ᠪᠠᠭᠠᠷᠢᠨ ᠵᠡᠭᠦᠨ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠮᠡᠳᠡᠭᠳᠡᠯ
ᠨᠡᠶᠢᠲᠡᠯᠡᠭᠰᠡᠨ ᠴᠠᠭ᠄
2022/2/10
ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ᠄      ᠨᠤᠲᠤᠭ ᠲᠠᠭᠠᠨ ᠪᠤᠴᠠᠭᠰᠠᠳ ᠤᠨ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠦᠯᠢᠶᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ︽ᠣᠶᠢᠷ᠎ᠠ ᠬᠠᠪᠢ ᠳᠤᠨᠢ᠂ ᠠᠷᠠᠳ ᠲᠤ ᠲᠥᠬᠦᠮ ᠦᠵᠡᠭᠦᠯᠬᠦ ︾ ᠵᠠᠷᠴᠢᠮ ᠶᠣᠰᠣᠭᠠᠷ᠂ ᠬᠤᠰᠢᠭᠤᠨ ᠤ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠬᠤ ᠪᠠᠷ ᠳᠡᠮᠵᠢᠨ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠥᠯᠢᠭᠡᠷ ᠠᠪᠬᠤ ᠴᠣᠩᠬᠤ ᠶᠢ ᠲᠣᠰ ᠲᠣᠰ 4 ᠪᠣᠯᠭᠠᠨ ᠨᠡᠮᠡᠭᠳᠡᠭᠦᠯᠬᠦ ᠶᠢᠨ ᠬᠠᠮᠲᠤ ᠵᠡᠭᠦᠨ᠂ ᠪᠠᠷᠠᠭᠤᠨ ᠬᠤᠲᠠ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ 2 ᠪᠥᠭᠡᠮ ᠬᠦᠴᠢᠯ ᠤᠨ ᠥᠯᠢᠭᠡᠷ ᠠᠪᠬᠤ ᠴᠡᠭ ᠢ ᠡᠬᠢᠯᠡᠭᠦᠯᠪᠡ᠂ ᠣᠲᠣ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄      ᠨᠢᠭᠡ᠂ ᠪᠣᠳᠠᠲᠠᠶ ᠣᠷᠣᠨ ᠪᠠᠶᠢᠷᠢ ᠳᠤ ᠰᠢᠨ᠎ᠡ ᠥᠯᠢᠭᠡᠷ ᠠᠪᠬᠤ ᠴᠡᠭ  1᠄ ᠳ᠋ᠦᠩ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠢ ᠰᠢᠨ᠎ᠡ ᠪᠠᠷ ᠨᠡᠮᠡᠪᠡ᠃      ᠰᠢᠨ᠎ᠡ ᠪᠠᠷ ᠨᠡᠮᠡᠭᠳᠡᠭᠰᠡᠨ ᠥᠯᠢᠭᠡᠷ ᠠᠪᠬᠤ ᠴᠡᠭ 2᠄ ᠰᠢ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ      ᠬᠤᠶᠠᠷ  ᠂  ᠠᠵᠢᠯ ᠤᠨ ᠴᠠᠭ 2 ᠰᠠᠷ᠎ᠠ ᠶᠢᠨ 5 ᠤ ᠡᠳᠦᠷ ᠠᠴᠠ ᠡᠬᠢᠯᠡᠨ᠂ ᠡᠳᠦᠷ ᠪᠦᠷᠢ ᠶᠢᠨ 8᠄ 30- 18᠄ 30 ︵ᠦᠳᠡ ᠳᠤ ᠠᠮᠠᠷᠠᠬᠤ ᠥᠬᠡᠶ︶᠃      ᠭᠤᠷᠪᠠ᠂ ᠬᠤᠯᠪᠣᠭᠳᠠᠯ ᠪᠥᠬᠦᠶ ᠱᠠᠭᠠᠷᠳᠠᠯᠭ᠎ᠠ ᠶᠢ ᠥᠷᠭᠡᠨ ᠣᠯᠠᠨ ᠰᠠᠭᠤᠭᠠᠯᠢ ᠠᠷᠠᠳ ᠬᠢᠵᠢᠭ ᠢ ᠰᠡᠷᠭᠡᠶᠢᠯᠡᠨ ᠬᠤᠷᠢᠭᠯᠠᠬᠤ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠦᠷ᠎ᠡ ᠬᠠᠪᠢ  ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠬᠦᠷᠴᠦ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠠᠶ ᠶᠢᠨ ᠠᠵᠢᠯᠲᠠᠨ ᠤ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠳᠠᠭᠠᠬᠤ ᠬᠡᠷᠡᠭᠲᠡᠶ᠃                     ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2022 ᠣᠨ ᠤ 2 ᠰᠠᠷ᠎ᠠ ᠶᠢᠨ 5 ᠤ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号