ᠥᠪᠥᠷ ᠮᠣᠩᠭᠤᠯ ︽ᠢᠳᠡᠬᠦ ᠠᠮᠤ ᠪᠠᠨ ᠬᠤᠳᠠᠯᠳᠤᠨ ᠠᠪᠴᠤ ᠳᠡᠶᠢᠯᠬᠦ︾ ︽ᠳᠠᠷᠢᠭᠰᠠᠨ ᠠᠮᠤ ᠪᠠᠨ ᠬᠤᠳᠠᠯᠳᠤᠨ ᠭᠠᠷᠭᠠᠵᠤ ᠳᠡᠶᠢᠯᠬᠦ︾ ᠶᠢ ᠦᠨᠡᠨ ᠬᠦ ᠪᠠᠲᠤᠯᠠᠵᠤ ᠪᠣᠶ
ᠨᠡᠶᠢᠲᠡᠯᠡᠭᠰᠡᠨ ᠴᠠᠭ᠄
2022/11/23
      ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ︽ᠢᠳᠡᠬᠦ ᠠᠮᠤ ᠪᠤᠳᠠᠭ᠎ᠠ ᠪᠠᠨ ᠬᠤᠳᠠᠯᠳᠤᠨ ᠠᠪᠴᠤ ᠳᠡᠶᠢᠯᠬᠦ︾ ︽ᠳᠠᠷᠢᠭᠰᠠᠨ ᠠᠮᠤ ᠪᠤᠳᠠᠭ᠎ᠠ ᠪᠠᠨ ᠬᠤᠳᠠᠯᠳᠤᠨ ᠭᠠᠷᠭᠠᠵᠤ ᠳᠡᠶᠢᠯᠬᠦ︾ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ︽ᠲᠠᠰᠤᠯᠳᠠᠬᠤ ᠦᠭᠡᠢ︾ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠪᠥᠬᠦ ᠣᠷᠣᠨ ᠤ ᠠᠮᠤ ᠲᠣᠰᠣᠨ ᠤ ᠬᠢᠨᠠᠨ ᠰᠢᠨᠵᠢᠯᠡᠬᠦ 114 ᠴᠡᠭ ᠲᠤ ᠲᠣᠬᠢᠷᠠᠭᠤᠯᠤᠯᠲᠠ ᠬᠢᠵᠦ ᠠᠮᠤ ᠲᠣᠰᠣᠨ ᠤ ᠵᠠᠬ᠎ᠠ ᠳᠡᠯᠭᠡᠭᠦᠷ ᠤᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠬᠤ ᠠᠵᠤ ᠠᠬᠤᠶᠢᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠴᠡᠭ ᠲᠤ ᠭᠤᠣᠯᠳᠠᠯᠭ᠎ᠠ ᠲᠠᠢ ᠲᠣᠬᠢᠷᠠᠭᠤᠯᠤᠯᠲᠠ ᠬᠢᠵᠦ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠪᠠᠲᠤᠯᠠᠭ᠎ᠠ ᠶᠢ ᠡᠬᠢᠯᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ ᠠᠮᠤ ᠲᠣᠰᠣᠨ ᠤ ᠬᠠᠩᠭᠠᠯᠭ᠎ᠠ ᠶᠢᠨ ᠪᠣᠷᠤᠯᠠᠭᠤᠯᠭ᠎ᠠ ᠳᠠᠭᠤᠰᠬᠤ ᠦᠭᠡᠢ᠂ ᠬᠠᠩᠭᠠᠯᠭ᠎ᠠ ᠲᠠᠰᠤᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠨᠢᠭᠡᠳᠦᠯᠲᠡᠢ ᠲᠥᠯᠥᠪᠯᠡᠵᠦ᠂ ᠪᠥᠬᠦ ᠣᠷᠣᠨ ᠤ ᠨᠠᠮᠤᠷ ᠤᠨ ᠬᠤᠷᠢᠶᠠᠯᠲᠠ ᠶᠢᠨ ᠠᠬᠢᠴᠠ ᠪᠠ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ ᠴᠠᠭ ᠲᠤᠬᠠᠢ ᠳᠤ ᠨᠢ ᠬᠢᠨᠠᠨ ᠰᠢᠨᠵᠢᠯᠡᠵᠦ᠂ ︽ᠠᠮᠤ ᠪᠤᠳᠠᠭ᠎ᠠ ᠬᠤᠷᠢᠶᠠᠬᠤ ᠬᠥᠮᠥᠨ ᠲᠠᠢ᠂ ᠠᠮᠤ ᠪᠤᠳᠠᠭ᠎ᠠ ᠬᠤᠷᠢᠶᠠᠬᠤ ᠵᠣᠭᠤᠰ ᠲᠠᠢ᠂ ᠠᠮᠤ ᠪᠤᠳᠠᠭ᠎ᠠ ᠬᠠᠳᠠᠭᠠᠯᠠᠬᠤ ᠬᠥᠮᠥᠷᠭᠡ ᠲᠠᠢ᠂ ᠠᠮᠤ ᠪᠤᠳᠠᠭ᠎ᠠ ᠲᠡᠭᠡᠭᠡᠪᠦᠷᠢᠯᠡᠬᠦ ᠬᠥᠰᠬᠡ ᠲᠠᠢ︾ ᠪᠠᠶᠢᠬᠤ ᠶᠢ ᠪᠠᠲᠤᠯᠠᠵᠤ ᠪᠠᠶᠢᠨ᠎ᠠ᠃ ᠲᠦᠩᠯᠢᠶᠣᠣ ᠳᠠᠬᠢ ᠤᠯᠤᠰ ᠤᠨ ᠠᠮᠤ ᠪᠤᠳᠠᠭᠠᠨ ᠤ ᠠᠷᠠᠯᠵᠢᠶ᠎ᠠ ᠶᠢᠨ ᠲᠥᠪ ᠠᠴᠠ ᠲᠤᠰᠬᠠᠢ ᠠᠷᠠᠯᠵᠢᠶ᠎ᠠ ᠶᠢᠨ ᠴᠤᠭᠯᠠᠭᠠᠨ ᠢ ᠵᠣᠬᠢᠶᠠᠨ ᠪᠠᠶᠢᠭᠤᠯᠬᠤ ᠶᠢ ᠢᠳᠡᠪᠬᠢᠲᠡᠢ ᠵᠣᠬᠢᠴᠠᠭᠤᠯᠵᠤ᠂ ᠠᠮᠤ ᠪᠤᠳᠠᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠪᠠ᠃ 11 ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ᠂ ᠪᠥᠬᠦ ᠣᠷᠣᠨ ᠤ ᠨᠢᠭᠡᠳᠦᠯᠲᠡᠢ ᠪᠦᠷᠢᠳᠬᠡᠯ ᠳᠤ ᠣᠷᠣᠭᠰᠠᠨ ᠠᠵᠤ ᠠᠬᠤᠶᠢᠯᠠᠯ ᠨᠡᠶᠢᠲᠡ 190 ᠲᠦᠮᠡᠨ ᠲᠣᠨ ᠠᠮᠤ ᠪᠤᠳᠠᠭ᠎ᠠ ᠬᠤᠳᠠᠯᠳᠤᠨ ᠠᠪᠴᠠᠢ᠂ ᠡᠭᠦᠨ ᠳᠤ ᠡᠷᠳᠡᠨᠢ ᠰᠢᠰᠢ 185 ᠲᠦᠮᠡᠨ ᠲᠣᠨ᠂ ᠰᠢᠷ᠎ᠠ ᠪᠤᠷᠴᠠᠭ 5 ᠲᠦᠮᠡᠨ ᠲᠣᠨ ᠪᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠢ ᠠᠰᠠᠭᠤᠳᠠᠯ ᠢᠯᠡᠷᠡᠭᠰᠡᠨ ᠦᠭᠡᠢ᠃       ᠡᠭᠦᠨ ᠠᠴᠠ ᠭᠠᠳᠠᠨ᠎ᠠ᠂ 10 ᠳ᠋ᠤᠭᠠᠷ ᠰᠠᠷ᠎ᠠ ᠶᠢᠨ 2 ᠤᠨ ᠡᠳᠦᠷ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠠᠴᠠ ᠪᠠᠴᠢᠮ ᠪᠠᠶᠢᠳᠠᠯ ᠢ ᠠᠷᠭᠠᠴᠠᠭᠠᠨ ᠨᠥᠭᠡᠴᠡᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠦᠷᠭᠦᠯᠵᠢᠯᠡᠨ ᠰᠢᠯᠵᠢᠭᠦᠯᠦᠨ ᠲᠡᠭᠡᠭᠡᠪᠦᠷᠢᠯᠡᠵᠦ᠂ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ᠂ ᠬᠠᠩᠭᠠᠯᠭ᠎ᠠ ᠶᠢ ᠪᠠᠲᠤᠯᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠬᠥᠪᠥᠩ ᠬᠤᠪᠴᠠᠰᠤ᠂ ᠬᠥᠪᠥᠩ ᠮᠠᠶᠢᠬᠠᠨ᠂ ᠬᠥᠪᠥᠩ ᠬᠥᠨᠵᠢᠯᠡ᠂ ᠡᠪᠬᠡᠮᠡᠯ ᠣᠷᠣ᠂ ᠴᠠᠬᠢᠯᠭᠠᠨ ᠳᠤᠯᠠᠭᠠᠮᠵᠢ ᠵᠡᠷᠭᠡ ᠪᠠᠴᠢᠮ ᠪᠠᠶᠢᠳᠠᠯ ᠢ ᠠᠷᠭᠠᠴᠠᠭᠠᠨ ᠨᠥᠭᠡᠴᠡᠯᠡᠬᠦ ᠨᠥᠭᠡᠴᠡ ᠡᠳ᠋ ᠪᠣᠳᠠᠰ ᠢ 20 ᠲᠥᠷᠥᠯ 9 ᠲᠦᠮᠡ ᠭᠠᠷᠤᠢ ᠰᠢᠯᠵᠢᠭᠦᠯᠦᠨ ᠲᠡᠭᠡᠭᠡᠪᠦᠷᠢᠯᠡᠵᠦ᠂ ᠲᠡᠷᠭᠡ ᠬᠦᠰᠭᠡ ᠶᠢ 280 ᠭᠠᠷᠤᠢ ᠤᠳᠠᠭ᠎ᠠ ᠬᠥᠳᠡᠯᠭᠡᠨ ᠬᠡᠷᠡᠭᠯᠡᠵᠦ᠂ ᠥᠳᠥᠭᠡᠭᠴᠢ ᠶᠢ ᠪᠠᠶᠢᠴᠠᠭᠠᠨ ᠰᠢᠯᠭᠠᠬᠤ ᠤᠷᠪᠠᠯᠵᠢ ᠪᠠ ᠬᠠᠮᠠᠭᠠᠯᠠᠯᠲᠠ ᠶᠢᠨ ᠬᠡᠷᠡᠭᠰᠡᠯ ᠢ 70 ᠭᠠᠷᠤᠢ ᠲᠦᠮᠡ ᠰᠢᠯᠵᠢᠭᠦᠯᠦᠨ ᠲᠣᠬᠢᠷᠠᠭᠤᠯᠵᠤ᠂ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠪᠠ ᠭᠤᠣᠯᠳᠠᠯᠭ᠎ᠠ ᠲᠠᠢ ᠭᠠᠵᠠᠷ ᠣᠷᠣᠨ ︵ᠨᠢᠭᠡᠴᠢ︶᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ ᠳᠡᠮᠵᠢᠪᠡ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号