ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠦᠦ ᠱᠤᠸᠠᠩ ᠴᠢᠤᠸᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/2/17
    2022 ᠣᠨ ᠤ 2 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠪᠦᠦ ᠱᠤᠸᠠᠩ ᠴᠢᠤᠸᠠᠨ ᠨᠥᠬᠦᠷ ᠯᠢᠨᠳᠦ᠋ᠩ ᠤᠨ ᠭᠠᠯᠲᠤ ᠲᠡᠷᠭᠡᠨ ᠥᠷᠲᠡᠭᠡ᠂ ᠯᠢᠨᠳᠦ᠋ᠩ ᠤᠨ ᠮᠠᠰᠢᠨ ᠲᠡᠷᠭᠡᠨ ᠤ ᠥᠷᠲᠡᠭᠡ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃     ᠪᠦᠦ ᠱᠤᠸᠠᠩ ᠴᠢᠤᠸᠠᠨ ᠨᠠᠷ ᠠᠵᠤ ᠠᠬᠤᠶᠢᠯᠠᠯ ᠳᠤ ᠭᠦᠨᠵᠡᠭᠡᠶᠢᠷᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ ᠶᠢᠨ ︽ᠴᠠᠭᠠᠨ ᠰᠠᠷ᠎ᠠ ᠶᠢᠨ ᠵᠥᠭᠡᠭᠡᠪᠦᠷᠢ︾ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠲᠠ ᠬᠢᠭᠰᠡᠨ ᠪᠥᠭᠡᠳ ᠠᠶᠤᠯᠭᠦᠶ ᠦᠢᠯᠡᠳᠪᠦᠷᠢᠯᠡᠯ ᠤᠨ ᠠᠵᠢᠯ ᠳᠤ ᠵᠢᠯᠣᠭᠤᠳᠬᠤ ᠰᠠᠨᠠᠯ ᠳᠤᠷᠠᠳᠴᠠᠶ᠃ ᠪᠦᠦ ᠱᠤᠸᠠᠩ ᠴᠢᠤᠸᠠᠨ ︽ᠴᠠᠭᠠᠨ ᠰᠠᠷ᠎ᠠ ᠶᠢᠨ ᠵᠥᠭᠡᠭᠡᠪᠦᠷᠢ︾ ᠶᠢᠨ ᠬᠤᠭᠤᠴᠠᠭᠠᠨ ᠳᠤ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠪᠣᠯ ᠬᠥᠮᠦᠨ ᠣᠯᠠᠨ ᠴᠤᠭᠯᠠᠷᠠᠬᠤ᠂ ᠨᠡᠭᠦᠳᠡᠯᠯᠡᠬᠦ ᠴᠢᠨᠠᠷ ᠢᠶᠠᠷ ᠶᠡᠭᠡ ᠵᠠᠮ ᠬᠠᠷᠢᠯᠴᠠᠭᠠᠨ ᠤ ᠲᠠᠯᠠᠪᠤᠷ ᠮᠥᠨ᠂ ᠪᠠᠭᠠᠷᠢᠨ ᠵᠡᠭᠦᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠪᠣᠭᠤᠮᠲᠠ ᠮᠥᠨ᠃ ᠬᠠᠷᠢᠭᠤᠴᠠᠯᠭᠠᠲᠤ  ᠨᠢᠭᠡᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠵᠦ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠵᠢᠯᠣᠭᠤᠳᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠡᠷᠢᠬᠦ ᠬᠡᠷᠡᠭᠲᠡᠢ᠃ ᠵᠠᠮ ᠲᠡᠭᠡᠭᠡᠪᠦᠷᠢ ᠶᠢᠨ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠠᠨᠴᠢᠳ ᠤᠨ ᠲᠡᠭᠡᠭᠡᠪᠦᠷᠢ ᠶᠢᠨ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠃ ᠡᠭᠦᠨ ᠤ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号