ᠥᠪᠥᠷ ᠮᠣᠩᠭᠤᠯ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠵᠠᠷᠤᠳᠠᠯ ᠤᠨ ᠲᠠᠩᠰᠠ ᠲᠠᠶᠢᠯᠬᠤ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/11/23
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠳᠤ ᠬᠦᠴᠢᠷᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠵᠦ ᠪᠤᠢ᠃       ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠦᠶ᠎ᠡ ᠳᠤ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢᠶᠠᠨ ᠲᠡᠷᠡ ᠳᠠᠷᠤᠢ ᠳᠤ ᠨᠢ ᠲᠡᠰᠦᠯᠦᠨ ᠪᠤᠳᠤᠬᠤ ᠶᠢᠨ ᠠᠷᠭ᠎ᠠ ᠦᠭᠡᠢ ᠪᠣᠯ ᠤᠷᠢᠳ ᠢᠶᠠᠷ ᠥᠪᠡᠷᠲᠡᠭᠡᠨ ᠲᠡᠰᠦᠯᠦᠨ ᠪᠤᠳᠤᠵᠤ᠂ ᠳᠠᠷᠠᠭᠠᠴᠢ ᠪᠠᠷ ᠨᠥᠬᠦᠵᠦ ᠲᠠᠩᠰᠠ ᠳᠡᠶᠢᠯᠵᠦ ᠪᠣᠯᠣᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠷᠠᠭᠠᠯᠵᠠᠯ ᠢ ᠴᠠᠭ ᠲᠤᠬᠠᠢ ᠳᠤ ᠨᠢ ᠮᠡᠳᠡᠭᠦᠯᠵᠦ ᠴᠢᠳᠠᠬᠤ ᠦᠭᠡᠢ ᠪᠠᠶᠢᠪᠠᠯ᠂ ᠲᠣᠰ ᠭᠠᠵᠠᠷ ᠪᠤᠶᠤ ᠣᠨᠳᠣᠣ ᠭᠠᠵᠠᠷ ᠤᠨ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ ᠡᠮᠴᠢᠯᠡᠭᠦᠯᠵᠦ ᠡᠮ ᠬᠤᠳᠠᠯᠳᠤᠨ ᠠᠪᠬᠤ ᠳᠤ ᠪᠠᠨ ᠤᠷᠢᠳ ᠢᠶᠠᠷ ᠥᠪᠡᠷᠲᠡᠭᠡᠨ ᠳ᠋ᠦᠩᠨᠡᠨ ᠪᠤᠳᠤᠵᠤ᠂ 6 ᠰᠠᠷ᠎ᠠ ᠶᠢᠨ ᠳᠣᠲᠣᠷ᠎ᠠ ᠨᠥᠬᠦᠵᠦ ᠮᠡᠳᠡᠭᠦᠯᠵᠦ ᠪᠣᠯᠣᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠪᠠ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠬᠠᠷᠠᠭᠠᠯᠵᠠᠯ ᠬᠦᠷᠲᠡᠭᠰᠡᠳ ᠣᠨᠴᠠᠭᠠᠢ ᠰᠢᠯᠲᠠᠭᠠᠨ ᠠᠴᠠ ᠪᠣᠯᠵᠤ ᠤᠤᠯ ᠤᠨ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠳᠤ ᠡᠮᠨᠡᠭᠦᠯᠵᠦ ᠡᠮ ᠬᠤᠳᠠᠯᠳᠤᠨ ᠠᠪᠴᠤ ᠳᠡᠶᠢᠯᠬᠦ ᠦᠭᠡᠢ ᠪᠣᠯ ᠤᠷᠢᠳ ᠢᠶᠠᠷ ᠥᠪᠡᠷᠲᠡᠭᠡᠨ ᠳ᠋ᠦᠩᠨᠡᠨ ᠪᠤᠳᠤᠵᠤ᠂ ᠳᠠᠷᠠᠭᠠᠴᠢ ᠪᠠᠷ ᠨᠥᠬᠦᠵᠦ ᠲᠠᠩᠰᠠ ᠳᠡᠶᠢᠯᠵᠦ ᠪᠣᠯᠣᠨ᠎ᠠ᠃ ᠣᠨᠳᠣᠣ ᠭᠠᠵᠠᠷ ᠲᠤ ᠡᠮᠨᠡᠭᠦᠯᠬᠦ ᠳᠠᠩᠰᠠᠯᠠᠭᠤᠯᠤᠯᠲᠠ ᠶᠢ ᠭᠦᠢᠴᠡᠳᠬᠡᠭᠰᠡᠨ ᠦᠭᠡᠢ ᠮᠥᠷᠲᠡᠭᠡᠨ ᠨᠢᠭᠡᠨᠲᠡ ᠥᠪᠡᠷᠲᠡᠭᠡᠨ ᠳ᠋ᠦᠩᠨᠡᠨ ᠪᠣᠳᠣᠭᠰᠠᠨ ᠪᠠᠶᠢᠪᠠᠯ᠂ ᠳᠠᠷᠠᠭᠠᠴᠢ ᠪᠠᠷ ᠨᠥᠬᠦᠨ ᠳᠠᠩᠰᠠᠯᠠᠭᠤᠯᠤᠭᠰᠠᠨ ᠤ ᠳᠠᠷᠠᠭ᠎ᠠ ᠳᠠᠬᠢᠨ ᠳᠠᠩᠰᠠ ᠲᠠᠶᠢᠯᠵᠤ ᠪᠣᠯᠣᠨ᠎ᠠ᠃    
 
ᠢᠷᠡᠯᠲᠡ᠄ ᠣᠯᠠᠭᠠᠨᠬᠠᠳᠠ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号