ᠵᠡᠭᠦᠨ ᠬᠤᠳᠠ ᠳᠣᠭᠤᠷᠢᠭ᠄ ︽ᠭᠤᠷᠪᠠᠨ ᠲᠠᠪᠴᠠᠩ︾ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠴᠢᠯᠡᠭᠡ ᠶᠢ  ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/11/9
       ᠣᠶᠢᠷ᠎ᠠ ᠶᠢᠨ ᠵᠢᠯ ᠤᠳ ᠲᠤ᠂ ᠵᠡᠭᠦᠨ ᠬᠤᠳᠠ ᠳᠣᠭᠤᠷᠢᠭ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠴᠢᠯᠡᠭᠡ ᠶᠢᠨ ᠭᠠᠵᠠᠷ ᠢᠶᠠᠷ ᠲᠦᠰᠢᠭ ᠪᠣᠯᠭᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂  ᠦᠢᠯᠡᠴᠢᠯᠡᠭᠡ ᠶᠢᠨ ᠭᠠᠵᠠᠷ ᠤᠨ ᠪᠠᠶᠢᠭᠤᠯᠤᠯᠲᠠ ᠪᠠᠷ ᠰᠠᠭᠤᠷᠢ ᠪᠣᠯᠭᠠᠬᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠠᠵᠢᠯᠯᠠᠭᠠᠨ ᠤ ᠠᠴᠢᠶᠠᠯᠠᠪᠤᠷᠢ ᠪᠠᠷ ᠭᠠᠷᠳᠠᠵᠤ᠂ ᠪᠣᠯᠪᠠᠰᠤᠨ ᠤ ᠦᠢᠯᠡᠴᠢᠯᠡᠭᠡ ᠶᠢᠨ ᠭᠠᠵᠠᠷ ᠢ ︽ᠰᠠᠶᠢᠲᠤᠷ ᠪᠠᠶᠢᠭᠤᠯᠬᠤ︾ ᠪᠠ ︽ᠰᠠᠶᠢᠲᠤᠷ ᠬᠡᠷᠡᠭᠯᠡᠬᠦ︾ ᠳᠡᠭᠡᠷ᠎ᠡ ᠬᠦᠴᠦ ᠣᠷᠣᠭᠤᠯᠵᠤ᠂ ᠠᠷᠭ᠎ᠠ ᠤᠬᠠᠭᠠᠨ ᠭᠠᠷᠭᠠᠵᠤ᠂ ᠣᠯᠠᠨ ᠲᠦᠮᠡᠨ ᠢ ᠨᠡᠪᠲᠡᠷᠡᠭᠦᠯᠬᠦ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃       ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ᠄ ︽11285︾ ᠠᠵᠢᠯ ᠤᠨ ᠠᠷᠭ᠎ᠠ ᠶᠢ ᠢᠳᠡᠪᠬᠢᠲᠡᠶ ᠰᠦᠪᠡᠭᠴᠢᠯᠡᠵᠦ᠂ ᠣᠯᠠᠨ ᠲᠦᠮᠡᠨ ᠢ ᠬᠥᠲᠥᠯᠥᠨ ᠵᠢᠯᠣᠭᠤᠳᠬᠤ᠂ ᠬᠡᠪ ᠵᠠᠩᠰᠢᠯ ᠪᠣᠯᠭᠠᠬᠤ᠂ ᠣᠯᠠᠨ ᠲᠦᠮᠡᠨ ᠢ ᠨᠢᠭᠲᠠᠷᠠᠭᠤᠯᠬᠤ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ᠂ ︽ᠰᠢᠨ᠎ᠡ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠬᠦ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ︾ 1 ᠬᠠᠷᠠᠯᠲᠠ ᠶᠢ ᠪᠡᠶᠡᠯᠡᠭᠦᠯᠬᠦ ᠪᠠᠷ ᠳᠠᠮᠵᠢᠭᠤᠯᠤᠨ᠂ 1 ᠰᠦᠯᠵᠢᠶᠡᠵᠢᠭᠰᠡᠨ  ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠠᠳᠠᠯᠢ ᠳᠠᠪᠲᠠᠮᠵᠢ ᠪᠠᠷ ᠬᠠᠮᠲᠤᠳᠬᠠᠭᠰᠠᠨ 2 ᠵᠦᠶ᠋ᠯ ᠤᠨ  ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ︽8 + N︾ ᠰᠠᠶᠢᠨ ᠳᠤᠷ᠎ᠠ ᠶᠢᠨ ᠦᠢᠯᠡᠴᠢᠯᠡᠭᠡ ᠶᠢᠨ ᠡᠩᠨᠡᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠦᠢᠯᠡᠴᠢᠯᠡᠭᠡ  ᠶᠢᠨ ᠭᠠᠵᠠᠷ 1᠂  ᠦᠢᠯᠡᠴᠢᠯᠡᠭᠡ ᠶᠢᠨ ᠥᠷᠲᠡᠭᠡ 9᠂ ᠦᠨᠡᠨ ᠨᠡᠷ᠎ᠡ ᠪᠠᠷ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ 586 ᠪᠣᠶ᠃ ᠰᠢᠨᠵᠢᠯᠡᠬᠦ ᠤᠬᠠᠭᠠᠨᠴᠢ ᠤᠨᠤᠯ ᠢ ᠰᠤᠷᠤᠯᠴᠠᠨ ᠦᠢᠯᠡᠳᠦᠯᠭᠡᠵᠢᠭᠦᠯᠬᠦ᠂ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠭᠤᠣᠯ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠶᠡᠨ ᠲᠠᠢ ᠪᠣᠯᠭᠠᠬᠤ᠂ ᠵᠠᠩ ᠳᠠᠳᠬᠠᠯ ᠢ ᠥᠭᠡᠷᠡᠴᠢᠯᠡᠬᠦ ᠵᠡᠷᠭᠡ 5 ᠲᠦᠷᠦᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠪᠣᠳᠠᠲᠠᠶᠢᠵᠢᠭᠤᠯᠬᠤ ᠪᠠ ᠬᠦᠴᠦᠷᠬᠡᠭᠵᠢᠭᠦᠯᠬᠦ ᠶᠢ ᠴᠢᠷᠮᠠᠶᠢᠨ ᠠᠬᠢᠭᠤᠯᠤᠨ᠎ᠠ᠃        ᠪᠣᠯᠪᠠᠰᠤᠨ ᠤ ᠦᠢᠯᠡᠴᠢᠯᠡᠭᠡ ᠶᠢᠨ ᠲᠠᠪᠴᠠᠩ ᠢ ᠬᠦᠴᠦᠷᠬᠡᠭᠵᠢᠭᠦᠯᠬᠦ᠄ ︽ᠡᠬᠢ ᠪᠠᠶᠠᠯᠢᠭ ᠤᠨ ᠳᠠᠪᠠᠭᠤᠯᠢᠭ + ᠲᠦᠷᠦᠯ ᠲᠡᠮᠳᠡᠭ ᠤᠨ ᠦᠷ᠎ᠡ ᠪᠦᠲᠦᠮᠵᠢ + ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ + ᠪᠣᠯᠪᠠᠰᠤᠨ ᠤ ᠦᠢᠯᠡᠳᠦᠯᠭᠡ︾ ᠶᠢᠨ ᠠᠵᠢᠯ ᠤᠨ ᠵᠠᠭᠪᠤᠷ ᠢ ᠡᠭᠦᠳᠴᠦ ᠥᠭᠪᠡ  ᠃ 8 ᠨᠡᠶᠢᠭᠡᠮ ᠲᠣᠭᠤᠷᠢᠭ ᠢ 99 ᠲᠤᠤᠷᠵᠢᠯ  ᠬᠤᠪᠢᠶᠠᠵᠤ᠂ ᠬᠤᠳᠠ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ︽ᠲᠡᠩᠭᠡᠯᠢᠭ︾ ᠪᠣᠯᠭᠠᠭᠰᠠᠨ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠬᠠᠮᠲᠤ ᠪᠠᠷ ᠪᠠᠶᠢᠭᠤᠯᠬᠤ ᠨᠢᠭᠡᠴᠠ ᠵᠡᠷᠭᠡ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠪᠠ ᠰᠠᠭᠤᠭᠠᠯᠢ ᠠᠷᠠᠳ᠂ ᠬᠠᠮᠵᠢᠯᠴᠠᠨ ᠬᠥᠳᠡᠯᠦᠯᠴᠡᠬᠦ ᠬᠤᠲᠠ ᠶᠢᠨ ᠵᠠᠰᠠᠯᠲᠠ ᠶᠢᠨ ᠪᠦᠲᠦᠴᠡ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠳᠡᠭᠦᠯᠳᠡᠷᠵᠢᠭᠦᠯᠪᠡ᠂᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ  ᠴᠢᠩᠭᠠᠳᠬᠠᠵᠤ  ᠂ ᠨᠡᠶᠢᠭᠡᠮ ᠲᠣᠭᠤᠷᠢᠭ ᠤᠨ ︽ᠵᠣᠬᠢᠶᠠᠨ ᠪᠠᠶᠢᠭᠤᠯᠬᠤ ᠬᠦᠴᠦᠨ︾ ᠢ  ᠨᠢᠬᠳᠠᠷᠠᠭᠤᠯᠵᠤ ᠂ ︽ ᠦᠢᠯᠡᠴᠢᠯᠡᠭᠡᠨ ᠤ ᠬᠦᠴᠦᠨ︾ ᠢ ᠦᠢᠯᠡᠳᠦᠯᠭᠡᠵᠢᠭᠦᠯᠪᠠ  ᠃ ︽ᠬᠥᠲᠥᠯᠥᠨ ᠳᠠᠭᠠᠭᠤᠯᠬᠤ ᠬᠦᠴᠦᠨ︾᠂ ᠰᠣᠶᠣᠯ ᠤᠨ ︽ᠨᠥᠯᠥᠭᠡᠯᠡᠬᠦ ᠬᠦᠴᠦᠨ︾  ᠂ ᠰᠢᠨ᠎ᠡ  ᠬᠤᠳᠠ ᠲᠣᠭᠤᠷᠢᠭ ᠢ ᠠᠭᠤᠰᠣᠯᠴᠠᠭᠤᠯᠥᠨ  ᠰᠦᠢᠳᠬᠡᠯ ᠬᠤᠷᠢᠶᠠᠬᠤ ᠥᠬᠡᠶ ᠠᠯᠪᠠᠨ ᠵᠢᠷᠤᠮ ᠤᠨ ᠡᠮᠴᠢᠯᠡᠭᠡ ᠬᠢᠵᠦ ᠠᠷᠠᠳ ᠤᠨ ᠠᠮᠢᠳᠤᠷᠠᠯ ᠢ ᠬᠦᠴᠦᠷᠬᠡᠭᠵᠢᠭᠦᠯᠬᠦ  ᠦᠢᠯᠡᠴᠢᠯᠡᠭᠡᠨ ᠤ ᠲᠠᠪᠴᠠᠩ ᠢ ᠬᠠᠮᠲᠤᠪᠠᠷ  ᠪᠠᠶᠢᠭᠤᠯᠪᠠ᠃ ᠨᠤᠲᠤᠭ ᠤᠨ ᠮᠡᠷᠭᠡᠳ ᠢ ᠳᠠᠶᠢᠴᠢᠯᠠᠬᠤ᠂ ᠤᠳᠬ᠎ᠠ ᠤᠷᠠᠯᠢᠭ ᠤᠨ ᠪᠠᠭ᠋ᠠᠲᠠᠶ ᠬᠥᠮᠦᠰ᠂ ᠰᠠᠶᠢᠨ ᠳᠤᠷ᠎ᠠ ᠶᠢᠨ ᠦᠢᠯᠡᠴᠢᠯᠡᠭᠡᠨ ᠤ  ᠡᠩᠨᠡᠭᠡ ᠶᠢ ᠪᠠᠶᠢᠭᠤᠯᠵᠤ᠂ ︽ᠬᠤᠷᠤᠭᠤᠨ ᠦᠵᠦᠭᠦᠷ ᠲᠠᠬᠢ ᠬᠠᠶᠢᠷ᠎ᠠ ᠬᠠᠯᠠᠮᠵᠢ︾᠂ ︽ᠵᠣᠯ ᠵᠢᠷᠭᠠᠯ ᠤᠨ ᠲᠥᠯᠥᠪᠯᠡᠭᠡ︾᠂ ︽ᠬᠠᠪᠤᠷ ᠤᠨ ᠬᠤᠷ᠎ᠠ︾᠂ ︽ᠵᠣᠯ ᠵᠢᠷᠭᠠᠯᠲᠤ ᠥᠲᠡᠯᠦᠭᠡ ᠨᠠᠰᠤᠨ ᠤ ᠪᠠᠶᠠᠷ ᠵᠢᠷᠭᠠᠯ︾᠂ ︽ᠬᠡᠦᠬᠡᠳ ᠤᠨ ᠢᠶᠠᠨ ᠬᠠᠮᠤᠭ ᠤᠨ ᠭᠤᠶᠣ ᠰᠠᠶᠢᠬᠠᠨ ᠬᠡᠷᠡᠯ ᠭᠢᠯᠪᠠᠭ᠎ᠠ ᠶᠢ ᠰᠠᠬᠢᠨ ᠬᠠᠮᠠᠭᠠᠯᠠᠬᠤ︾ ᠵᠡᠷᠭᠡ ᠰᠠᠶᠢᠨ ᠳᠤᠷ᠎ᠠ ᠶᠢᠨ  ᠦᠢᠯᠡᠴᠢᠯᠡᠭᠡᠨ ᠤ 10 ᠲᠥᠷᠥᠯ  ᠵᠦᠢᠯ ᠢ ᠪᠠᠶᠢᠭᠤᠯᠪᠠ᠃ ᠣᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢᠨ ᠲᠣᠭᠤᠷᠢᠨ ᠳᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠬᠤ᠂ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ᠂ ᠲᠣᠭᠲᠠᠭᠰᠠᠨ ᠬᠤᠭᠤᠴᠠᠭ᠎ᠠ ᠲᠠᠢ ᠪᠠᠷ ᠣᠨᠣᠯ ᠤᠨ ᠤᠬᠠᠭᠤᠯᠭ᠎ᠠ  ᠬᠢᠵᠤ᠂ ᠤᠷᠠᠨ ᠰᠠᠶᠢᠬᠠᠨ ᠤ ᠲᠣᠭᠯᠠᠯᠲᠠ᠂ ᠵᠥᠷᠢᠴᠡᠯ ᠢ ᠬᠤᠯᠪᠣᠯᠳᠤᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 300 ᠭᠠᠷᠤᠢ ᠤᠳᠠᠭ᠎ᠠ  ᠬᠢᠵᠤ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠦᠨᠡᠨᠬᠦ  ᠳᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠳ᠋ᠦᠩ ᠴᠧᠩ ᠵᠡᠭᠡᠯᠢ ᠭᠤᠳᠤᠮᠵᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠴᠢᠯᠡᠭᠡ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠣᠶᠤᠨ ᠤ ᠪᠣᠯᠪᠠᠰᠤᠨ ᠤ ᠠᠭᠤᠯᠤᠭᠳᠠᠬᠤᠨ ᠢ ᠪᠠᠶᠠᠯᠢᠭᠵᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠥᠷᠭᠡᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠴᠢᠯᠡᠭᠡ ᠶᠢᠨ ᠥᠷᠲᠡᠭᠡ ᠶᠢ ᠦᠵᠡᠯ ᠰᠠᠨᠠᠭᠠᠨ ᠤ ᠪᠠᠶᠢᠭᠤᠯᠤᠯᠲᠠ ᠶᠢᠨ ︽ᠭᠤᠤᠯ ᠵᠢᠭᠰᠠᠭᠠᠯ ᠤᠨ ᠭᠠᠵᠠᠷ︾᠂ ᠰᠣᠶᠣᠯ ᠤᠨ ᠪᠠᠶᠢᠭᠤᠯᠤᠯᠲᠠ ᠶᠢᠨ ︽ᠭᠤᠤᠯ ᠲᠡᠶᠢᠨ ᠤ ᠲᠠᠯᠠᠪᠤᠷ︾᠂ ᠪᠣᠯᠪᠠᠰᠤᠨ ᠤ ᠳᠠᠮᠵᠢᠭᠤᠯᠭ᠎ᠠ ᠶᠢᠨ ︽ᠭᠤᠤᠯ ᠠᠷᠭ᠎ᠠ ᠵᠠᠮ︾ ᠪᠣᠯᠭᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号