ᠵᠢᠷᠤᠭ ᠪᠣᠯ ᠵᠠᠮ ᠬᠠᠷᠢᠯᠴᠠᠭᠠᠨ ᠤ ᠬᠡᠰᠡᠭ ᠪᠣᠯᠤᠨ᠎ᠠ | | ᠣᠶᠢᠷ᠎ᠠ ᠳᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠶ ᠰᠢᠩ ᠠᠴᠠ ᠬᠤᠶᠢᠳᠦ | ᠰᠢᠩ ᠯᠦᠩ ᠳ᠋ᠢ ᠲᠣᠰᠬᠤᠨ ᠬᠦᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ | ᠲᠤᠰᠢᠶᠠᠵᠤ ᠰᠢᠯᠭᠠᠨ ᠠᠪᠬᠤ ᠬᠤᠷᠠᠯ ᠬᠤᠷᠠᠯᠳᠣᠵᠠᠢ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠯᠢᠨᠳᠦ᠋ᠩ ᠪᠠᠯᠭᠠᠰᠤᠨ ᠤ ᠵᠠᠰᠠᠭ ᠤᠨ ᠣᠷᠳᠣᠨ ᠵᠡᠷᠭᠡ | ᠰᠠᠯᠠᠭ᠎ᠠ ᠮᠥᠴᠢᠷ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠢᠨᠠᠨ ᠬᠠᠮᠢᠶᠠᠷᠤᠯᠲᠠ᠂ ᠵᠢᠷᠤᠭ | ᠲᠥᠯᠥᠪᠯᠡᠭᠡ᠂ ᠪᠠᠷᠢᠯᠭ᠎ᠠ ᠶᠢᠨ ᠠᠵᠢᠯ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠰᠢᠯᠭᠠᠨ ᠠᠪᠬᠤ ᠳᠤᠭᠤᠶᠢᠯᠠᠩ ᠨᠢ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠳᠦᠷᠢᠮ︾᠂ ︽ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ | ᠦᠨᠡᠯᠡᠨ ᠲᠣᠭᠲᠠᠭᠠᠬᠤ ᠪᠠᠷᠢᠮᠵᠢᠶ᠎ᠠ︾᠂ ︽ᠵᠠᠰᠠᠮᠠᠯ ᠵᠠᠮ ᠤᠨ ᠪᠠᠷᠢᠯᠭ᠎ᠠ ᠳᠠᠭᠤᠰᠤᠭᠰᠠᠨ ︵ᠲᠤᠰᠢᠶᠠᠭᠰᠠᠨ︶ | ᠪᠠᠷᠢᠯᠭ᠎ᠠ ᠶᠢ ᠰᠢᠯᠭᠠᠨ ᠠᠪᠬᠤ ᠠᠷᠭ᠎ᠠ︾ ᠵᠡᠷᠭᠡ ᠵᠢᠷᠤᠮᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠷᠥᠯ | ᠵᠦᠢᠯ ᠤᠨ ᠲᠦᠢᠮᠣ ᠪᠠᠶᠢᠳᠠᠯ᠂ ᠪᠠᠷᠢᠯᠭ᠎ᠠ ᠪᠠᠷᠢᠭᠰᠠᠨ ᠪᠣᠳᠠᠲᠠᠶ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ | ᠬᠡᠮᠵᠢᠬᠦ ᠵᠡᠷᠭᠡ ᠣᠯᠠᠨ ᠲᠠᠯ᠎ᠠ ᠪᠠᠷ ᠭᠤᠣᠯᠳᠠᠯᠭ᠎ᠠ ᠲᠠᠢ ᠦᠨᠡᠯᠡᠨ ᠲᠣᠭᠲᠠᠭᠠᠯᠲᠠ ᠬᠢᠵᠠᠢ᠃ ᠶᠡᠷᠦᠩᠬᠡᠶᠢᠯᠡᠨ ᠦᠨᠡᠯᠡᠨ | ᠲᠣᠭᠲᠠᠭᠠᠬᠤ ᠪᠠᠷ ᠳᠡᠮᠵᠢᠨ᠂ ᠠᠵᠢᠯ ᠲᠥᠷᠥᠯ ᠤᠨ ᠪᠠᠷᠢᠮᠵᠢᠶ᠎ᠠ ᠵᠢᠴᠢ ᠬᠠᠮᠢᠶ᠎ᠠ ᠪᠥᠬᠦᠶ ᠰᠢᠯᠭᠠᠨ ᠬᠤᠷᠢᠶᠠᠬᠤ | ᠳᠤᠭᠤᠶᠢᠯᠠᠩ ᠠᠴᠠ ᠲᠣᠰ ᠲᠥᠷᠥᠯ ᠵᠦᠢᠯ ᠢ ᠠᠵᠢᠯ ᠲᠤᠰᠢᠶᠠᠵᠤ ᠰᠢᠯᠭᠠᠨ ᠠᠪᠬᠤ ᠶᠢ ᠵᠥᠪᠰᠢᠶᠡᠷᠡᠪᠡ᠃ | ᠲᠥᠷᠥᠯ ᠵᠦᠢᠯ ᠤᠨ ᠲᠠᠨᠢᠯᠴᠠᠭᠤᠯᠭ᠎ᠠ᠄ ᠲᠣᠰ ᠲᠥᠷᠥᠯ ᠵᠦᠢᠯ ᠤᠨ ᠱᠤᠭᠤᠮ ᠤᠨ ᠪᠥᠬᠦ ᠣᠷᠳᠣ ᠨᠢ 1 . | 8 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ 1869 ᠲᠦᠮᠡᠨ ᠲᠥᠭᠦᠷᠢᠭ ᠪᠠᠶᠢᠵᠤ᠂ ᠬᠤᠶᠠᠳᠤᠭᠠᠷ | ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠪᠥᠬᠦ ᠱᠤᠭᠤᠮ ᠳᠤ 1 ᠬᠥᠭᠦᠷᠭᠡ / 65 . | 5 ᠤᠷᠳᠤᠳᠬᠠᠯ ᠮᠧᠲᠷ ᠢ ᠰᠢᠨ᠎ᠡ ᠪᠠᠷ ᠪᠠᠶᠢᠭᠤᠯᠪᠠ᠃ ᠲᠣᠰ ᠲᠥᠷᠥᠯ ᠵᠦᠢᠯ ᠤᠨ ᠤᠷᠤᠭᠰᠢᠲᠠᠶ ᠰᠢᠯᠭᠠᠨ | ᠠᠪᠤᠭᠰᠠᠨ ᠨᠢ ᠬᠠᠶ ᠰᠢᠩ ᠲᠣᠰᠬᠤᠨ ᠪᠣᠯᠤᠨ ᠬᠤᠶᠢᠳᠦ ᠰᠢᠩ ᠯᠦᠩ ᠳ᠋ᠢ ᠲᠣᠰᠬᠤᠨ ᠤ ᠬᠥᠳᠡᠭᠡ ᠲᠣᠰᠬᠤᠨ ᠤ | ᠵᠠᠰᠠᠮᠠᠯ ᠵᠠᠮ ᠤᠨ ᠲᠤᠤᠷ ᠢ ᠨᠠᠩ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠦᠪᠰᠢᠨ ᠢ ᠪᠦᠲᠦᠮᠵᠢᠲᠡᠶ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠳᠤ ᠪᠠᠲᠤ ᠪᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠪᠠ᠃ | | | | |