ᠪᠠᠭᠠᠷᠢᠨ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠢᠵᠢᠭ ᠤᠨ ᠪᠠᠶᠢᠳᠠᠯ ᠤᠨ ᠨᠥᠯᠥᠭᠡ ᠶᠢ ᠠᠮᠢᠳᠤᠯᠢᠭ ᠢᠶᠠᠷ ᠠᠷᠭᠠᠴᠠᠭᠠᠵᠤ 2022 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2022/11/9
    ᠪᠠᠭᠠᠷᠢᠨ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠢᠵᠢᠭ ᠤᠨ ᠪᠠᠶᠢᠳᠠᠯ ᠤᠨ ᠨᠥᠯᠥᠭᠡ ᠶᠢ ᠠᠮᠢᠳᠤᠯᠢᠭ ᠢᠶᠠᠷ ᠠᠷᠭᠠᠴᠠᠭᠠᠵᠤ 2022 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠶ ᠦᠷᠨᠢᠭᠦᠯᠵᠤ᠂ ᠬᠢᠵᠢᠭ ᠤᠨ ᠪᠠᠶᠢᠳᠠᠯ ᠤᠨ ᠲᠠᠷᠠᠭᠠᠴᠢ ᠶᠢᠨ ᠠᠵᠢᠯ ᠳᠤ ᠦᠵᠡᠭᠦᠯᠬᠦ ᠨᠥᠯᠥᠭᠡ ᠠᠴᠠ ᠵᠠᠶᠢᠯᠠᠰᠬᠢᠬᠦ ᠶᠢᠨ ᠲᠥᠯᠥᠭᠡ᠂ ᠳᠤᠤᠷᠠᠬᠢ ᠮᠡᠲᠦ ᠱᠠᠲᠤ ᠦᠶ᠎ᠡ ᠬᠤᠪᠢᠶᠠᠵᠤ ᠪᠠᠶᠢᠴᠠᠭᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠳᠣᠯᠠᠪᠠ᠃     ᠨᠢᠭᠡ᠂ ᠲᠤᠰᠬᠠᠶ ᠠᠩᠭᠢ ᠪᠠᠶᠢᠭᠤᠯᠵᠤ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠪᠠ᠃ 2022 ᠣᠨ ᠤ 9 ᠰᠠᠷ᠎ᠠ ᠳᠤ ᠪᠥᠬᠦ ᠠᠵᠢᠯᠲᠠᠨ ᠠᠵᠢᠯᠴᠢᠨ ᠤ ᠶᠡᠭᠡ ᠬᠤᠷᠠᠯ ᠢ ᠬᠤᠷᠠᠯᠳᠤᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠤᠯᠴᠠᠬᠤ ᠪᠢᠴᠢᠭ ᠮᠠᠲ᠋ᠧᠷᠢᠶᠠᠯ ᠢ ᠦᠨᠳᠦᠰᠦᠯᠡᠨ ᠲᠣᠪᠴᠢᠶᠠᠨ ᠤ ᠳᠣᠲᠣᠷᠠᠬᠢ ᠪᠥᠬᠦ ᠠᠵᠢᠯᠲᠠᠨ ᠠᠵᠢᠯᠴᠢᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠭᠰᠡᠨ ᠪᠥᠭᠡᠳ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠬᠢᠵᠦ᠂ ᠲᠣᠰ ᠵᠢᠯ ᠤᠨ ᠠᠵᠢᠯ ᠤᠨ ᠰᠢᠨ᠎ᠡ ᠬᠤᠪᠢᠷᠠᠯᠲᠠ ᠵᠢᠴᠢ ᠰᠢᠨ᠎ᠡ ᠪᠠᠷ ᠨᠡᠮᠡᠭᠳᠡᠭᠰᠡᠨ ᠠᠵᠢᠯᠲᠠᠨ ᠤ ᠴᠢᠭᠯᠡᠯ ᠢ ᠬᠠᠷᠭᠤᠭᠤᠯᠤᠨ ᠪᠠᠶᠢᠴᠠᠭᠠᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢᠭᠡᠪᠦᠷᠢ ᠴᠥᠮ ᠬᠠᠷᠢᠭᠤᠴᠠᠵᠤ ᠵᠢᠯᠣᠭᠤᠳᠬᠤ᠂ ᠳᠠᠭᠠᠵᠤ ᠤᠷᠤᠭᠰᠢᠯᠠᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢ ᠦᠨᠡᠨ ᠬᠦ  ᠪᠠᠳᠣᠯᠠᠵᠠᠢ᠃     ᠬᠤᠶᠠᠷ᠂ ︽ᠱᠠᠲᠤ ᠬᠤᠪᠢᠶᠠᠨ ᠣᠷᠣᠨ ᠪᠦᠰᠡ ᠬᠤᠪᠢᠶᠠᠵᠤ︾ ᠣᠷᠣᠨ ᠰᠠᠭᠤᠴᠠ ᠶᠢᠨ ᠨᠢᠭᠡᠴᠡ ᠶᠢ ᠬᠠᠷᠭᠤᠭᠤᠯᠤᠨ ᠪᠠᠶᠢᠴᠠᠭᠠᠬᠤ ᠪᠣᠯᠪᠠᠰᠤᠷᠠᠭᠤᠯᠤᠯ ᠢ ᠪᠡᠶᠡᠯᠡᠭᠦᠯᠦᠨ᠎ᠡ᠃ ᠠᠷᠪᠠᠳᠤᠭᠠᠷ ᠰᠠᠷ᠎ᠠ ᠳᠤ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠭᠰᠡᠨ ᠠᠴᠠ ᠪᠣᠯᠵᠣ᠂ ᠶᠡᠭᠡ ᠬᠡᠪᠴᠢᠶᠡᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠶᠢᠨ ᠠᠷᠭ᠎ᠠ ᠥᠬᠡᠶ ᠪᠣᠯᠪᠠ᠃ ᠪᠠᠭᠠᠷᠢᠨ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠠᠶ ᠭᠠᠵᠠᠷ ᠲᠤᠨᠢ ᠠᠵᠢᠯᠯᠠᠭᠠᠨ ᠤ ᠪᠣᠯᠪᠠᠰᠤᠷᠠᠭᠤᠯᠤᠯ ᠬᠢᠵᠦ᠂ ᠬᠤᠪᠢᠶᠠᠨ ᠳᠠᠭᠠᠭᠠᠴᠢᠯᠠᠭᠰᠠᠨ ᠠᠵᠢᠯᠲᠠᠨ ᠲᠣᠰ ᠲᠣᠰ 12 ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ᠂ 22 ᠲᠣᠰᠬᠤᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠬᠤ ᠪᠠᠷ ᠲᠣᠭᠲᠠᠪᠠ ᠃ ᠣᠷᠣᠨ ᠰᠠᠭᠤᠴᠠ ᠶᠢᠨ ᠨᠢᠭᠡᠴᠠ ᠵᠢᠴᠢ ᠪᠠᠶᠢᠴᠠᠭᠠᠭᠴᠢ ᠶᠢᠨ ᠳᠡᠰ ᠳᠠᠷᠠᠭᠠᠯᠠᠯ ᠤᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠬᠡᠷᠡᠭᠲᠡᠶ᠃ ᠡᠭᠦᠨ ᠤ ᠬᠠᠮᠲᠤ ᠪᠥᠬᠦ ᠲᠠᠯ᠎ᠠ ᠪᠠᠷ ᠳ᠋ᠦᠩᠨᠡᠵᠦ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠶᠢᠨ ᠬᠠᠮᠲᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠬᠠᠷᠢᠭᠤ ᠲᠤᠰᠬᠠᠨ᠎ᠠ᠃          ᠭᠤᠷᠪᠠ᠂ ︽ᠰᠦᠯᠵᠢᠶᠡᠨ ᠳᠡᠭᠡᠷ᠎ᠡ + ᠪᠢᠴᠢᠯ ᠰᠦᠷᠦᠭ︾ ᠨᠢ ᠡᠷᠦᠬᠡ ᠳᠤ ᠣᠷᠣᠵᠤ ᠬᠢᠵᠢᠭ ᠤᠨ ᠪᠠᠶᠢᠳᠠᠯ ᠳᠠᠬᠢᠨ ᠡᠭᠦᠰᠴᠦ ᠡᠷᠦᠬᠡ ᠠᠮᠠ ᠣᠷᠣᠵᠤ ᠳᠠᠩᠰᠠᠯᠠᠬᠤ ᠱᠠᠲᠤᠨ ᠳᠤ ᠦᠵᠡᠭᠦᠯᠬᠦ ᠲᠠᠭᠠᠷᠢᠯᠲᠠ ᠶᠢ ᠰᠡᠷᠭᠡᠶᠢᠯᠡᠬᠦ ᠶᠢᠨ ᠲᠥᠯᠥᠭᠡ᠂ ᠮᠠᠨ ᠤ ᠲᠣᠪᠴᠢᠶ᠎ᠠ ᠤᠷᠢᠳᠴᠢᠯᠠᠨ ᠮᠠᠲ᠋ᠧᠷᠢᠶᠠᠯ ᠪᠡᠯᠡᠳᠬᠡᠵᠦ᠂ ᠪᠠᠶᠢᠴᠠᠭᠠᠬᠤ ᠴᠠᠭ ᠢ ᠪᠣᠭᠤᠨᠢᠰᠬᠠᠬᠤ ᠪᠠᠷ ᠴᠢᠷᠮᠠᠶᠢᠵᠤ ᠪᠠᠶᠢᠨ᠎ᠠ᠃ 10 ᠰᠠᠷ᠎ᠠ ᠶᠢᠨ 28 ᠤ ᠡᠳᠦᠷ ᠲᠧᠩ ᠰᠢᠶᠦ᠋ᠨ ᠬᠤᠷᠠᠯ ᠤᠨ ᠬᠡᠯᠪᠡᠷᠢ ᠪᠠᠷ ᠪᠦᠷᠢᠳᠬᠡᠯ ᠤᠨ ᠬᠦᠰᠦᠨᠦᠭᠲᠦ᠂ ᠡᠯ᠎ᠡ ᠵᠦᠢᠯ ᠤᠨ  ᠭᠦᠢᠴᠡᠳᠬᠡᠯ ᠲᠤᠭ᠎ᠠ᠂ ᠵᠢᠵᠢᠭ ᠫᠷᠤᠭ᠍ᠷᠠᠮ ᠤᠨ ᠠᠵᠢᠯᠯᠠᠭ᠎ᠠ ᠵᠡᠷᠭᠡ ᠳᠤ ᠴᠢᠭᠯᠡᠭᠦᠯᠦᠨ ᠰᠦᠯᠵᠢᠶᠡᠨ ᠳᠡᠭᠡᠷᠡᠬᠢ ᠪᠣᠯᠪᠠᠰᠤᠷᠠᠯ ᠬᠢᠵᠦ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠡᠷᠦᠬᠡ ᠠᠮᠠ ᠶᠢ ᠣᠷᠬᠢᠭᠳᠠᠭᠤᠯᠬᠤ ᠥᠬᠡᠶ᠂ ᠬᠥᠮᠦᠨ ᠢ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠪᠠᠭᠠᠷᠢᠨ ᠵᠡᠭᠦᠨ ᠬᠤᠰᠢᠭᠤᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠵᠢᠷᠭᠢ᠊ ᠡᠶ᠎ᠡ ᠶᠢᠨ ᠴᠤᠭᠯᠠᠷᠠᠯ ᠢ ᠪᠠᠶᠢᠭᠤᠯᠵᠤ᠂ ᠬᠤᠰᠢᠭᠤᠨ ᠤ ᠲᠡᠰ ᠤᠨ ᠠᠵᠢᠯᠲᠠᠳ ᠴᠠᠭ ᠲᠤᠬᠠᠢ ᠳᠤᠨᠢ ᠵᠢᠷᠬᠢᠶ᠎ᠡ ᠶᠢᠨ ᠴᠤᠭᠯᠠᠷᠠᠯ ᠳᠤ ᠬᠠᠮᠤᠭ ᠤᠨ ᠰᠢᠨ᠎ᠡ ᠮᠡᠳᠡᠭᠳᠡᠯ ᠨᠡᠶᠢᠲᠡᠯᠡᠬᠦ ᠶᠢᠨ ᠬᠠᠮᠲᠤ ᠪᠠᠶᠢᠴᠠᠭᠠᠬᠤ ᠠᠵᠢᠯᠲᠠᠳ ᠤᠨ ᠡᠷᠡᠭᠡᠯᠵᠡᠭᠡ ᠶᠢ ᠠᠯᠳᠠᠷᠠᠭᠠᠵᠤ ᠥᠭᠴᠦ ᠪᠣᠯᠤᠨ᠎ᠠ᠃      ᠣᠯᠠᠨ ᠤ ᠳᠡᠮᠵᠢᠯᠭᠡ ᠪᠠ ᠬᠠᠮᠵᠢᠯᠴᠠᠭ᠎ᠠ ᠳᠤᠤᠷ᠎ᠠ᠂ ᠬᠥᠮᠦᠨ ᠪᠦᠬᠦᠨ ᠣᠶᠢᠯᠠᠭᠠᠯᠴᠠᠬᠤ᠂ ᠬᠥᠮᠦᠨ ᠪᠦᠬᠦᠨ ᠬᠠᠮᠵᠢᠯᠴᠠᠬᠤ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠪᠡᠷᠬᠡ ᠶᠢ ᠬᠠᠮᠲᠤ ᠪᠠᠷ ᠳᠤᠭᠤᠯᠵᠤ᠂ 2022 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠤᠨ ᠥᠯᠢᠭᠡᠷ ᠠᠪᠴᠤ ᠪᠠᠶᠢᠴᠠᠭᠠᠬᠤ ᠠᠵᠢᠯ ᠢ ᠤᠷᠤᠭᠰᠢᠲᠠᠶ ᠪᠡᠶᠡᠯᠡᠭᠦᠯᠵᠦ ᠴᠢᠳᠠᠬᠤ ᠶᠤᠮ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号