ᠨᠠᠮᠤᠷ ᠤᠨ ᠬᠤᠷᠢᠶᠠᠯᠲᠠ ᠠᠴᠠ ᠨᠠᠭᠠᠰᠢ᠂ ᠯᠢᠨᠳᠦ᠋ᠩ ᠪᠠᠯᠭᠠᠰᠤ ᠬᠤᠰᠢᠭᠤ ᠨᠠᠮ ᠤᠨ ᠬᠤᠷᠢᠶ᠎ᠠ᠂ ᠬᠤᠰᠢᠭᠤ | ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠤᠷᠢᠲᠠᠯ ᠳᠤᠤᠷ᠎ᠠ᠂ ᠨᠠᠮᠤᠷ ᠤᠨ ᠬᠤᠷᠢᠶᠠᠯᠲᠠ ᠡᠪᠦᠯ ᠤᠨ ᠰᠡᠯᠡᠭᠦᠦ ᠴᠠᠭ ᠲᠣᠬᠢᠶᠠᠯ ᠢ | ᠭᠦᠢᠴᠡᠳ ᠠᠰᠢᠭᠯᠠᠨ᠂ ᠣᠯᠠᠨ ᠲᠦᠮᠡᠨ ᠢ ᠳᠠᠶᠢᠴᠢᠯᠠᠵᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠰᠠᠭᠤᠷᠢᠨ ᠭᠠᠵᠠᠷ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠥᠲᠥᠭᠡᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠪᠠᠶᠢᠭᠤᠯᠬᠤ ᠥᠷᠨᠢᠯᠲᠡ | ᠭᠠᠷᠭᠠᠪᠠ᠃ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠤᠰᠠᠳᠠ᠂ ᠥᠨᠳᠥᠷ ᠪᠠᠷᠢᠮᠵᠢᠶ᠎ᠠ ᠪᠦᠬᠦᠢ | ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠭᠤᠣᠯᠳᠠᠯᠭ᠎ᠠ ᠪᠠ ᠬᠦᠴᠢᠷᠳᠡᠯ ᠢ ᠠᠳᠬᠤᠵᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠬᠡᠰᠡᠭ ᠪᠠᠶᠢᠭᠤᠯᠵᠤ ᠳᠠᠭᠤᠰᠬᠠᠪᠠᠯ ᠨᠢᠭᠡ ᠬᠡᠰᠡᠭ | ᠠᠮᠵᠢᠯᠲᠠ ᠣᠯᠬᠤ ᠶᠢ ᠦᠨᠡᠨᠬᠦ ᠪᠠᠳᠣᠯᠠᠵᠠᠢ᠃ ᠣᠳᠣᠬᠠᠨ ᠳᠤ᠂ ᠯᠢᠨᠳᠦ᠋ᠩ ᠪᠠᠯᠭᠠᠰᠤᠨ ᠤ ᠬᠠᠭᠠᠨᠳᠣᠭᠤᠪᠠᠢ | ᠲᠣᠰᠬᠤᠨ᠂ ᠲᠤ ᠯᠦᠩ ᠭᠠᠩ ᠲᠣᠰᠬᠤᠨ᠂ ᠶᠠᠮᠤᠨ ᠰᠦᠮ᠎ᠡ ᠲᠣᠰᠬᠤᠨ᠂ ᠮᠠᠨᠲᠤᠤ ᠣᠪᠣᠭ᠎ᠠ ᠲᠣᠰᠬᠤᠨ᠂ | ᠳᠣᠯᠣᠭᠠᠨ ᠮᠣᠳᠣ ᠲᠣᠰᠬᠤᠨ᠂ ᠹᠦ᠋ ᠱᠠᠨ ᠳ᠋ᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠭᠠᠵᠠᠷ ᠤᠨ ᠭᠠᠵᠠᠷ ᠳᠤᠤᠷᠠᠬᠢ ᠬᠤᠭᠤᠯᠠᠶ ᠶᠢᠨ | ᠰᠤᠪᠠᠭ ᠤᠨ ᠶᠡᠷᠦᠩᠬᠡᠶ ᠢᠨᠵᠧᠨᠧᠷᠢᠩ ᠤᠨ 50 %᠂ ᠬᠤᠭᠤᠯᠠᠶ ᠳᠡᠪᠢᠰᠬᠦ ᠶᠡᠷᠦᠩᠬᠡᠶ ᠢᠨᠵᠧᠨᠧᠷᠢᠩ ᠤᠨ 30 %᠂ | ᠭᠠᠵᠠᠷ ᠳᠣᠣᠷᠠᠬᠢ ᠬᠤᠭᠤᠯᠠᠢ ᠬᠡᠷ ᠪᠠᠶᠢᠰᠢᠩ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ | ᠢᠨᠵᠧᠨᠧᠷᠢᠩ ᠤᠨ 95 % ᠶᠢ ᠨᠢᠭᠡᠨᠲᠡ ᠪᠡᠶᠡᠯᠡᠭᠦᠯᠵᠦ᠂ ᠪᠤᠰᠤᠳ ᠡᠯ᠎ᠡ ᠵᠦᠢᠯ ᠤᠨ ᠢᠨᠵᠧᠨᠧᠷᠢᠩ ᠶᠠᠭ ᠡᠮᠬᠢ | ᠵᠢᠷᠤᠮ ᠲᠠᠢ ᠶᠠᠪᠤᠬᠳᠠᠵᠤ ᠪᠤᠢ᠃ | ᠵᠢᠱᠢᠯᠲᠡ ᠪᠠᠷ ᠯᠢᠨᠳᠦ᠋ᠩ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠢᠷᠡᠬᠦ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠪᠥᠲᠥᠭᠡᠨ ᠪᠠᠶᠢᠭᠤᠯᠤᠯᠲᠠ ᠶᠢᠨ | ᠡᠭᠦᠷᠭᠡ ᠪᠠᠨ ᠪᠡᠶᠡᠯᠡᠭᠦᠯᠵᠦ᠂ ᠢᠷᠡᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠡᠯᠪᠡᠭ ᠬᠤᠷᠢᠶᠠᠯᠲᠠ | ᠤᠯᠬᠤ ᠳᠤ ᠰᠠᠭᠤᠷᠢ ᠳᠠᠯᠪᠢᠵᠤ ᠪᠤᠢ᠃ | | | | |