ᠪᠠᠭᠠᠷᠢᠨ ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ︽ᠨᠡᠪᠳᠡᠷᠬᠡᠢ ᠳᠡᠪᠲᠡᠷ︾
ᠨᠡᠶᠢᠲᠡᠯᠡᠭᠰᠡᠨ ᠴᠠᠭ᠄
2022/2/11
     ᠬᠠᠷᠢᠶ᠎ᠠ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠶᠢ ᠳᠡᠮᠵᠢᠬᠦ ᠪᠠ ᠠᠬᠢᠭᠤᠯᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠬᠦᠷᠢᠶᠡᠨ ᠤ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ᠂ ︽ᠮᠥᠩᠭᠦᠨ ᠭᠦᠢᠯᠭᠡᠭᠡᠨ ᠢ ᠠᠷᠠᠳ ᠲᠤ ᠦᠢᠯᠡᠴᠢᠯᠡᠭᠦᠯᠬᠦ︾ ᠦᠢᠯᠡᠴᠢᠯᠡᠭᠡᠨ ᠤ ᠵᠣᠷᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶᠠᠲᠤ ᠮᠠᠯᠴᠢᠨ ᠲᠠᠷᠢᠶᠠᠴᠢᠨ ᠡᠷᠦᠬᠡ ᠳᠤ ᠳᠥᠭᠦᠮ ᠦᠵᠡᠭᠦᠯᠬᠦ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠠᠯᠠ ᠮᠥᠩᠭᠦ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠣᠯᠭᠤᠬᠤ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠪᠠᠭᠠᠷᠢᠨ ᠵᠡᠭᠦᠨ ᠬᠤᠰᠢᠭᠤᠨ ᠤ ᠰᠠᠯᠪᠤᠷᠢ ᠪᠠᠩᠬᠢ ᠬᠠᠮᠲᠤᠷᠠᠨ ︽ᠵᠡᠭᠦᠨ ᠬᠤᠰᠢᠭᠤᠨ ᠤ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ  ᠦᠢᠯᠡᠳᠬᠦᠨ ᠤ ᠨᠡᠪᠲᠡᠷᠬᠡᠶ ᠳᠡᠪᠲᠡᠷ︾ ᠢ ᠨᠠᠶᠢᠷᠠᠭᠤᠯᠤᠨ ᠵᠣᠬᠢᠶᠠᠵᠤ᠂ ᠪᠡᠯᠡ ᠮᠥᠩᠭᠦ ᠬᠡᠷᠡᠭᠰᠡᠬᠦ ᠲᠠᠯ᠎ᠠ ᠪᠠ ᠪᠠᠩᠬᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠲᠡᠩᠴᠡᠭᠦᠷᠢ ᠦᠭᠡᠢ ᠠᠰᠠᠭᠤᠳᠠᠯ ᠢ  ᠰᠢᠢᠳᠪᠦᠷᠢᠯᠡᠵᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠪᠣᠳᠠᠲᠤ ᠴᠣᠭᠴᠠᠲᠤ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠡᠴᠦᠰ ᠤᠨ ᠨᠢᠭᠡ ᠺᠢᠯᠣᠮᠧᠲᠷ ᠢ ᠨᠡᠪᠳᠡᠷᠡᠭᠦᠯᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号