ᠯᠢᠨᠳᠦ᠋ᠩ ᠪᠠᠯᠭᠠᠰᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠢᠭᠡᠳᠦᠭᠡᠷ ᠹᠷᠣᠨᠲ ᠤᠨ ᠰᠢᠯᠢᠳᠡᠭ ᠣᠳᠣᠨ ᠢ ᠰᠢᠯᠭᠠᠷᠠᠭᠤᠯᠬᠤ︾ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/23
   11 ᠰᠠᠷ᠎ᠠ ᠶᠢᠨ 12 ᠤᠨ ᠡᠳᠦᠷ᠂ ᠯᠢᠨᠳᠦ᠋ᠩ ᠪᠠᠯᠭᠠᠰᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠢᠭᠡᠳᠦᠭᠡᠷ ᠹᠷᠣᠨᠲ ᠤᠨ ᠰᠢᠯᠢᠳᠡᠭ ᠣᠳᠣᠨ ᠢ ᠰᠢᠯᠭᠠᠷᠠᠭᠤᠯᠬᠤ︾ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃
    ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠲᠠᠨ ᠲᠤᠬᠠᠶ ᠶᠢᠨ ᠲᠠᠯᠠᠪᠠᠢ ᠳᠤ ᠬᠦᠷᠴᠦ ᠬᠤᠷᠠᠯ ᠢ ᠵᠢᠯᠣᠭᠤᠳᠪᠠ᠃ ᠬᠤᠷᠠᠯ ᠳᠡᠭᠡᠷ᠎ᠡ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠳᠠᠷᠠᠭᠠᠯᠠᠨ ᠲᠠᠶᠢᠰᠠᠨ ᠳᠤ ᠭᠠᠷᠴᠤ ᠶᠠᠷᠢᠶ᠎ᠠ ᠲᠠᠯᠪᠢᠵᠤ᠂ ᠨᠠᠷᠢᠨ ᠨᠢᠮᠪᠠᠶ ᠪᠡᠯᠡᠳᠬᠡᠭᠰᠡᠨ PPPT ᠲᠠᠢ ᠬᠠᠮᠵᠢᠯᠴᠠᠨ᠂ ᠠᠳᠠᠯᠢ ᠪᠤᠰᠤ ᠬᠠᠷᠠᠭᠠᠰᠤ ᠠᠴᠠ ᠲᠣᠰ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠮᠵᠢ ᠪᠠᠨ ᠲᠣᠳᠣᠷᠬᠠᠶᠢᠯᠠᠨ ᠥᠭᠦᠯᠡᠪᠡ᠃ ᠶᠠᠷᠢᠶ᠎ᠠ ᠲᠠᠯᠪᠢᠵᠤ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠡᠭᠦᠷ ᠨᠢᠭᠡᠪᠦᠷᠢ ᠶᠢᠨ ᠨᠢᠭᠡ ᠵᠢᠯ ᠤᠨ ᠲᠤᠷᠰᠢ ᠣᠯᠤᠭᠰᠠᠨ ᠠᠮᠵᠢᠯᠲᠠ
ᠪᠦᠲᠦᠮᠵᠢ ᠪᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠦᠨᠡᠯᠡᠪᠡ᠃
  ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠪᠠᠯᠭᠠᠰᠤᠨ ᠤ ᠥᠷᠨᠢᠭᠦᠯᠦᠭᠰᠡᠨ  ︽ᠨᠢᠭᠡᠳᠦᠭᠡᠷ ᠹᠷᠣᠨᠲ ᠤᠨ ᠰᠢᠯᠢᠳᠡᠭ ᠣᠳᠣᠨ ᠢ ᠰᠢᠯᠭᠠᠷᠠᠭᠤᠯᠬᠤ  ︾ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠪᠠ ᠦᠨᠡᠯᠡᠯᠲᠡ ᠨᠢ ᠥᠷᠢᠰᠥᠯᠳᠦᠭᠡᠨ ᠪᠣᠯᠬᠤ ᠪᠠᠷ ᠪᠠᠷᠠᠬᠤ ᠥᠬᠡᠶ ᠪᠠᠰᠠ ᠠᠵᠠ ᠲᠣᠬᠢᠶᠠᠯ ᠪᠣᠯᠤᠨ᠎ᠠ᠂ ᠲᠠᠨᠢᠯᠲᠠ ᠪᠠᠨ ᠳᠡᠭᠡᠭᠰᠢᠯᠡᠭᠦᠯᠵᠦ᠂  ︽ᠨᠢᠭᠡᠳᠦᠭᠡᠷ ᠹᠷᠣᠨᠲ ᠤᠨ ᠰᠢᠯᠢᠳᠡᠭ ᠣᠳᠣᠨ ᠢ ᠰᠢᠯᠭᠠᠷᠠᠭᠤᠯᠬᠤ︾ ᠠᠵᠢᠯᠯᠠᠭ᠎ᠠ ᠶᠢ ᠦᠷᠨᠢᠭᠦᠯᠬᠦ  ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠬᠤ ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠪᠠ ᠦᠷ᠎ᠡ ᠪᠦᠲᠦᠭᠡᠯ ᠢᠶᠠᠨ ᠳᠡᠯᠭᠡᠬᠦ ᠠᠷᠭ᠎ᠠ ᠬᠡᠯᠪᠡᠷᠢ ᠪᠠᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ  ᠪᠠᠳᠣᠯᠠᠬᠤ ᠬᠡᠷᠡᠭᠳᠡᠢ᠃ ᠲᠣᠭᠲᠠᠴᠠ ᠶᠢ ᠪᠦᠷᠢᠨᠰᠢᠭᠦᠯᠵᠦ᠂ ᠣᠳᠣᠨ ᠮᠡᠴᠢᠳ ᠰᠢᠯᠭᠠᠷᠠᠭᠤᠯᠬᠤ ᠬᠢᠷᠢ ᠪᠦᠲᠦᠮᠵᠢ ᠶᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠳᠡᠢ᠃ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ︽ᠡᠷᠳᠡᠮ ᠮᠥᠷᠦ᠋ᠢᠴᠡᠬᠦ︾ ᠠᠵᠢᠯᠯᠠᠭ᠎ᠠ ᠠᠴᠠ ᠣᠯᠤᠭᠰᠠᠨ ᠲᠡᠷᠢᠭᠦᠨ ᠤ ᠲᠤᠷᠰᠢᠯᠭ᠎ᠠ ᠪᠣᠯᠤᠨ ᠲᠤᠰ ᠪᠡᠶ᠎ᠡ ᠶᠢᠨ ᠠᠵᠢᠯ ᠢᠶᠠᠨ ᠤᠶᠠᠯᠳᠤᠭᠤᠯᠵᠤ᠂ ︽ᠡᠷᠳᠡᠮ ᠮᠥᠷᠦ᠋ᠢᠴᠡᠭᠰᠡᠨ︾ ᠠᠮᠵᠢᠯᠲᠠ ᠪᠦᠲᠦᠮᠵᠢ ᠪᠠᠨ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠭᠤᠯᠤᠭᠳᠠᠬᠤᠨ ᠢᠶᠠᠨ ᠲᠠᠰᠤᠷᠠᠯᠳᠠ ᠦᠭᠡᠢ ᠪᠠᠶᠠᠯᠢᠭᠵᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠪᠠᠶᠢᠩᠭᠤ ᠠᠳᠬᠤᠵᠤ ᠪᠠᠶᠢᠩᠭᠤ ᠬᠠᠮᠢᠶᠠᠷᠴᠤ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯ ᠨᠢᠭᠡᠨ ᠤᠷᠳᠤ ᠬᠤᠭᠤᠴᠠᠭᠠᠨ ᠤ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠂ ᠨᠢᠭᠡ ᠯᠡ ᠳᠡᠭᠡᠷ᠎ᠡ ᠰᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠪᠢᠰᠢ᠂ ᠤᠯᠠᠨ ᠢᠶᠠᠷ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠢᠮᠠᠭᠲᠠ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠣᠰᠬᠤᠨ ᠦᠨᠳᠦᠰᠦᠨ ᠱᠠᠲᠤᠨ ᠳᠤ ᠣᠶᠢᠷᠠᠳᠬᠤ᠂ ᠬᠡᠷᠡᠭᠵᠢᠭᠦᠯᠵᠦ ᠪᠣᠯᠬᠤ ᠠᠷᠭ᠎ᠠ ᠬᠡᠯᠪᠡᠷᠢ ᠪᠠᠷ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠶᠢᠨ ᠲᠣᠭᠤᠷᠢᠨ ᠳᠤ ᠲᠤᠰ ᠲᠣᠰᠬᠤᠨ ᠤ ᠨᠠᠮ ᠤᠨ ᠡᠭᠦᠷ ᠤᠨ ᠪᠠᠷᠢᠮᠵᠢᠶᠠᠵᠢᠭᠰᠠᠨ ᠵᠢᠷᠤᠮᠵᠢᠭᠰᠠᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠦᠨᠳᠦᠰᠦᠨ
ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠳᠤ ᠶᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号