ᠠ ᠶᠢ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃       ᠪᠢᠳᠡ ᠬᠢᠵᠢᠭ ᠤᠨ ᠪᠠᠶᠢᠳᠠᠯ   ᠲᠠᠢ ᠳᠡᠮᠡᠴᠡᠵᠤ ᠪᠠᠶᠢᠭ᠎ᠠ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ ᠤᠯᠠᠨ ᠤ ᠠᠮᠤᠷ ᠲᠦᠪᠰᠢᠨ ᠢᠶᠠᠷ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ︕
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号