ᠰᠠᠨ ᠱᠠᠨ ᠰᠢᠶᠠᠩ᠄ ︽ᠭᠠᠰᠢᠭᠤᠨ︾ ᠡᠮ ᠤᠨ ᠮᠠᠲ᠋ᠧᠷᠢᠶᠠᠯ ᠢ ᠳᠠᠷᠢᠵᠤ ︽ᠰᠢᠬᠢᠷᠯᠢᠭ︾ ᠠᠮᠢᠳᠤᠷᠠᠯ ᠡᠳ᠋ᠯᠡᠵᠤ ᠪᠤᠢ
ᠨᠡᠶᠢᠲᠡᠯᠡᠭᠰᠡᠨ ᠴᠠᠭ᠄
2022/11/29
    2022 ᠣᠨ ᠤ 11 ᠰᠠᠷ᠎ᠠ ᠶᠢᠨ 1 ᠤ ᠡᠳᠦᠷ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠠᠷᠪᠠᠨ ᠬᠤᠶᠠᠳᠤᠭᠠᠷ ᠪᠦᠯᠦᠭ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠢ ᠵᠠᠷᠯᠠᠨ ᠨᠡᠶᠢᠲᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠰᠠᠨ ᠱᠠᠨ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠳᠠᠷᠢᠭᠰᠠᠨ ᠬᠡᠪᠴᠢᠶ᠎ᠡ ᠨᠡᠯᠢᠶᠡᠳ ᠶᠡᠭᠡ᠂ ᠠᠵᠤ ᠠᠬᠤᠶ ᠶᠢᠨ ᠦᠷ᠎ᠡ ᠠᠰᠢᠭ ᠨᠡᠯᠢᠶᠡᠳ ᠥᠨᠳᠥᠷ ᠪᠣᠯᠬᠤᠷ ᠵᠠᠷᠯᠠᠨ ᠨᠡᠶᠢᠲᠡᠯᠡᠭᠰᠡᠨ ᠨᠡᠷᠡᠰ ᠲᠤ ᠳᠣᠳᠣᠷᠠᠵᠠᠢ᠃
    2022 ᠣᠨ ᠳᠤ᠂ ᠰᠠᠨ ᠱᠠᠨ ᠰᠢᠶᠠᠩ ᠤᠨ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠨᠢᠭᠡᠨᠲᠡ 30000 ᠮᠥ ᠳᠤ ᠬᠦᠷᠴᠦ᠂ ᠡᠮ ᠤᠨ ᠮᠠᠲ᠋ᠧᠷᠢᠶᠠᠯ ᠨᠢ ᠾᠧᠪᠧᠶ ᠶᠢᠨ ᠠᠨ ᠭᠦᠸᠧ᠂ ᠠᠨᠾᠦ᠋ᠢ ᠶᠢᠨ ᠪᠥᠸᠧ ᠵᠧᠤ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠢᠴᠢ ᠭᠤᠸᠠᠩᠰᠢ ᠶᠢᠨ ᠢᠦᠶ ᠯᠢᠨ ᠡᠮ ᠤᠨ ᠦᠢᠯᠡᠳᠪᠦᠷᠢ᠂ ᠤᠯᠤᠰ ᠤᠨ ᠡᠮ ᠤᠨ ᠪᠦᠯᠦᠭᠯᠡᠯ ᠤᠨ ᠾᠧᠪᠧᠶ ᠶᠢᠨ ᠴᠧᠩᠳᠧ ᠡᠮ ᠤᠨ ᠮᠠᠲ᠋ᠧᠷᠢᠶᠠᠯ ᠤᠨ ᠺᠣᠮᠫᠠᠨᠢ ᠳᠤ ᠪᠣᠷᠣᠯᠠᠭᠤᠯᠤᠭᠳᠠᠵᠤ᠂ ᠵᠢᠯ ᠤᠨ ᠦᠢᠯᠡᠳᠬᠦᠨ ᠤ ᠥᠷᠲᠡᠭ ᠨᠢ 1 ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠶ᠃
        ᠣᠳᠣᠬᠠᠨ ᠳᠤ᠂ ᠪᠠᠭᠠᠷᠢᠨ ᠵᠡᠭᠦᠨ ᠬᠤᠰᠢᠭᠤ ᠨᠢᠭᠡᠨᠲᠡ ᠰᠠᠨ ᠱᠠᠨ ᠰᠢᠶᠠᠩ ᠢᠶᠠᠷ ᠲᠥᠪ ᠪᠣᠯᠭᠠᠭᠰᠠᠨ ᠹᠦ᠋ ᠾᠧ ᠪᠠᠯᠭᠠᠰᠤ᠂ ᠪᠢᠯᠡᠭᠦᠳᠠᠢ ᠪᠠᠯᠭᠠᠰᠤ᠂ ᠬᠠᠷᠠᠬᠠᠳᠠ ᠪᠠᠯᠭᠠᠰᠤ᠂ ᠯᠢᠨᠳᠦ᠋ᠩ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠢ ᠪᠦᠷᠢᠯᠳᠦᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠲᠠᠷᠢᠬᠤ ᠲᠥᠷᠥᠯ ᠵᠦᠢᠯ ᠳᠤ ᠴᠡᠯᠡᠭᠡᠷ ᠮᠣᠳᠣ᠂ ᠬᠦᠬᠡ ᠦᠨᠳᠦᠰᠦ᠂ ᠬᠤᠨᠴᠢᠷ᠂ ᠬᠤᠷᠳᠤᠨ ᠴᠠᠭᠠᠨ᠂ ᠱᠦᠭᠦᠷᠭᠡᠨ᠎ᠡ᠂ ᠬᠤᠨᠴᠢᠨ᠂ ᠰᠢᠷᠪᠥᠰᠥᠨ ᠦᠨᠳᠦᠰᠦ᠂ ᠤᠯᠠᠭᠠᠨ ᠴᠠᠨ᠎ᠠ ᠵᠡᠷᠭᠡ 20 ᠰᠢᠬᠠᠮ ᠵᠦᠢᠯ  ᠢ ᠳᠠᠷᠢᠵᠤ ᠪᠤᠢ᠃
   ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠳᠠᠷᠢᠭᠰᠠᠨ ᠲᠠᠷᠢᠶᠠᠴᠢᠨ ᠡᠷᠦᠬᠡ 500 ᠭᠠᠷᠤᠶ ᠡᠷᠦᠬᠡ ᠳᠤ ᠬᠦᠷᠴᠦ᠂ ᠵᠢᠯ ᠤᠨ ᠳᠠᠷᠢᠬᠤ ᠲᠠᠯᠠᠪᠠᠶ ᠶᠢ 38000 ᠮᠥ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号