ᠨᠢᠭᠡ᠂ ᠲᠤᠭᠤᠷᠪᠢᠨ ᠪᠢᠴᠢᠭᠰᠡᠨ ᠠᠬᠤᠶ ᠪᠠᠶᠢᠳᠠᠯ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠣᠯᠠᠨ ᠲᠦᠮᠡᠨ ᠤ ᠲᠠᠷᠠᠬᠠᠶ ᠪᠤᠲᠠᠷᠬᠠᠶ ᠰᠠᠭᠤᠵᠤ ᠪᠠᠢᠭ᠎ᠠ | ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭ᠎ᠠ ᠳᠥᠭᠦᠮ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠰᠠᠶᠢᠨ ᠮᠡᠳᠡᠬᠦ ᠥᠬᠡᠶ ᠪᠣᠳᠠᠲᠤ ᠪᠠᠶᠢᠳᠠᠯ ᠢ | ᠦᠨᠳᠦᠰᠦᠯᠡᠵᠤ᠂ ᠪᠠᠭᠠᠷᠢᠨ ᠵᠡᠭᠦᠨ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ | ᠳᠠᠰᠢ ᠤᠷᠲᠤᠳᠬᠠᠬᠤ ᠶᠢ ᠪᠥᠬᠦ ᠲᠠᠯ᠎ᠠ ᠪᠠᠷ ᠬᠡᠷᠡᠭ᠌ᠵᠢᠭᠦᠯᠵᠤ᠂ ᠲᠣᠰᠬᠤᠨ ᠤ ᠱᠠᠲᠤᠨ ᠤ ᠬᠠᠪᠰᠤᠷᠤᠨ | ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ ᠃ ︽ᠪᠠᠭᠠᠷᠢᠨ ᠵᠡᠭᠦᠨ ᠬᠤᠰᠢᠭᠤᠨ ᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ | ᠦᠢᠡᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ ᠲᠣᠰᠬᠤᠨ ᠤ | ᠱᠠᠲᠤᠨ ᠤ ᠬᠠᠪᠰᠤᠷᠤᠨ ᠭᠦᠢᠴᠡᠳᠬᠡᠬᠦ ᠶᠢ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠬᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ | ᠬᠡᠷᠡᠭᠵᠢᠭᠦᠯᠬᠦ ᠲᠥᠰᠦᠯ ᠭᠡᠵᠦ ᠲᠣᠪᠴᠢᠯᠠᠨ᠎ᠠ︶ ᠢ ᠳᠠᠷᠤᠮᠠᠯᠯᠠᠨ ᠳᠠᠷᠬᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠳᠠᠬᠢᠨ ᠨᠠᠷᠢᠯᠢᠬᠵᠢᠭᠤᠯᠪᠠ᠂ ᠠᠵᠢᠯ ᠤᠨ ᠡᠭᠦᠷᠭᠡ ᠪᠠᠰᠠ ᠣᠨᠣᠪᠴᠢᠲᠠᠶ᠂ ᠬᠦᠴᠦ ᠪᠠᠨ ᠳᠠᠬᠢᠨ ᠴᠢᠩᠭᠠᠯᠠᠬᠤ᠂ ᠣᠯᠠᠨ | ᠲᠦᠮᠡᠨ ᠢ ᠳᠤᠲᠠᠭᠤ ᠭᠦᠶᠦᠯᠭᠡᠬᠦ᠂ ᠦᠢᠯᠡᠴᠢᠯᠡᠭᠡ ᠶᠢ ᠢᠯᠡᠭᠦᠦ ᠭᠦᠶᠦᠯᠭᠡᠬᠦ᠂ ᠪᠠᠭ᠎ᠠ ᠤᠴᠢᠷ ᠢ ᠪᠡᠶᠡᠯᠡᠭᠦᠯᠬᠦ᠂ ᠶᠡᠭᠡ | ᠶᠠᠪᠤᠳᠠᠯ ᠪᠠᠯᠭᠠᠰᠤᠨ ᠠᠴᠠ ᠭᠠᠷᠬᠤ ᠦᠭᠡᠢ︾᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ | ᠦᠵᠡᠭᠦᠯᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠨᠢ ᠬᠡᠷᠡᠭᠵᠢᠭᠦᠯᠬᠦ ᠠᠷᠭ᠎ᠠ ᠶᠢ ᠲᠣᠭᠲᠠᠭᠠᠨ ᠨᠡᠶᠢᠲᠡᠯᠡᠵᠦ᠂ ᠦᠨᠳᠦᠰᠦᠨ ᠱᠠᠲᠤ ᠳᠠᠰᠢ | ᠤᠷᠲᠤᠳᠬᠠᠬᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠠᠪᠰᠤᠷᠤᠨ ᠭᠦᠢᠴᠡᠳᠬᠡᠬᠦ ᠶᠢ ᠣᠷᠣᠯᠠᠨ | ᠭᠦᠢᠴᠡᠳᠬᠡᠬᠦ ᠴᠣᠩᠬᠤᠪᠴᠢ ᠪᠠᠶᠢᠭᠤᠯᠬᠤ᠂ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠬᠦ᠂ ᠣᠷᠣᠯᠠᠨ | ᠭᠦᠢᠴᠡᠳᠬᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ᠂ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ | ᠲᠥᠪ ︵ᠥᠷᠲᠡᠭᠡ︶ ᠢ ᠵᠢᠷᠤᠮᠵᠢᠭᠤᠯᠤᠨ ᠪᠠᠶᠢᠭᠤᠯᠬᠤ᠂ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠵᠡᠷᠭᠡ ᠠᠵᠢᠯ ᠢ ᠪᠡᠶᠡᠯᠡᠭᠦᠯᠦᠨ᠎ᠡ᠃ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠵᠠᠰᠠᠭ ᠤᠨ | ᠶᠠᠪᠤᠳᠠᠯ ᠤᠨ ᠦᠢᠡᠯᠡᠴᠢᠯᠡᠭᠡ ᠶᠢ ᠦᠨᠳᠦᠰᠦᠨ ᠱᠠᠲᠤ ᠳᠠᠰᠢ ᠠᠵᠢᠯ ᠢᠶᠠᠨ ᠰᠢᠰᠲ᠋ᠧᠮ ᠲᠠᠢ ᠳ᠋ᠦᠩᠨᠡᠵᠦ᠂ ᠪᠥᠬᠦ | ᠬᠤᠰᠢᠭᠤᠨ ᠳᠤ ︽ᠭᠤᠯᠳᠤ ᠪᠠᠷ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ | ᠮᠥᠴᠢᠷ ᠬᠠᠮᠵᠢᠯᠴᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠵᠦ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠨᠠᠩ | ᠪᠦᠷᠢᠨᠰᠢᠬᠦᠯᠵᠦ᠂ ᠲᠣᠰᠬᠤᠨ ᠤ ᠱᠠᠲᠤᠨ ᠤ ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ ᠠᠵᠢᠯ ᠢ ᠨᠠᠩ | ᠵᠢᠷᠤᠮᠵᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ︽ᠣᠶᠢᠷ᠎ᠠ | ᠬᠠᠪᠢ ᠳᠤᠨᠢ ᠭᠦᠶ᠋ᠴᠡᠳᠬᠡᠬᠦ︾ ᠶᠢ ᠪᠡᠶᠡᠯᠡᠭᠦᠯᠦᠨ᠎ᠡ᠃ | ᠭᠤᠷᠪᠠ᠂ ᠭᠤᠣᠯ ᠡᠭᠦᠷᠭᠡ | ︵ᠨᠢᠭᠡ ︶ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠥᠷᠲᠡᠭᠡ ᠶᠢ ᠪᠦᠲᠦᠭᠡᠨ | ᠪᠠᠶᠢᠭᠤᠯᠬᠤ ᠪᠠᠷᠢᠮᠵᠢᠶ᠎ᠠ ᠶᠢ ᠨᠢᠭᠡᠳᠬᠡᠨ᠎ᠡ᠃ ᠨᠢᠭᠡ ᠳᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠠᠯᠠᠪᠤᠷ ᠤᠨ ᠨᠡᠷᠡᠶᠢᠳᠦᠯ ᠢ ᠨᠢᠭᠡᠳᠦᠯᠲᠡᠶ ︽ᠪᠠᠭᠠᠷᠢᠨ ᠵᠡᠭᠦᠨ ᠬᠤᠰᠢᠭᠤᠨ ᠤ × × ᠰᠤᠮᠤ ︵ᠰᠢᠶᠠᠩ᠂ ᠪᠠᠯᠭᠠᠰᠤ᠂ | ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠥᠪ︾ ︽× × ᠰᠤᠮᠤ ︵ | ᠰᠢᠶᠠᠩ᠂ ᠪᠠᠯᠭᠠᠰᠤ᠂ ᠵᠡᠭᠡᠯᠢ ᠭᠤᠳᠤᠮᠵᠢ︶ × × ᠭᠠᠴᠠᠭ᠎ᠠ ︵ᠲᠣᠰᠬᠤᠨ᠂ ᠨᠡᠶᠢᠭᠡᠮ ᠲᠣᠭᠤᠷᠢᠭ︶ ᠶᠢᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠥᠷᠲᠡᠭᠡ ᠪᠣᠯᠤᠨ᠎ᠠ᠃ ᠬᠤᠶᠠᠷ ᠲᠤ᠂ ᠪᠣᠶ ᠪᠥᠬᠦᠶ | ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠥᠪ ︵ᠥᠷᠲᠡᠭᠡ︶ ᠢ ᠵᠢᠷᠤᠮᠵᠢᠭᠤᠯᠤᠨ ᠳᠣᠭᠢᠷᠠᠭᠤᠯᠵᠤ᠂ ︽ | ᠨᠠᠢᠮᠠ ᠪᠠᠶᠢᠬᠤ︾ ᠶᠢ ᠨᠢᠭᠡᠳᠦᠯᠲᠡᠶ ᠪᠡᠶᠡᠯᠡᠭᠦᠯᠦᠨ᠎ᠡ᠂ ᠲᠤᠬᠠᠶᠢᠯᠠᠪᠠᠯ ᠬᠠᠪᠰᠤᠷᠤᠨ ᠭᠦᠢᠴᠡᠳᠬᠡᠵᠤ ᠣᠷᠣᠯᠠᠨ | ᠭᠦᠢᠴᠡᠳᠬᠡᠬᠦ ᠴᠣᠩᠬᠤᠪᠴᠢ ᠲᠠᠢ᠂ ᠣᠷᠣᠯᠠᠨ ᠭᠦᠢᠴᠡᠳᠬᠡᠬᠦ ᠠᠵᠢᠯᠲᠠᠨ ᠲᠠᠢ᠂ ᠠᠵᠢᠯᠯᠠᠬᠤ ᠲᠥᠬᠦᠭᠡᠷᠦᠮᠵᠢ ᠲᠠᠢ᠂ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠠᠢ᠂ ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ᠂ ᠣᠷᠣᠯᠠᠨ | ᠭᠦᠢᠴᠡᠳᠬᠡᠭᠴᠢ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ᠂ ᠲᠦᠷᠢᠮ ᠲᠣᠭᠲᠠᠴᠠ ᠲᠠᠢ᠂ ᠠᠵᠢᠯ ᠤᠨ ᠡᠬᠡ | ᠲᠠᠩᠰᠠ ᠲᠠᠢ ᠪᠠᠶᠢᠬᠤ ᠂ | ︵ᠬᠤᠶᠠᠷ︶ ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ ᠬᠦᠷᠢᠶ᠎ᠡ ᠬᠡᠪᠴᠢᠶ᠎ᠡ ᠶᠢ ᠨᠢᠭᠡᠳᠦᠯᠲᠡᠶ | ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠢᠶᠠᠷ ᠯᠠᠪᠯᠠᠯᠲᠠ ᠪᠣᠯᠭᠠᠬᠤ᠂ ᠤᠯᠠᠭᠠᠨᠬᠠᠳᠠ ᠬᠤᠲᠠ ᠶᠢᠨ ᠬᠤᠶᠠᠷ | ᠱᠠᠲᠤᠨ ᠤ ᠶᠠᠪᠤᠳᠠᠯ ᠤᠨ ᠨᠠᠷᠢᠨ ᠳᠠᠩᠰᠠ᠂ ᠵᠠᠰᠠᠭ ᠤᠨ ᠶᠠᠪᠤᠳᠠᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ | ᠵᠦᠶ᠋ᠯᠡᠰ ᠪᠣᠯᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠲᠤᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ | ᠬᠠᠪᠰᠤᠷᠴᠤ ᠣᠷᠣᠯᠠᠨ ᠭᠦᠢᠴᠡᠳᠬᠡᠬᠦ ᠵᠦᠢᠯᠡᠰ ᠢ ᠡᠮᠬᠢᠯᠡᠨ᠎ᠡ᠂ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠬᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ︽ᠪᠠᠭᠠᠷᠢᠨ ᠵᠡᠭᠦᠨ ᠬᠤᠰᠢᠭᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠪᠰᠤᠷᠤᠨ ᠭᠦᠶ᠋ᠴᠡᠳᠬᠡᠵᠦ ᠣᠷᠣᠯᠠᠨ ᠭᠦᠶ᠋ᠴᠡᠳᠬᠡᠬᠦ | ᠰᠠᠭᠤᠷᠢ ᠨᠠᠷᠢᠨ ᠬᠠᠭᠤᠳᠠᠰᠤ︾ ︽ᠪᠠᠭᠠᠷᠢᠨ ᠵᠡᠭᠦᠨ ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠵᠦᠶ᠋ᠯᠡᠰ ᠢ ᠬᠠᠪᠰᠤᠷᠤᠨ ᠭᠦᠢᠴᠡᠳᠬᠡᠵᠤ ᠣᠷᠣᠯᠠᠨ ᠭᠦᠢᠴᠡᠳᠬᠡᠬᠦ | ᠰᠠᠭᠤᠷᠢ ᠨᠠᠷᠢᠨ ᠬᠠᠭᠤᠳᠠᠰᠤ ︵ᠳᠠᠭᠠᠯᠳᠤᠭᠤᠯᠤᠯ 12︶ ᠶᠢ ᠨᠢᠭᠡᠳᠦᠯᠲᠡᠶ ᠲᠣᠭᠲᠠᠭᠠᠬᠤ ᠶᠢᠨ ᠬᠠᠮᠲᠤ ᠡᠯ᠎ᠡ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠡᠶᠢᠲᠡᠯᠡᠭᠰᠡᠨ ᠵᠦᠶ᠋ᠯᠡᠰ ᠤᠨ ᠨᠠᠷᠢᠨ ᠬᠠᠭᠤᠳᠠᠰᠤ ᠶᠢ ᠵᠢᠭᠠᠨ | ᠵᠢᠯᠣᠭᠤᠳᠤᠨ᠎ᠠ᠂ ᠠᠵᠢᠯ ᠡᠷᠬᠢᠯᠡᠬᠦ ᠵᠦᠭᠯᠡᠭᠦᠷ ᠢ ᠨᠢᠭᠡᠳᠦᠯᠲᠡᠶ ᠦᠢᠯᠡᠳᠬᠦ ︔ ᠡᠯ᠎ᠡ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠪᠰᠤᠷᠤᠨ ᠭᠦᠢᠴᠡᠳᠬᠡᠵᠤ ᠣᠷᠣᠯᠠᠨ | ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠬᠦ ᠶᠢ ᠵᠢᠯᠣᠭᠤᠳᠴᠤ᠂ ᠠᠵᠢᠯ ᠶᠠᠪᠤᠳᠠᠯ | ᠭᠦᠢᠴᠡᠳᠬᠡᠬᠦ ᠵᠦᠭᠯᠡᠭᠦᠷ ᠢ ᠨᠢᠭᠡᠳᠦᠯᠲᠡᠶ ᠵᠣᠬᠢᠶᠠᠨ᠎ᠠ᠃ | ︵ᠭᠤᠷᠪᠠ︶ ᠣᠷᠣᠯᠠᠨ ᠭᠦᠢᠴᠡᠳᠬᠡᠭᠴᠢ ᠶᠢᠨ ᠡᠩᠨᠡᠭᠡ ᠶᠢ ᠨᠢᠭᠡᠳᠦᠯᠲᠡᠢ ᠵᠣᠬᠢᠶᠠᠨ ᠪᠠᠶᠢᠭᠤᠯᠤᠨ᠎ᠠ᠃ ᠪᠥᠬᠦ | ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠤ ᠲᠤᠰᠬᠠᠶ ᠮᠡᠷᠭᠡᠵᠢᠯ ᠤᠨ ᠣᠷᠣᠯᠠᠨ ᠭᠦᠢᠴᠡᠳᠬᠡᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠨᠢᠭᠡᠪᠦᠷᠢ ᠳᠤ ᠨᠠᠭᠠᠳᠤ ᠵᠠᠬ᠎ᠠ ᠳᠠᠭᠠᠨ | 1 - 2 ᠨᠡᠷᠡᠰ ᠣᠷᠣᠯᠠᠨ ᠭᠦᠢᠴᠡᠳᠭᠡᠭᠴᠢ ᠶᠢ ᠲᠣᠭᠲᠠᠭᠠᠵᠤ᠂ ᠦᠨ᠎ᠡ ᠲᠥᠯᠥᠪᠦᠷᠢ ᠥᠬᠡᠶ ᠪᠠᠷ ᠬᠠᠪᠰᠤᠷᠤᠨ | ᠭᠦᠢᠴᠡᠳᠬᠡᠵᠤ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠨᠢ ︽ᠪᠠᠭᠠᠷᠢᠨ ᠵᠡᠭᠦᠨ ᠬᠤᠰᠢᠭᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠣᠷᠣᠯᠠᠨ ᠭᠦᠢᠴᠡᠳᠭᠡᠭᠴᠢ ᠶᠢᠨ ᠰᠠᠭᠤᠷᠢ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠪᠠ ︽ᠪᠠᠭᠠᠷᠢᠨ ᠵᠡᠭᠦᠨ | ᠬᠤᠰᠢᠭᠤᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠣᠷᠣᠯᠠᠨ ᠭᠦᠢᠴᠡᠳᠬᠡᠭᠴᠢ ᠶᠢᠨ ᠰᠠᠭᠤᠷᠢ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ︵ᠳᠠᠭᠠᠯᠳᠤᠭᠤᠯᠤᠯ 34︶ ᠪᠠᠷ ᠯᠠᠪᠯᠠᠯᠲᠠ ᠪᠣᠯᠭᠠᠵᠤ᠂ ᠲᠣᠰ | ᠱᠠᠲᠤᠨ ᠤ ᠣᠷᠣᠯᠠᠨ ᠭᠦᠢᠴᠡᠳᠬᠡᠭᠴᠢ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠵᠤ᠂ | ᠣᠷᠣᠯᠠᠨ ᠭᠦᠢᠴᠡᠳᠬᠡᠭᠴᠢ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ | ︵ᠳᠥᠷᠪᠡ︶ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ︾ ᠶᠢ | ᠨᠢᠭᠡᠳᠦᠯᠲᠡᠶ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ︽ᠶᠡᠷᠦᠩᠬᠡᠶᠢᠯᠡᠭᠰᠡᠨ | ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠶᠣᠰᠣᠭᠠᠷ ᠨᠢᠭᠡᠳᠦᠯᠲᠡᠶ ᠦᠢᠯᠡᠴᠢᠯᠡᠭᠡ | ᠬᠠᠩᠭᠠᠨ᠎ᠠ᠃ ᠨᠢᠭᠡᠨᠲᠡ ᠡᠭᠴᠡ ᠪᠠᠶᠢᠭᠤᠯᠬᠤ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠥᠪᠡᠰᠦᠪᠡᠨ ᠪᠠᠶᠢᠭᠤᠯᠬᠤ | ᠰᠢᠰᠲ᠋ᠧᠮ ᠥᠬᠡᠶ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢ ᠬᠡᠷᠡᠭᠯᠡᠭᠰᠡᠨ ᠬᠢᠨᠠᠨ ᠵᠥᠪᠰᠢᠶᠡᠷᠡᠬᠦ ᠲᠠᠰ | ᠳᠠᠪᠬᠤᠷᠭ᠎ᠠ ᠳᠤ ᠨᠡᠶᠢᠴᠡᠬᠦ ᠰᠠᠯᠠᠭ᠎ᠠ ᠮᠥᠴᠢᠷ ᠤᠨ ᠵᠦᠶ᠋ᠯᠡᠰ ᠢ ᠪᠦᠬᠦᠨ ᠢ ᠶᠡᠷᠦᠩᠬᠡᠶᠢᠯᠡᠭᠰᠡᠨ ᠴᠣᠩᠬᠤᠪᠴᠢ ᠳᠤ | ᠣᠷᠣᠭᠤᠯᠵᠤ᠂ ᠨᠢᠭᠡ ᠴᠣᠩᠬᠤᠪᠴᠢ ᠳᠤ ᠢᠯᠭᠠᠭ᠎ᠠ ᠥᠬᠡᠶ ᠭᠥᠯᠢᠶᠡᠨ ᠠᠪᠴᠤ ᠪᠡᠶᠡᠯᠡᠭᠦᠯᠦᠨ᠎ᠡ᠃ ᠰᠦᠯᠵᠢᠶᠡᠨ | ᠳᠡᠭᠡᠷ᠎ᠡ ᠬᠠᠪᠰᠤᠷᠤᠨ ᠵᠢᠯᠣᠭᠤᠳᠬᠤ ᠲᠤᠰᠬᠠᠶ ᠲᠣᠭᠤᠷᠢᠭ ᠵᠢᠴᠢ ᠰᠦᠯᠵᠢᠶᠡᠨ ᠳᠡᠭᠡᠷ᠎ᠡ ᠬᠠᠪᠰᠤᠷᠤᠨ ᠵᠢᠯᠣᠭᠤᠳᠬᠤ | ᠴᠣᠩᠬᠤᠪᠴᠢ ᠪᠠᠶᠢᠭᠤᠯᠵᠤ᠂ ︽ᠢᠨᠲ᠋ᠧᠷ ᠰᠦᠯᠵᠢᠶ᠎ᠡ + ᠬᠠᠪᠰᠤᠷᠤᠨ ᠭᠦᠢᠴᠡᠳᠬᠡᠭᠴᠢ ᠣᠷᠣᠯᠠᠨ ᠭᠦᠢᠴᠡᠳᠬᠡᠬᠦ︾ | ᠠᠷᠭ᠎ᠠ ᠮᠠᠶ᠋ᠢᠭ ᠢ ᠠᠪᠴᠤ᠂ ᠰᠦᠯᠵᠢᠶ᠎ᠡ ᠪᠠᠷ ᠭᠤᠶᠤᠴᠢᠯᠠᠬᠤ ᠶᠢ ᠶᠡᠷᠦᠩᠬᠡᠶᠢᠯᠡᠭᠰᠡᠨ ᠴᠣᠩᠬᠤᠪᠴᠢ ᠶᠢᠨ | ᠰᠢᠰᠲ᠋ᠧᠮ ᠤᠨ ᠳᠡᠮᠵᠢᠬᠦ ᠵᠦᠶ᠋ᠯᠡᠰ ᠲᠤ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ᠂ ᠮᠥᠩᠬᠡ ᠰᠤᠪᠠᠭ ᠤᠨ APP ᠪᠠᠷ ᠳᠠᠮᠵᠢᠭᠤᠯᠤᠨ ᠭᠤᠶᠤᠴᠢᠯᠠᠨ ᠮᠡᠳᠡᠭᠦᠯᠬᠦ ︵ᠲᠠᠪᠤ | ︶ ᠶᠢ ᠪᠠᠷᠢᠮᠵᠢᠶᠠᠵᠢᠭᠤᠯᠬᠤ ᠳᠦᠷᠢᠮ ᠲᠣᠭᠲᠠᠴᠠ ᠶᠢ ᠨᠢᠭᠡᠳᠦᠯᠲᠡᠶ ᠪᠠᠶᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠩᠬ᠎ᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠭᠦᠯᠵᠦ᠂ ᠨᠢᠭᠡ ᠯᠡ | ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ | ᠬᠠᠮᠲᠤᠷᠠᠭᠤᠯᠵᠤ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠵᠤ ᠳᠠᠭᠤᠰᠬᠠᠬᠤ ᠵᠡᠷᠭᠡ ᠲᠦᠷᠢᠮ ᠢ | ᠪᠦᠷᠢᠨᠰᠢᠭᠦᠯᠦᠨ᠎ᠡ᠃ ︽ᠪᠣᠯᠵᠣᠭᠰᠠᠨ ᠴᠠᠭ ᠨᠢ ᠬᠤᠶᠢᠰᠢᠯᠠᠭᠰᠠᠨ ᠦᠢᠯᠡᠴᠢᠯᠡᠭᠡ︾ ︽ᠬᠡᠷ ᠲᠤ ᠨᠢ ᠬᠦᠷᠴᠦ | ᠦᠢᠯᠡᠴᠢᠯᠡᠬᠦ ︾ ᠵᠡᠷᠭᠡ ᠶᠢ ᠥᠷᠨᠢᠭᠦᠯᠵᠦ᠂ ᠠᠵᠢᠯ ᠤᠨ ᠴᠤᠪᠤᠷᠠᠯ ᠢ ᠲᠦᠷᠢᠮ ᠲᠠᠢ᠂ ᠠᠷᠭ᠎ᠠ ᠲᠠᠢ᠂ ᠨᠢᠭᠡᠳᠦᠯᠲᠡᠶ | ᠵᠢᠷᠤᠮᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠢ | ᠣᠨ ᠤ ︽ᠪᠠᠭᠤᠯᠭᠠᠬᠤ ᠬᠠᠮᠢᠶᠠᠷᠬᠤ ︾ ᠥᠭᠡᠷᠡᠴᠢᠯᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠤᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠢ | ᠨᠢᠭᠡᠳᠦᠯᠲᠡᠶ ᠥᠷᠭᠡᠳᠬᠡᠨ᠎ᠡ᠃ ︽ᠢᠨᠲ᠋ᠧᠷ ᠰᠦᠯᠵᠢᠶ᠎ᠡ + ᠵᠠᠰᠠᠭ ᠣᠨ ᠶᠠᠪᠤᠳᠠᠯ ᠤᠨ ᠦᠢᠯᠡᠴᠢᠯᠡᠭᠡ︾ ᠶᠢ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠡᠰᠢ ᠤᠷᠲᠤᠳᠬᠠᠨ | ᠪᠦᠷᠬᠦᠭᠦᠯᠬᠦ ᠶᠢ ᠲᠦᠷᠭᠡᠳᠬᠡᠨ ᠠᠬᠢᠭᠤᠯᠤᠨ᠎ᠠ᠃ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠥᠪᠡᠰᠦᠪᠡᠨ | ᠦᠢᠯᠡᠴᠢᠯᠡᠬᠦ ᠦᠵᠦᠭᠦᠷ ᠢ ᠪᠠᠶᠢᠷᠢᠯᠠᠭᠤᠯᠵᠤ᠂ ᠥᠪᠡᠰᠦᠪᠡᠨ ᠦᠢᠯᠡᠴᠢᠯᠡᠬᠦ ᠬᠤᠷᠠᠮᠠᠯ ᠮᠠᠶ᠋ᠢᠭ ᠤᠨ ᠦᠵᠦᠭᠦᠷ ᠢ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠳᠠᠰᠢ ᠤᠷᠲᠤᠳᠬᠠᠬᠤ ᠶᠢ | ᠠᠬᠢᠭᠤᠯᠤᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠴᠢᠭ ᠲᠤ ᠳᠥᠭᠦᠮ ᠳᠥᠲᠡ ᠵᠦᠢᠯᠡᠰ ᠢ ︽ᠳᠠᠷᠦ᠋ᠢᠬᠠᠨ ᠬᠦᠯᠢᠶᠡᠨ ᠠᠪᠴᠤ ᠳᠠᠷᠦ᠋ᠢᠬᠠᠨ | ᠭᠦᠢᠴᠡᠳᠬᠡᠬᠦ᠂ ᠳᠠᠷᠦ᠋ᠢᠬᠠᠨ ᠭᠦᠢᠴᠡᠳᠬᠡᠵᠦ ᠳᠠᠭᠤᠰᠬᠠᠬᠤ︾᠂ ᠪᠤᠳᠤᠯᠢᠶᠠᠨᠲᠠᠶ ᠵᠦᠢᠯᠡᠰ ᠢ ︽ᠲᠣᠰᠬᠤᠨ ᠠᠴᠠ | ᠬᠦᠯᠢᠶᠡᠨ ᠠᠪᠴᠤ ᠰᠢᠶᠠᠩ ᠳᠤ ᠭᠦᠢᠴᠡᠳᠬᠡᠨ ᠥᠭᠴᠦ᠂ ᠲᠥᠪᠯᠡᠷᠡᠭᠦᠯᠦᠨ ᠭᠦᠢᠴᠡᠳᠬᠡᠵᠦ ᠳᠠᠭᠤᠰᠬᠠᠬᠤ︾ ᠶᠢ | ᠬᠡᠷᠡᠭᠵᠢᠭᠦᠯᠵᠦ᠂ ᠣᠷᠣᠯᠠᠨ ᠭᠦᠢᠴᠡᠳᠬᠡᠭᠴᠢ ᠠᠴᠠ ᠪᠦᠬᠦ ᠶᠠᠪᠤᠴᠠ ᠳᠤᠨᠢ ᠣᠷᠣᠯᠠᠨ ᠭᠦᠢᠴᠡᠳᠬᠡᠵᠦ᠂ ᠦᠨᠡᠮᠯᠡᠯ | ᠬᠦᠷᠭᠡᠵᠦ ᠥᠭᠭᠦᠨ᠎ᠡ᠃ ᠣᠯᠠᠨ ᠲᠦᠮᠡᠨ ᠢᠯᠠᠩᠭᠤᠶ᠎ᠠ ᠣᠨᠴᠠᠭᠠᠢ ᠬᠠᠮᠲᠤᠯᠢᠭ ᠤᠨ ᠠᠵᠢᠯ ᠶᠠᠪᠤᠳᠠᠯ | ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ︵ᠳᠣᠯᠤᠭ᠎ᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠯᠡᠬᠦ | ᠲᠣᠭᠲᠠᠴᠠ ᠶᠢ ᠨᠢᠭᠡᠳᠦᠯᠲᠡᠶ ᠪᠠᠶᠢᠭᠤᠯᠤᠨ᠎ᠠ᠃ ᠨᠢᠭᠡ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠶᠡᠷᠦᠩᠬᠡᠶᠢᠯᠡᠭᠰᠡᠨ ᠴᠣᠩᠬᠤᠪᠴᠢ ᠳᠤ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠢᠨᠠᠯᠲᠠ | ᠲᠠᠯᠪᠢᠬᠤ ᠬᠤᠶᠠᠷ ᠬᠡᠮᠵᠢᠯᠳᠦ ᠺᠣᠳ᠋︾ ᠭᠠᠷᠭᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠳᠤ ᠰᠢᠭᠤᠳ ᠨᠡᠪᠲᠡᠷᠡᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠂ ᠵᠠᠭᠠᠯᠳᠤᠵᠤ ᠦᠨᠡᠯᠡᠬᠦ ᠶᠢ ᠳᠡᠮᠵᠢᠨ᠎ᠡ᠃ ᠬᠤᠶᠠᠷ ᠲᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ︽ | ᠰᠠᠶᠢᠨ ᠮᠠᠭᠤ ᠦᠨᠡᠯᠡᠯᠲᠡ︾ ᠶᠢᠨ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡ ᠤᠴᠢᠷ ᠢ | ᠨᠢᠭᠡ ᠦᠨᠡᠯᠡᠬᠦ︾ ᠵᠠᠷᠴᠢᠮ ᠶᠣᠰᠣᠭᠠᠷ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ | ᠰᠠᠨᠠᠭᠠᠴᠢᠯᠠᠭ᠎ᠠ ᠠᠴᠠ ᠪᠠᠨ ᠦᠨᠡᠯᠡᠬᠦ᠂ ᠪᠤᠰᠤᠳᠴᠢ ᠪᠠᠷ ᠦᠨᠡᠯᠡᠬᠦ ᠶᠢ ᠬᠥᠲᠥᠯᠥᠨ ᠵᠢᠯᠣᠭᠤᠳᠴᠤ ᠵᠢᠯᠣᠭᠤᠳᠤᠨ᠎ᠠ᠃ | ᠭᠤᠷᠪᠠ ᠳᠤ᠂ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠮᠠᠭᠤ ᠦᠨᠡᠯᠡᠯᠲᠡ᠂ ᠵᠠᠭᠠᠯᠳᠤᠯᠭ᠎ᠠ ᠶᠢ | ᠲᠤᠰᠬᠠᠶ ᠬᠥᠮᠦᠨ ᠬᠠᠷᠢᠭᠤ ᠰᠤᠷᠪᠤᠯᠵᠢᠯᠠᠬᠤ᠂ ᠬᠢᠨᠠᠨ ᠬᠠᠷᠭᠤᠭᠤᠯᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ ᠪᠠᠷ | ᠲᠣᠬᠢᠷᠠᠭᠤᠯᠪᠠ᠃ ᠬᠠᠷᠢᠭᠤ ᠰᠤᠷᠪᠤᠯᠵᠢᠯᠠᠬᠤ ᠡᠬᠡ ᠳᠠᠩᠰᠠ ᠪᠠᠶᠢᠭᠤᠯᠵᠤ᠂ ᠰᠠᠨᠠᠯ ᠬᠤᠷᠢᠶᠠᠵᠤ᠂ ᠠᠵᠢᠯ ᠢᠶᠠᠨ | ᠰᠠᠶᠢᠵᠢᠷᠠᠭᠤᠯᠪᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠦᠨᠡᠨᠬᠦ ᠣᠷᠣᠭᠤᠯᠬᠤ ᠬᠡᠷᠡᠭᠲᠡᠶ᠃ ᠭᠤᠤᠯ ᠬᠠᠷᠢᠭᠤᠴᠠᠯᠭᠠᠲᠠᠨ ᠨᠥᠬᠦᠳ | ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠲᠥᠰᠦᠯ ᠳᠤ ᠬᠢᠨᠠᠯᠲᠠ ᠲᠠᠯᠪᠢᠵᠤ᠂ ᠵᠠᠩᠭᠢᠯᠠᠭ᠎ᠠ ᠶᠢᠨ | ᠭᠤᠭᠴᠤᠭ᠎ᠠ ᠳᠤ ᠵᠣᠬᠢᠴᠠᠭᠤᠯᠭ᠎ᠠ ᠬᠢᠵᠦ᠂ ᠡᠨᠡᠬᠦ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ | ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠪᠠᠭᠠᠷᠢᠨ ᠵᠡᠭᠦᠨ ᠬᠤᠰᠢᠭᠤᠨ ᠤ ᠵᠠᠰᠠᠭ ᠣᠨ ᠣᠷᠳᠣᠨ ᠤ ᠡᠭᠦᠷᠭᠡ | ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ | ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠠᠰᠠᠭ ᠣᠨ ᠶᠠᠪᠤᠳᠠᠯ ᠤᠨ ᠦᠢᠯᠡᠴᠢᠯᠡᠭᠡ ᠶᠢ | ᠦᠨᠳᠦᠰᠦᠨ ᠱᠠᠲᠤ ᠲᠡᠰᠢ ᠤᠷᠲᠤᠳᠬᠠᠬᠤ ᠶᠢ ᠬᠠᠷᠢᠭᠤᠴᠠᠵᠤ᠂ ᠲᠣᠰᠬᠤᠨ ᠤ ᠱᠠᠲᠤᠨ ᠤ ᠬᠠᠪᠰᠤᠷᠤᠨ ᠭᠦᠢᠴᠡᠳᠬᠡᠬᠦ | ᠵᠢᠷᠤᠮᠵᠢᠭᠰᠠᠨ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠤᠯᠠᠮ ᠴᠢᠨᠠᠭᠰᠢᠳᠠ ᠴᠢᠩᠭᠠᠳᠬᠠᠨ᠎ᠠ᠃ ︵ | ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ | ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠨ ᠤ ᠲᠥᠰᠦᠪ ᠲᠡᠭᠡᠨ ᠵᠠᠷᠤᠳᠠᠯ ᠤᠨ | ᠬᠤᠪᠢᠶᠠᠷᠢᠯᠠᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠠᠮᠢᠶ᠎ᠠ ᠪᠥᠬᠦᠶ ᠲᠠᠯᠠᠪᠤᠷ᠂ ᠲᠥᠬᠦᠭᠡᠷᠦᠮᠵᠢ | ᠪᠡᠯᠡᠳᠬᠡᠮᠵᠢ᠂ ᠵᠥᠭᠡᠯᠡᠨ ᠬᠠᠲᠠᠭᠤ ᠲᠣᠨᠤᠭ᠂ ᠲᠤᠭ᠎ᠠ ᠪᠠᠷᠢᠮᠲᠠ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠬᠠᠮᠲᠤᠪᠠᠷ ᠭᠥᠷᠳᠡᠬᠦ ᠪᠠ ᠠᠰᠢᠭᠯᠠᠬᠤ ᠶᠢ ᠴᠢᠩᠭᠠᠷᠠᠭᠤᠯᠤᠨ᠂ ᠬᠡᠷᠡᠭᠰᠡᠬᠦ ᠡᠯ᠎ᠡ ᠵᠦᠶ᠋ᠯ ᠤᠨ ᠵᠠᠷᠤᠳᠠᠯ ᠤᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ︵ᠭᠤᠷᠪᠠ︶ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠪᠠ᠃ ᠨᠡᠪᠲᠡᠷᠡᠯᠴᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠂ ᠨᠢᠭᠲᠠ ᠬᠠᠮᠵᠢᠯᠴᠠᠵᠤ᠂ | ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠤᠨ᠎ᠠ᠃ | ᠬᠤᠰᠢᠭᠤ ᠬᠥᠳᠡᠭᠡ ᠲᠣᠰᠬᠤᠨ ᠤ ᠭᠤᠷᠪᠠᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ | ︵ᠥᠷᠲᠡᠭᠡ︶ ᠨᠢ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠪᠠᠷᠢᠮᠵᠢᠶᠠᠯᠠᠨ ᠬᠠᠷᠭᠤᠭᠤᠯᠵᠤ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ︔ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠵᠢᠯᠴᠠᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠰᠠᠷ᠎ᠠ ᠪᠦᠷᠢ ᠶᠢᠨ 20 ᠤ | ᠡᠳᠦᠷ ᠠᠴᠠ ᠡᠮᠦᠨ᠎ᠡ ᠠᠵᠢᠯ ᠤᠨ ᠠᠬᠢᠴᠠ ᠶᠢᠨ ᠪᠠᠶᠢᠳᠠᠯ ᠢᠶᠠᠨ ᠬᠤᠰᠢᠭᠤᠨ ᠤ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠲᠣᠪᠴᠢᠶ᠎ᠠ ︵ᠳᠥᠷᠪᠡ︶ ᠰᠢᠪᠠᠳᠠᠨ ᠪᠠᠶᠢᠴᠠᠭᠠᠵᠤ ᠮᠡᠳᠡᠭᠡᠯᠡᠬᠦ ᠪᠠᠨ ᠴᠢᠩᠭᠠᠳᠬᠠᠬᠤ ᠬᠡᠷᠡᠭᠲᠡᠶ᠃ | ᠬᠤᠰᠢᠭᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ | ᠦᠶ᠋ᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠬᠤᠰᠢᠭᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ | ᠬᠢᠨᠠᠨ ᠰᠢᠯᠭᠠᠵᠤ ᠦᠨᠡᠯᠡᠬᠦ ᠲᠤᠰᠬᠠᠶ ᠳᠤᠭᠤᠶᠢᠯᠠᠩ ᠲᠠᠢ ᠬᠠᠮᠲᠤᠷᠠᠨ ᠲᠤᠰᠬᠠᠶ ᠠᠵᠢᠯ ᠤᠨ ᠡᠬᠡ ᠲᠠᠩᠰᠠ ᠶᠢ | ᠲᠣᠭᠲᠠᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠠᠬᠢᠴᠠ ᠶᠢᠨ ᠪᠠᠶᠢᠳᠠᠯ ᠢ | ᠮᠡᠳᠡᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠰᠢᠯᠭᠠᠨ ᠬᠢᠨᠠᠵᠤ ᠬᠠᠷᠢᠭᠤᠴᠠᠯᠭ᠎ᠠ | ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠠᠬᠢᠭᠤᠯᠤᠭᠰᠠᠨ ᠨᠢ ᠬᠦᠴᠦᠨ ᠥᠬᠡᠶ᠂ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠴᠢᠩᠭ᠎ᠠ ᠬᠠᠷᠢᠭᠤᠴᠠᠯᠭ᠎ᠠ ᠬᠡᠯᠡᠯᠴᠡᠨ᠎ᠡ᠃ ︵ᠲᠠᠪᠤ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠡᠯ᠎ᠡ ᠱᠠᠲᠤᠨ ᠤ ᠵᠠᠰᠠᠭ ᠣᠨ ᠶᠠᠪᠤᠳᠠᠯ ᠤᠨ ᠦᠢᠯᠡᠴᠢᠯᠡᠭᠡᠨ | ᠤ ᠲᠠᠯᠠᠪᠤᠷ ᠭᠠᠵᠠᠷ᠂ ᠤᠯᠠᠮᠵᠢᠯᠠᠯᠲᠤ ᠵᠠᠭᠤᠴᠢᠯᠠᠭᠤᠷ᠂ ᠰᠦᠯᠵᠢᠶ᠎ᠡ ᠶᠢᠨ ᠰᠢᠨ᠎ᠡ ᠵᠠᠭᠤᠴᠢᠯᠠᠭᠤᠷ᠂ ᠭᠡᠷ ᠤᠨ ᠭᠠᠳᠠᠨᠠᠬᠢ | ᠲᠣᠮᠣ ᠳᠡᠯᠭᠡᠴᠡ ᠵᠡᠷᠭᠡ ᠣᠯᠠᠨ ᠵᠦᠶ᠋ᠯ ᠤᠨ ᠵᠠᠭᠤᠴᠢᠯᠠᠭᠤᠷ ᠢ ᠭᠦᠶ᠋ᠴᠡᠳ ᠬᠡᠷᠡᠭᠯᠡᠨ᠂ ᠣᠬᠤᠷ ᠸᠢᠳᠢᠣ᠋᠂ ᠵᠠᠷᠯᠠᠯ᠂ | ᠵᠢᠷᠤᠭᠲᠤ ᠰᠠᠮᠪᠠᠷ᠎ᠠ ᠵᠡᠷᠭᠡ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠠᠷᠭ᠎ᠠ ᠮᠠᠶ᠋ᠢᠭ ᠢ ᠥᠷᠭᠡᠨ ᠢᠶᠠᠷ | ᠤᠬᠠᠭᠤᠯᠵᠤ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ᠃ | ᠵᠢᠷᠭᠤᠭ᠎ᠠ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠡᠨᠡᠬᠦ ᠠᠵᠢᠯ ᠢ ᠬᠡᠷᠡᠭᠵᠢᠭᠦᠯᠬᠦ ᠶᠢᠨ ᠬᠠᠮᠲᠤ᠂ ᠢᠳᠡᠪᠬᠢᠲᠡᠶ ᠪᠠᠷ ᠳ᠋ᠦᠩᠨᠡᠵᠦ᠂ ᠰᠢᠨ᠎ᠡ ᠶᠢ ᠡᠭᠦᠳᠦᠨ ᠰᠢᠯᠢᠳᠡᠭ | ᠪᠣᠯᠬᠤ ᠪᠠᠷ ᠴᠢᠷᠮᠠᠶᠢᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠴᠢᠩᠭᠠᠳᠬᠠᠨ᠂ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ᠂ ᠬᠠᠪᠰᠤᠷᠤᠨ ᠣᠷᠣᠯᠠᠨ ᠭᠦᠢᠴᠡᠳᠬᠡᠬᠦ ᠠᠵᠢᠯᠲᠠᠨ ᠤ | ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠪᠢᠴᠢᠭ ᠮᠠᠲ᠋ᠧᠷᠢᠶᠠᠯ ᠤᠨ ᠬᠤᠯᠪᠣᠭᠠᠰᠤ᠄ http᠄ / / www . blzq . gov . cn / | contents / xxgkml / 44699 . html᠃ |