ᠪᠠᠶ᠋ᠬᠠᠭᠤᠯᠠ ᠪᠠᠯᠭᠠᠰᠤ ︽ᠬᠢᠵᠢᠭ ᠲᠠᠢ ᠲᠡᠮᠡᠴᠡᠬᠦ ᠬᠠᠭ᠋ᠠᠯᠠᠮᠵᠢ ᠶᠢᠨ ᠪᠣᠭᠴᠣ︾ ᠲᠠᠷᠬᠠᠭᠠᠵᠤ ᠨᠤᠲᠤᠭ ᠲᠠᠭᠠᠨ ᠪᠤᠴᠠᠭᠰᠠᠨ ᠰᠤᠷᠤᠭᠴᠢᠳ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2022/11/23
      ᠪᠠᠶ᠋ᠬᠠᠠᠭᠤᠯᠠ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠶᠠᠲᠤ ᠣᠷᠣᠨ ᠤ ᠬᠥᠬᠡᠬᠤᠲᠠ ᠶᠢᠨ ᠨᠤᠲᠤᠭ ᠲᠠᠭᠠᠨ ᠪᠤᠴᠠᠭᠰᠠᠨ ᠤᠶᠤᠲᠠᠳ ᠤᠨ ᠬᠡᠷ ᠲᠡᠭᠡᠨ ᠰᠠᠭᠤᠵᠤ ᠬᠠᠮᠢᠶᠠᠷᠤᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠨᠠᠷᠢᠨ ᠨᠢᠮᠪᠠᠶ  ᠦᠢᠯᠡᠴᠢᠯᠡᠬᠦ ᠵᠠᠷᠴᠢᠮ ᠢ ᠪᠠᠷᠢᠮᠲᠠᠯᠠᠨ᠂ ᠬᠡᠷ ᠲᠡᠭᠡᠨ ᠰᠠᠭᠤᠵᠤ ᠲᠤᠰᠠᠭᠠᠷᠯᠠᠨ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠂ ᠪᠠᠯᠭᠠᠰᠤ᠂ ᠭᠠᠴᠠᠭ᠎ᠠ ᠬᠤᠶᠠᠷ ᠱᠠᠲᠤᠨ ᠤ ᠺᠠᠳ᠋ᠷ ᠢ ᠵᠣᠬᠢᠶᠠᠨ ᠪᠠᠶᠢᠭᠤᠯᠤᠨ ︽ᠲᠤᠰᠠᠭᠠᠷᠯᠠᠵᠤ ᠪᠠᠶᠢᠭᠠᠳ ᠬᠠᠶᠢᠷ᠎ᠠ ᠬᠠᠯᠠᠮᠵᠢ ᠶᠢ ᠬᠡᠷ ᠲᠡᠭᠡᠨ ᠬᠦᠷᠭᠡᠬᠦ︾ ᠲᠣᠬᠤᠨᠢᠭᠤᠯᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠨᠤᠲᠤᠭ ᠲᠠᠭᠠᠨ ᠪᠤᠴᠠᠭᠰᠠᠨ ᠰᠣᠷᠣᠭᠴᠢ ᠨᠢᠭᠡᠪᠦᠷᠢ ᠳᠤ ᠨᠤᠲᠤᠭ ᠤᠰᠤᠨ  ᠤ ᠬᠢᠨᠢ ᠬᠠᠶᠢᠷ᠎ᠠ ᠬᠠᠯᠠᠮᠵᠢ ᠶᠢ  ᠬᠦᠷᠭᠡᠪᠠ᠃
    ᠡᠬᠦᠨ ᠤ ᠬᠠᠮᠳᠦ  ᠂ ᠪᠠᠶ᠋ᠬᠠᠭᠤᠯᠠ ᠪᠠᠯᠭᠠᠰᠤ ᠰᠡᠳᠬᠢᠴᠡ ᠶᠢᠨ ᠵᠢᠯᠣᠭᠤᠳᠤᠮᠵᠢ ᠶᠢᠨ ᠰᠦᠯᠵᠢᠶᠡᠨ ᠳᠡᠭᠡᠷᠡᠬᠢ  ᠦᠢᠯᠡᠴᠢᠯᠡᠭᠡ ᠶᠢ ᠢᠳᠡᠪᠬᠢᠲᠡᠶ ᠥᠷᠨᠢᠭᠦᠯᠪᠡ᠃ ᠸᠢᠴᠠᠲ ᠤᠨ ᠰᠣᠯᠢᠯᠴᠠᠭᠠᠨ ᠤ ᠴᠤᠭᠯᠠᠷᠠᠯ ᠢ ᠪᠠᠶᠢᠭᠤᠯᠵᠤ᠂ ᠨᠤᠲᠤᠭ ᠲᠠᠭᠠᠨ ᠪᠤᠴᠠᠵᠤ ᠲᠤᠰᠠᠭᠠᠷᠯᠠᠭᠰᠠᠨ ᠰᠤᠷᠤᠭᠴᠢᠳ ᠤᠨ ᠪᠡᠶ᠎ᠡ ᠶᠢᠨ ᠪᠠᠶᠢᠳᠠᠯ ᠢ ᠴᠠᠭ ᠢᠮᠠᠭᠲᠠ ᠠᠵᠢᠭᠯᠠᠬᠤ ᠶᠢᠨ ᠬᠠᠮᠲᠤ ᠲᠡᠳᠡᠨ ᠤ ᠠᠮᠢᠳᠤᠷᠠᠯ ᠤᠨ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠴᠠᠭ ᠲᠤᠬᠠᠶ ᠳᠤᠨᠢ ᠣᠶᠢᠯᠠᠭᠠᠵᠤ᠂ ᠴᠠᠭ ᠲᠤᠬᠠᠶ ᠳᠤᠨᠢ ᠬᠠᠪᠰᠤᠷᠴᠤ᠂ ᠴᠠᠭ ᠲᠤᠬᠠᠶ ᠳᠤᠨᠢ ᠠᠰᠠᠭᠤᠳᠠᠯ ᠢ  ᠰᠢᠢᠳᠪᠦᠷᠢᠯᠡᠪᠡ᠃ ᠳᠠᠭᠠᠭᠠᠴᠢᠯᠠᠨ ᠡᠵᠡᠩᠨᠡᠬᠦ ᠭᠠᠵᠠᠷ ᠤᠨ ᠤᠳᠤᠷᠢᠳᠤᠯᠭ᠎ᠠ ᠪᠣᠯᠤᠨ ᠭᠠᠴᠠᠭᠠᠨ ᠤ ᠬᠠᠷᠢᠭᠤᠴᠠᠯᠭᠠᠲᠠᠨ ᠨᠢᠭᠡᠳ ᠨᠢᠭᠡ ᠪᠠᠷ ᠰᠡᠳᠬᠢᠴᠡ ᠶᠢᠨ ᠵᠢᠯᠣᠭᠤᠳᠤᠮᠵᠢ ᠬᠢᠵᠦ᠂ ᠲᠡᠳᠡᠨ ᠢ ᠲᠤᠰᠠᠭᠠᠷᠯᠠᠨ ᠠᠵᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠲᠤᠰᠠᠭᠠᠷᠯᠠᠬᠤ ᠬᠤᠭᠤᠴᠠᠭ᠎ᠠ ᠪᠠᠨ ᠤᠷᠤᠭᠰᠢᠲᠠᠶ ᠳᠠᠭᠤᠰᠬᠠᠬᠤ ᠬᠡᠷᠡᠭᠲᠡᠶ ᠭᠡᠵᠦ  ᠴᠢᠩᠭᠠᠳᠬᠠᠪᠠ᠃ ᠰᠤᠷᠤᠭᠴᠢᠳ ᠪᠠᠰᠠ ᠢᠳᠡᠪᠬᠢᠲᠡᠢ ᠬᠠᠮᠵᠢᠯᠴᠠᠵᠤ᠂ ᠡᠯ᠎ᠡ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠭᠰᠡᠨ ᠪᠠᠶᠢᠨ᠎ᠠ᠃     11 ᠰᠠᠷ᠎ᠠ ᠶᠢᠨ 11 ᠤ ᠡᠳᠦᠷ᠂ ᠪᠠᠶ᠋ᠬᠠᠭᠤᠯᠠ ᠪᠠᠯᠭᠠᠰᠤ ᠬᠥᠬᠡᠬᠤᠲᠠ ᠶᠢᠨ ᠨᠤᠲᠤᠭ ᠲᠠᠭᠠᠨ ᠪᠤᠴᠠᠭᠰᠠᠨ ᠰᠤᠷᠤᠭᠴᠢᠳ ᠢ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠡᠷ ᠲᠡᠭᠡᠨ ᠲᠤᠰᠠᠭᠠᠷᠯᠠᠵᠤ ᠪᠠᠶᠢᠭ᠎ᠠ 16 ᠤᠶᠤᠲᠠᠳ ᠲᠤ ︽ᠬᠢᠵᠢᠭ ᠲᠠᠢ ᠲᠡᠮᠡᠴᠡᠬᠦ ᠬᠠᠶᠢᠷ᠎ᠠ ᠬᠠᠯᠠᠮᠵᠢ ᠶᠢᠨ ᠪᠣᠭᠴᠣ ︾ ᠬᠦᠷᠭᠡᠵᠦ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠵᠢᠮᠢᠰ᠂ ᠲᠦᠷᠭᠡᠨ ᠢᠳᠡᠭᠡᠨ ᠪᠠ ᠤᠮᠳᠠᠭᠠᠨ ᠂ ᠪᠢᠴᠢᠭ ᠤᠨ ᠬᠡᠷᠡᠭᠰᠡᠯ᠂ ᠳᠠᠪᠲᠠᠯᠭ᠎ᠠ ᠶᠢᠨ ᠨᠣᠮ ᠪᠢᠴᠢᠭ᠂ ᠬᠥᠪᠥᠩ ᠬᠤᠪᠴᠠᠰᠤ ᠵᠡᠷᠭᠡ ᠠᠮᠢᠳᠤᠷᠠᠯ ᠤᠨ ᠡᠳ᠋ ᠪᠣᠳᠠᠰ ᠪᠡᠯᠡᠳᠬᠡᠵᠦ᠂ ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠢᠯᠡᠳᠬᠡᠪᠡ᠃
    ᠰᠤᠷᠤᠭᠴᠢᠳ ᠠᠴᠠ᠄ ︽ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ᠂ ᠪᠢᠳᠡ ᠪᠠᠶᠠᠰᠤᠩᠭᠤᠶ ᠰᠡᠳᠬᠢᠴᠡ ᠲᠠᠢ ᠪᠠᠶᠢᠵᠤ᠂ ᠲᠤᠰᠠᠭᠠᠷᠯᠠᠨ ᠠᠵᠢᠭᠯᠠᠬᠤ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠵᠦ᠂ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠵᠦ᠂ ᠮᠠᠨ ᠤ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠨ᠎ᠠ︾  ᠭᠡᠵᠤ ᠳᠠᠬᠢᠨ ᠳᠠᠪᠳᠠᠨ ᠢᠯᠡᠷᠬᠡᠶᠢᠯᠡᠵᠤ ᠪᠠᠶᠢᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号