ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠵᠢᠴᠢ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠮᠡᠳᠡᠭᠦᠯᠦᠯᠲᠡ ᠶᠢᠨ ᠬᠤᠷᠠᠯ ᠬᠤᠷᠠᠯᠳᠣᠬᠰᠠᠨ
ᠨᠡᠶᠢᠲᠡᠯᠡᠭᠰᠡᠨ ᠴᠠᠭ᠄
2022/2/11
     
      2 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠵᠢᠴᠢ 2022 ᠣᠨ ᠤ ᠴᠠᠭᠠᠨ ᠰᠠᠷ᠎ᠠ ᠶᠢᠨ ᠨᠣᠮ ᠤᠩᠰᠢᠬᠤ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠵᠢᠴᠢ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠪᠣᠯᠤᠨ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠴᠢᠨ ᠤ ᠠᠰᠠᠭᠤᠳᠠᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠵᠦ ᠴᠢ ᠵᠧᠨ ᠣᠲᠣ ᠦᠶ᠎ᠡ ᠶᠢᠨ ᠲᠠᠷᠢᠶᠠᠯᠠᠩ ᠤᠨ ᠠᠭᠤᠯᠭ᠎ᠠ ᠵᠢᠴᠢ ᠲᠥᠷᠥᠯ ᠵᠦᠢᠯ ᠢ ᠨᠠᠷᠢᠨ ᠲᠠᠶᠢᠯᠪᠤᠷᠢᠯᠠᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠳᠤᠮᠳᠠ ᠲᠤᠯᠭᠠᠷᠠᠵᠤ ᠮᠡᠳᠡᠬᠦ ᠠᠰᠠᠭᠤᠳᠠᠯ ᠳᠤ ᠵᠠᠳᠠᠯᠤᠯᠲᠠ ᠬᠢᠵᠦ᠂ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠨᠴᠠᠯᠢᠭᠲᠤ ᠲᠠᠷᠢᠶᠠᠯᠠᠩ ᠪᠠ ᠠᠭᠤᠰᠤᠯᠴᠠᠭᠰᠠᠨ ᠲᠠᠷᠢᠶᠠᠯᠠᠩ ᠢ ᠬᠡᠷᠬᠢᠨ ᠬᠥᠭᠵᠢᠭᠦᠯᠬᠦ ᠲᠤᠬᠠᠶ ᠲᠠᠨᠢᠯᠴᠠᠭᠤᠯᠤᠭᠰᠠᠨ ᠪᠥᠭᠡᠳ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠪᠡᠶᠡᠴᠢ ᠴᠣᠭᠴᠠ ᠶᠢ ᠬᠡᠷᠬᠢᠨ ᠪᠤᠶᠢᠵᠢᠭᠤᠯᠬᠤ ᠲᠤᠬᠠᠶ ᠨᠠᠷᠢᠨ ᠲᠠᠶᠢᠯᠤᠮᠵᠢ ᠬᠢᠵᠦ᠂ ᠢᠯᠡ ᠲᠣᠳᠣ᠂ ᠯᠣᠭᠢᠭ᠂ ᠯᠠᠪᠳᠠᠭᠤᠨ ᠪᠠᠲᠤᠲᠠᠶ ᠣᠨᠣᠯ ᠤᠨ ᠰᠠᠭᠤᠷᠢ᠂ ᠠᠮᠢᠳᠤᠯᠢᠭ ᠬᠡᠷᠡᠭ ᠤᠨ ᠵᠢᠱᠢᠶ᠎ᠡ ᠪᠠᠷ ᠲᠠᠷᠢᠶᠠᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠶᠢᠨ ᠴᠢᠬᠤᠯᠠ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠣᠳᠣᠷᠬᠠᠶᠢᠯᠠᠭᠰᠠᠨ ᠪᠠᠶᠢᠨ᠎ᠠ᠃ ᠭᠠᠳᠠᠭᠠᠳᠤ ᠠᠵᠤ ᠠᠬᠤᠶ ᠠᠷᠠᠯᠵᠢᠶᠠᠨ ᠤ ᠶᠡᠭᠡ ᠰᠤᠷᠭᠠᠭᠤᠯᠢ ᠶᠢᠨ ᠰᠤᠳᠤᠯᠤᠭᠴᠢ ᠸᠠᠩ ᠰᠢᠶᠤᠤ ᠴᠢᠶᠠᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠵᠠᠳᠠᠯᠵᠤ᠂ ᠡᠯᠪᠡᠭ ᠪᠠᠶᠠᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠪᠠ ᠴᠢᠭᠯᠡᠯ ᠢ ᠭᠦᠨᠵᠡᠭᠡᠶ ᠲᠠᠶᠢᠯᠪᠤᠷᠢᠯᠠᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠣᠭᠠᠴᠢᠯᠠᠭᠰᠠᠨ ᠠᠵᠤ ᠠᠬᠤᠶ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ ᠮᠠᠨ ᠤ ᠬᠤᠰᠢᠭᠤᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ ᠰᠠᠨᠠᠭᠤᠯᠭ᠎ᠠ ᠬᠠᠩᠭᠠᠪᠠ᠃        ᠲᠣᠰ ᠤᠳᠠᠭᠠᠨ ᠤ ᠴᠠᠭᠠᠨ ᠰᠠᠷ᠎ᠠ ᠶᠢᠨ ᠨᠣᠮ ᠤᠩᠰᠢᠬᠤ ᠮᠡᠳᠡᠭᠦᠯᠦᠯᠲᠡ ᠶᠢᠨ ᠬᠤᠷᠠᠯ ᠢ ᠲᠤᠰᠬᠠᠶ ᠰᠡᠳᠦᠪᠲᠦ ᠲᠠᠶᠢᠯᠤᠮᠵᠢ ᠬᠢᠬᠦ ᠪᠠ ᠬᠤᠪᠢ ᠬᠥᠮᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠲᠠᠷᠠᠭᠠᠴᠢ ᠶᠢᠨ ᠱᠠᠲᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠡᠳᠬᠢᠮᠵᠢ ᠪᠠ ᠳᠣᠯᠢ ᠬᠠᠩᠭᠠᠵᠤ᠂ ᠬᠤᠷᠠᠯ ᠳᠤ ᠣᠷᠣᠯᠴᠠᠭᠰᠠᠳ ᠲᠤ ᠲᠣᠭᠠᠴᠢᠯᠠᠭᠰᠠᠨ ᠠᠵᠤ ᠠᠬᠤᠶ ᠶᠢᠨ ᠴᠢᠬᠤᠯᠠ ᠠᠴᠢ ᠬᠤᠯᠪᠣᠭᠳᠠᠯ ᠢ ᠨᠠᠩ ᠭᠦᠨᠵᠡᠭᠡᠶ ᠲᠠᠨᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠠᠵᠠ ᠲᠣᠬᠢᠶᠠᠯ ᠢ ᠤᠯᠠᠮ ᠨᠢᠭᠡ ᠠᠯᠬᠤᠮ ᠠᠮᠵᠢᠵᠤ᠂ ᠲᠣᠭᠠᠴᠢᠯᠠᠭᠰᠠᠨ ᠠᠵᠤ ᠠᠬᠤᠶ ᠶᠢᠨ ᠳᠣᠲᠣᠭᠠᠳᠤ ᠬᠦᠳᠡᠯᠭᠡᠭᠴᠢ ᠬᠦᠴᠦᠨ  ᠢ ᠤᠯᠠᠮ ᠨᠢᠭᠡ ᠠᠯᠬᠤᠮ  ᠬᠥᠭᠵᠢᠭᠡᠵᠦ᠂ ᠪᠣᠳᠠᠲᠤ ᠴᠣᠭᠴᠠ ᠶᠢᠨ ᠠᠵᠤ ᠠᠬᠤᠶ ᠪᠠ ᠲᠣᠭᠠᠴᠢᠯᠠᠭᠰᠠᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号