ᠪᠥᠬᠦ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/8
      ᠸᠠᠩ ᠸᠠᠩ ᠱᠧᠩ ᠬᠤᠷᠠᠯ ᠡᠷᠬᠢᠯᠡᠵᠦ ᠶᠠᠷᠢᠶ᠎ᠠ ᠲᠠᠯᠪᠢᠪᠠ      11 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠥᠬᠦ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠤᠯᠠᠭᠠᠨᠬᠠᠳᠠ ᠳᠤ ᠪᠤᠴᠠᠵᠤ ᠢᠷᠡᠭᠰᠡᠨ ᠰᠤᠷᠤᠭᠴᠢᠳ ᠢ ᠪᠢᠲᠡᠭᠦᠦ ᠬᠡᠯᠬᠢᠶ᠎ᠡ ᠪᠠᠷ ᠰᠢᠯᠵᠢᠭᠦᠯᠦᠨ ᠵᠥᠭᠡᠭᠡᠪᠦᠷᠢᠯᠡᠬᠦ ᠪᠠ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠵᠢᠯ ᠤᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠤᠨ ᠠᠬᠢᠭᠤᠯᠪᠠ᠃      ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠷᠭᠦᠯᠵᠢᠯᠡᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠣᠨᠤᠴᠠᠲᠠᠢ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤᠳᠬᠠᠬᠤ ᠬᠡᠷᠡᠭᠲᠡᠢ᠃ ᠠᠵᠢᠯ ᠤᠨ ᠬᠤᠪᠢᠶᠠᠷᠢᠯᠠᠯ ᠢᠶᠠᠨ ᠲᠣᠳᠤᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠤᠨ᠂ ᠲᠤᠰᠪᠤᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠤᠯᠠᠭᠠᠨᠬᠠᠳᠠ ᠳᠤ ᠪᠤᠴᠠᠵᠤ ᠢᠷᠡᠭᠰᠡᠨ ᠰᠤᠷᠤᠭᠴᠢᠳ ᠢ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ᠂ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠡᠮᠬᠢ ᠵᠢᠷᠤᠮ ᠲᠠᠢ ᠠᠬᠢᠭᠤᠯᠵᠤ᠂ ᠠᠯᠳᠠᠰᠢ ᠭᠠᠷᠬᠤ ᠶᠢ ᠡᠷᠡᠰ ᠬᠤᠷᠢᠭᠯᠠᠨ᠂ ᠭᠡᠮ ᠰᠣᠭᠤᠭ ᠢ ᠠᠷᠢᠯᠭᠠᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠳᠡᠪᠬᠢᠲᠡᠢ ᠪᠠᠷ ᠬᠡᠷᠡᠭᠯᠡᠭᠡ ᠶᠢ ᠠᠬᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠲᠠᠯ᠎ᠠ ᠶᠢ ᠵᠡᠷᠭᠡ ᠪᠠᠷ ᠠᠳᠬᠤᠨ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠲᠠ ᠶᠢᠨ ᠤᠳᠤᠷᠢᠳᠤᠯᠭ᠎ᠠ ᠯᠤᠸᠠᠨ ᠲᠢᠶᠠᠨ ᠮᠧᠩ᠂ ᠵᠠᠩ ᠵᠢᠶ ᠺᠠᠩ᠂ ᠰᠦᠨ ᠬᠠᠶ ᠲᠤᠤ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠤᠯᠠᠭᠠᠨᠬᠠᠳᠠ ᠳᠤ ᠪᠤᠴᠠᠵᠤ ᠢᠷᠡᠭᠰᠡᠨ ᠰᠤᠷᠤᠭᠴᠢᠳ ᠢ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ᠂ ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠪᠣᠯᠤᠨ ᠲᠤᠰᠠᠭᠠᠷᠯᠠᠬᠤ ᠭᠠᠵᠠᠷ ᠤᠨ ᠬᠠᠳᠠᠭᠠᠯᠠᠮᠵᠢ ᠵᠡᠷᠭᠡ ᠪᠠᠶᠢᠳᠠᠯ ᠢ ᠮᠡᠳᠡᠭᠳᠡᠭᠰᠡᠨ ᠮᠥᠷᠳᠡᠭᠡᠨ ᠪᠣᠳᠠᠲᠠᠶ ᠠᠵᠢᠯ ᠢ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠴᠧᠨ ᠵᠠᠨ ᠶᠢᠩ᠂ ᠴᠢᠶᠣᠤ ᠢᠦᠢ ᡂᠢ᠂ ᠭᠤᠤ ᠰᠢ ᠬᠤᠸᠠ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃     ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠠᠷ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠣᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号