ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/11/23
     11 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠨᠣᠮ ᠤᠩᠰᠢᠬᠤ ᠠᠩᠬᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠬᠠᠮᠲᠤ ᠪᠠᠷ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ᠂ ᠦᠭᠡ ᠦᠰᠦᠭ ᠳᠠᠷᠠᠭᠠᠯᠠᠨ ᠰᠤᠷᠤᠯᠴᠠᠨ ᠲᠤᠤᠱᠯᠠᠭᠤᠯᠤᠭᠰᠠᠨ ᠰᠠᠭᠤᠷᠢᠨ ᠳᠡᠭᠡᠷ᠎ᠡ ᠭᠦᠨᠵᠡᠭᠡᠢ ᠰᠤᠳᠤᠯᠤᠨ ᠶᠠᠷᠢᠯᠴᠠᠵᠤ ᠰᠣᠯᠢᠯᠴᠠᠨ᠎ᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠢᠨ ᠬᠤᠸᠠᠢ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠧᠨ ᡁᠢ ᠴᠢᠶᠠᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ ᠱᠦ᠋ ᠶᠢᠦ ᠵᠡᠷᠭᠡ 16 ᠭᠠᠵᠠᠷ ᠤᠨ ᠲᠠᠰ ᠤᠨ ᠤᠳᠤᠷᠢᠳᠬᠤ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠶ᠃ ᠣᠯᠠᠨ ᠢᠶᠠᠷ ᠢᠶᠠᠨ᠂ ᠣᠭ ᠪᠦᠲᠦᠭᠡᠯ ᠢ ᠤᠩᠰᠢᠬᠤ᠂ ᠣᠭ ᠵᠣᠬᠢᠶᠠᠯ ᠢ ᠰᠤᠷᠤᠯᠴᠠᠬᠤ ᠶᠠᠪᠤᠴᠠ ᠳᠤ ᠲᠠᠨᠢᠯᠲᠠ ᠪᠠᠨ ᠳᠡᠭᠡᠭᠰᠢᠯᠡᠭᠦᠯᠵᠦ᠂ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠪᠠᠭᠠᠷᠢᠨ ᠵᠡᠭᠦᠨ ᠬᠤᠰᠢᠭᠤᠨ ᠤ ᠡᠯ᠎ᠡ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠬᠤ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠪᠠ᠃       ᠬᠤᠷᠠᠯ ᠠᠴᠠ᠂ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠪᠠᠳᠠᠷᠠᠭᠤᠯᠬᠤ ᠳᠤ ᠡᠷᠬᠡᠪᠰᠢ ᠲᠦᠷᠦᠭᠦᠯᠡᠨ ᠰᠠᠶᠢᠲᠤᠷ ᠬᠢᠵᠦ᠂ ᠦᠯᠢᠭᠡᠷ ᠳᠠᠭᠤᠷᠢᠶᠠᠯ ᠪᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠭᠠᠷᠢᠨ ᠵᠡᠭᠦᠨ ᠬᠤᠰᠢᠭᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠬᠤ᠂ ᠤᠳᠤᠷᠢᠳᠬᠤ ᠺᠠᠳ᠋ᠷᠴᠤᠳ ᠨᠠᠮ ᠤᠨ ᠬᠢᠴᠢᠶᠡᠯ ᠣᠷᠣᠬᠤ᠂ ᠨᠠᠮ ᠤᠨ ᠭᠡᠰᠢᠭᠦᠨ ᠺᠠᠳ᠋ᠷᠴᠤᠳ ᠭᠦᠨᠵᠡᠭᠡᠶ ᠰᠤᠷᠤᠯᠴᠠᠬᠤ᠂ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠬᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠴᠤ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠪᠠ ᠤᠯᠤᠰ ᠤᠨ ᠠᠵᠢᠯ ᠦᠶ᠋ᠯᠡᠰ ᠤᠨ ᠬᠥᠭᠵᠢᠯᠲᠡ ᠶᠢᠨ ᠲᠤᠬᠠᠶ ᠨᠠᠮ ᠤᠨ ᠬᠤᠷᠢᠳᠤᠭᠠᠷ ᠶᠡᠭᠡ ᠬᠤᠷᠠᠯ ᠤᠨ ᠦᠨᠳᠦᠰᠦᠨ ᠪᠣᠳᠣᠯᠭ᠎ᠠ ᠴᠢᠭᠯᠡᠯᠲᠡ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠡᠦᠬᠡᠨ ᠯᠣᠭᠢᠭ᠂ ᠣᠨᠣᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠭᠦᠨᠵᠡᠭᠡᠶ ᠣᠶᠢᠯᠠᠭᠠᠭᠤᠯᠵᠤ᠂ ᠦᠭᠡ ᠶᠢ ᠨᠢ ᠮᠡᠳᠡᠪᠡᠯ ᠤᠳᠬ᠎ᠠ ᠶᠢ ᠨᠢ ᠨᠠᠩ ᠮᠡᠳᠡᠬᠦ᠂ ᠤᠴᠢᠷ ᠰᠢᠯᠲᠠᠭᠠᠨ ᠢ ᠨᠢ ᠮᠡᠳᠡᠬᠦ ᠮᠥᠷᠲᠡᠭᠡᠨ ᠤᠴᠢᠷ ᠰᠢᠯᠲᠠᠭᠠᠨ ᠢ ᠨᠢ ᠨᠠᠩ ᠮᠡᠳᠡᠬᠦ ᠪᠣᠯᠭᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠭᠦᠨᠵᠡᠭᠡᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠪᠦᠬᠦ ᠲᠠᠯ᠎ᠠ ᠪᠠᠷ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠠᠢ        ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠪᠠ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠦᠨᠡᠨᠬᠦ ᠶᠠᠪᠤᠭᠳᠠᠭᠤᠰᠢᠲᠠᠢ ᠬᠠᠷᠠᠯᠲᠠ ᠡᠭᠦᠷᠭᠡ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠥᠪᠡᠷᠲᠡᠭᠡᠨ ᠵᠠᠰᠠᠬᠤ ᠣᠷᠣᠨ ᠠᠴᠠ ᠤᠯᠠᠭᠠᠨᠬᠠᠳᠠ ᠳᠤ ᠣᠯᠭᠤᠭᠰᠠᠨ ︽ᠲᠠᠪᠤᠨ ᠪᠠᠶᠢᠷᠢ ᠲᠣᠭᠲᠠᠭᠠᠯᠲᠠ︾ ᠲᠠᠢ ᠤᠶᠠᠯᠳᠤᠭᠤᠯᠤᠨ᠂ ︽ᠤᠯᠠᠭᠠᠨᠬᠠᠳᠠ  ᠶᠢᠨ ᠵᠢᠷᠭᠤᠭ᠎ᠠ︾ ᠶᠢ ᠪᠦᠲᠦᠭᠡᠨ ᠪᠠᠶᠢᠭᠤᠯᠬᠤ ᠲᠡᠮᠡᠴᠡᠬᠦ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ ᠶᠢ ᠰᠠᠢᠲᠤᠷ ᠠᠳᠬᠤᠵᠤ᠂ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂  ᠨᠡᠶᠢᠭᠡᠮ ᠤᠨ ᠪᠠᠳᠣᠯᠭ᠎ᠠ ᠶᠢᠨ ᠦᠢᠯᠡᠰ᠂ ᠰᠣᠶᠣᠯ ᠤᠨ ᠪᠠᠶᠢᠭᠤᠯᠤᠯᠲᠠ᠂ ᠬᠤᠲᠠ ᠬᠥᠳᠡᠭᠡ ᠶᠢᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠨᠡᠢᠭᠡᠮ ᠤᠨ ᠵᠠᠰᠠᠯᠲᠠ ᠵᠡᠷᠭᠡ ᠲᠠᠯ᠎ᠠ ᠪᠠᠷ ᠰᠢᠨ᠎ᠡ ᠠᠯᠬᠤᠮ ᠢ ᠠᠯᠬᠤᠬᠤ ᠬᠡᠷᠡᠭᠲᠡᠢ᠃ ᠡᠯ᠎ᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠡᠷᠦᠩᠬᠡᠶ ᠳᠤᠨᠢ ᠠᠳᠬᠤᠬᠤ᠂ ᠭᠤᠤᠯᠳᠠᠯᠭ᠎ᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠶᠠᠪᠤᠳᠠᠯ ᠢ ᠪᠡᠶ᠎ᠡ ᠪᠠᠷ ᠢᠶᠠᠨ ᠠᠰᠠᠭᠤᠵᠤ᠂ ᠴᠢᠬᠤᠯᠠ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠱᠠᠯᠠᠪᠳᠠᠭᠤᠯᠤᠨ ᠰᠢᠢᠳᠪᠦᠷᠢᠯᠡᠬᠦ ︽ᠳᠥᠷᠪᠡ ᠶᠢ ᠪᠡᠶ᠎ᠡ ᠪᠠᠷ ᠢᠶᠠᠨ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠢᠶᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠪᠣᠯᠤᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ  ᠦᠢᠯᠡᠰ ᠤᠨ ᠬᠥᠭᠵᠢᠯᠲᠡ ᠵᠡᠷᠭᠡ ᠡᠯ᠎ᠡ  ᠵᠦᠢᠯ ᠤᠨ ᠠᠵᠢᠯ ᠳᠤ ᠭᠦᠨᠵᠡᠭᠡᠶ ᠣᠷᠣᠯᠴᠠᠵᠤ᠂ ︽ᠪᠥᠬᠦ ᠡᠬᠢ ᠪᠠᠶᠠᠯᠢᠭ ᠢ ᠬᠡᠷᠡᠭᠯᠡᠵᠦ᠂ ᠪᠥᠬᠦ ᠬᠦᠴᠦᠨ ᠢᠶᠠᠨ ᠰᠢᠪᠬᠠᠨ᠂ ᠪᠥᠬᠦ ᠠᠷᠭ᠎ᠠ ᠬᠡᠮᠵᠢᠶ᠎ᠡ ᠪᠠᠨ ᠰᠢᠪᠬᠠᠵᠤ︾ ᠪᠠᠭᠠᠷᠢᠨ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠰᠢᠭᠦᠬᠦ  ᠬᠤᠷᠢᠶ᠎ᠠ ᠪᠠᠶᠢᠴᠠᠭᠠᠬᠤ ᠬᠤᠷᠢᠶ᠎ᠠ ᠨᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠪᠠᠨ ᠳᠠᠰᠤᠷᠠᠯᠳᠠ ᠦᠭᠡᠢ ᠵᠢᠷᠤᠮᠵᠢᠭᠤᠯᠵᠤ᠂ ᠬᠠᠤᠯᠢᠵᠢᠯ ᠤᠨ ᠵᠡᠭᠦᠨ ᠬᠤᠰᠢᠭᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃      ᠬᠤᠷᠠᠯ ᠠᠴᠠ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠬᠥᠭᠵᠢᠯᠲᠡ ᠶᠢᠨ ᠪᠠᠶᠢᠳᠠᠯ᠂ ᠪᠡᠷᠬᠡ ᠬᠠᠲᠠᠭᠤᠵᠢᠯᠲᠠᠢ ᠬᠦᠨᠳᠦ ᠨᠦᠰᠡᠷ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠰᠢᠨ᠎ᠡ ᠶᠢ ᠡᠭᠦᠳᠬᠦ ᠪᠠ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ  ᠴᠢᠰᠦ  ᠂ ᠰᠦᠭ ᠰᠦᠨᠡᠰᠦ ᠳᠡᠭᠡᠨ ᠠᠭᠤᠰᠬᠠᠵᠤ᠂ ᠲᠤᠬᠠᠶᠢᠯᠠᠭᠰᠠᠨ ᠠᠵᠢᠯ ᠳᠠᠭᠠᠨ ᠠᠭᠤᠰᠬᠠᠬᠤ ᠶᠢ ᠪᠠᠷᠢᠮᠲᠠᠯᠠᠬᠤ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠵᠤ᠂ ᠦᠵᠡᠯᠲᠡ ᠲᠠᠨᠢᠯᠲᠠ᠂ ᠰᠡᠳᠬᠢᠬᠦᠶ ᠢᠯᠠᠩᠭᠤᠶ᠎ᠠ ᠠᠵᠢᠯ ᠤᠨ ᠦᠷ᠎ᠡ ᠪᠦᠲᠦᠮᠵᠢ ᠵᠡᠷᠭᠡ ᠲᠠᠯ᠎ᠠ ᠶᠢᠨ ᠵᠥᠷᠢᠶ᠎ᠡ ᠪᠠᠨ ᠭᠦᠨᠵᠡᠭᠡᠶ ᠪᠠᠶᠢᠴᠠᠭᠠᠨ ᠦᠵᠡᠵᠦ᠂ ᠰᠢᠨ᠎ᠡ ᠰᠡᠳᠬᠢᠮᠵᠢ ᠶᠢ ᠢᠳᠡᠪᠬᠢᠲᠡᠶ ᠰᠦᠪᠡᠭᠴᠢᠯᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠢᠮᠠᠭᠲᠠ ᠰᠤᠷᠤᠯᠴᠠᠬᠤ ᠲᠤᠯᠭᠠᠮ᠎ᠠ ᠰᠡᠳᠬᠢᠯᠭᠡ ᠪᠠᠨ ᠪᠠᠲᠤᠯᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠲᠠᠢ ᠵᠣᠬᠢᠴᠠᠭᠰᠠᠨ ᠮᠡᠳᠡᠯᠭᠡ ᠶᠢᠨ ᠪᠦᠲᠦᠴᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠤᠯᠴᠠᠯᠭ᠎ᠠ ᠶᠢᠨ ᠬᠦᠴᠦᠯᠡᠬᠦ ᠴᠡᠭ ᠢᠶᠠᠨ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠶᠢ ᠴᠢᠬᠤᠯᠠᠴᠢᠯᠠᠵᠤ᠂ ᠴᠢᠳᠠᠪᠤᠷᠢ ᠶᠢᠨ ᠭᠡᠯᠮᠡᠭᠳᠡᠯ ᠢ ᠡᠷᠡᠰ ᠲᠡᠪᠴᠢᠵᠦ᠂ ᠠᠰᠠᠭᠤᠳᠠᠯ ᠤᠨ ᠳᠤᠮᠳᠠ ᠦᠨᠡᠨ ᠬᠦ ᠵᠠᠩᠭᠢᠯᠠᠭ᠎ᠠ ᠶᠢ ᠡᠷᠢᠵᠦ᠂ ᠬᠥᠭᠵᠢᠯᠲᠡ ᠶᠢᠨ ᠳᠤᠮᠳᠠ ᠰᠡᠳᠬᠢᠴᠡ ᠶᠢ ᠡᠷᠢᠯᠬᠢᠯᠡᠵᠦ᠂ ᠵᠥᠷᠢᠴᠡᠯ ᠪᠣᠯᠤᠨ ᠬᠦᠴᠢᠷ ᠠᠰᠠᠭᠤᠳᠠᠯ ᠢ ᠲᠠᠬᠢᠨ ᠳᠠᠪᠲᠠᠨ ᠰᠢᠢᠳᠪᠦᠷᠢᠯᠡᠬᠦ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠯᠤᠰ ᠬᠡᠲᠦ ᠶᠢ ᠪᠣᠳᠣᠯᠬᠢᠯᠠᠨ᠂ ᠶᠡᠭᠡ ᠲᠠᠩᠰᠠ᠂ ᠶᠡᠷᠦᠩᠬᠡᠶᠢᠯᠡᠭᠰᠡᠨ ᠲᠠᠩᠰᠠ ᠪᠤᠳᠤᠬᠤ ᠶᠢ ᠪᠠᠷᠢᠮᠲᠠᠯᠠᠵᠤ᠂ ᠪᠠᠭᠠᠷᠢᠨ ᠵᠡᠭᠦᠨ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠤᠷᠢᠲᠠᠯ ᠳᠤᠤᠷ᠎ᠠ᠂ ᠲᠥᠷᠥᠯ ᠵᠦᠢᠯ᠂ ᠪᠠᠯᠠ ᠮᠥᠩᠭᠦ᠂ ᠴᠢᠳᠠᠪᠤᠷᠢᠲᠠᠨ ᠵᠡᠷᠭᠡ ᠡᠯ᠎ᠡ ᠬᠦᠷᠢᠶᠡᠨ ᠳᠤ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨ᠎ᠡ ᠥᠷᠲᠡᠭ ᠥᠨᠳᠥᠷ᠂ ᠲᠠᠲᠠᠬᠤ ᠬᠦᠴᠦᠨ ᠶᠡᠭᠡ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠠᠯᠢ ᠣᠯᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠭᠠᠷᠭᠠᠬᠤ ᠬᠡᠷᠡᠭᠲᠡᠶ᠃ ᠪᠠᠶᠢᠭᠤᠯᠤᠯ ᠤᠨ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ᠂ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠯᠢᠪᠠ ᠪᠠᠶᠢᠭᠤᠯᠤᠮᠵᠢ ᠲᠣᠭᠲᠠᠴᠠ ᠶᠢ ᠵᠣᠷᠢᠭᠲᠠᠢ ᠪᠠᠷ ᠥᠭᠡᠷᠡᠴᠢᠯᠡᠵᠦ᠂ ᠬᠥᠭᠵᠢᠯᠲᠡ ᠶᠢᠨ ᠪᠣᠭᠤᠮᠢ ᠶᠢ ᠪᠦᠬᠦ ᠬᠦᠴᠦ ᠪᠠᠷ ᠢᠶᠠᠨ ᠰᠢᠢᠳᠪᠦᠷᠢᠯᠡᠵᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ ᠬᠡᠷᠡᠭᠲᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号