ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/8
11 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠲᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠡᠭᠴᠡᠯᠡᠨ ᠰᠠᠶᠢᠵᠢᠷᠠᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠰᠦᠯ︾ ︽ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ︾ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠠᠵᠢᠯ ᠤᠨ ᠲᠥᠰᠦᠯ︾ ︽ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠲᠤᠤᠱᠯᠠᠭᠤᠯᠵᠤ ᠨᠠᠶᠢᠳᠠᠪᠤᠷᠢᠵᠢᠭᠤᠯᠪᠠ᠃  ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠱᠠᠯᠠᠪᠳᠠᠨ ᠥᠷᠨᠢᠭᠦᠯᠦᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠴᠢᠨᠰᠠᠭ᠎ᠠ ᠶᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ︽ᠭᠡᠷ ᠪᠠᠶᠢᠰᠢᠩ ᠪᠣᠯ ᠰᠠᠭᠤᠬᠤ ᠶᠢᠨ ᠲᠥᠯᠥᠭᠡ᠂ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠮᠠᠨ ᠤ ᠬᠤᠳᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠵᠦ ᠂ ︽ᠠᠵᠢᠯ ᠤᠨ ᠲᠥᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠦᠢᠯᠡᠳᠪᠦᠷᠢ ᠶᠢᠨ ᠭᠡᠷ ᠪᠠᠶᠢᠰᠢᠩ ᠪᠣᠯᠤᠨ ᠠᠷᠠᠯᠵᠢᠶᠠᠴᠢᠨ ᠤᠷᠢᠬᠤ ᠲᠦᠷᠦᠯ ᠵᠦᠢᠯ ᠤᠨ ᠳᠤᠬᠢᠷᠠᠭᠤᠯᠤᠯᠳᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠨᠳᠤᠯᠭᠠᠲᠤ ᠴᠢᠨᠠᠷᠲᠠᠢ ᠪᠠᠷ ᠴᠢᠨᠠᠷ ᠰᠠᠶᠢᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠮᠠᠨ ᠤ ᠬᠤᠲᠠ ᠶᠢᠨ ᠢᠳᠡᠭᠡᠨ ᠤ ᠠᠮᠤᠷ ᠲᠦᠪᠰᠢᠨ ᠪᠠ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ᠬᠤᠲᠠ ᠶᠢᠨ ᠳᠡᠳ᠋ ᠳᠠᠷᠤᠭ᠎ᠠ ᠵᠠᠩ ᠵᠢᠶ ᠺᠠᠩ᠂ ᠶᠠᠩ ᠮᠥ᠂ ᠮᠧᠩ ᠰᠢᠶᠤᠤ ᠪᠢᠩ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠣᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号