ᠪᠠᠭᠠᠷᠢᠨ ᠵᠡᠭᠦᠨ ᠬᠤᠰᠢᠭᠤᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠬᠢᠨᠠᠨ ᠪᠤᠳᠤᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/17
    2 ᠰᠠᠷ᠎ᠠ ᠶᠢᠨ 11 ᠤ ᠡᠳᠦᠷ᠂ ᠮᠠᠨ ᠤ ᠬᠤᠰᠢᠭᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠪᠠ ᠪᠥᠬᠦ ᠬᠤᠰᠢᠭᠤᠨ ᠤ ᠲᠤᠰᠬᠠᠶ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠰᠦᠨ ᠶᠠᠨ ᠵᠢᠶᠧ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ ᠬᠢᠨᠠᠨ ᠪᠤᠳᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠤᠭᠤᠷᠪᠢᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃ ᠡᠭᠦᠨ ᠤ ᠬᠠᠮᠲᠤ᠂ ᠬᠤᠰᠢᠭᠤ ᠨᠠᠮ ᠤᠨ ᠬᠤᠷᠢᠶᠠᠨ ᠤ ᠵᠢᠭᠠᠪᠤᠷᠢ ᠱᠠᠭᠠᠷᠳᠠᠯᠭ᠎ᠠ ᠶᠢ ᠳᠣᠭᠤᠭᠰᠢᠯᠠᠭᠤᠯᠵᠤ᠂ ᠲᠤᠰᠬᠠᠢ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠵᠠᠢ᠃     ᠬᠤᠷᠠᠯ ᠠᠴᠠ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠤᠤᠯ ᠬᠠᠷᠢᠭᠤᠴᠠᠯᠭᠠᠲᠠᠨ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠠᠵᠢᠯ ᠤᠨ ᠱᠠᠭᠠᠷᠳᠠᠯᠭ᠎ᠠ ᠶᠣᠰᠣᠭᠠᠷ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠴᠠᠭ ᠲᠤᠬᠠᠶ ᠳᠤᠨᠢ ᠲᠠᠩᠰᠠ ᠡᠪᠬᠡᠮᠡᠯ ᠦᠯᠡᠳᠡᠭᠡᠨ ᠡᠮᠬᠢᠯᠡᠬᠦ ᠬᠡᠷᠡᠭᠲᠡᠶ᠃ ᠠᠵᠢᠯ ᠤᠨ ᠭᠤᠣᠯᠳᠠᠯᠭ᠎ᠠ ᠶᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠨᠢᠭᠡᠨᠲᠡ ᠪᠡᠶᠡᠯᠡᠭᠦᠯᠦᠭᠰᠡᠨ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠡᠷᠬᠢᠨ ᠬᠠᠷᠠᠬᠤ ᠠᠵᠢᠯ ᠢ ᠥᠷᠨᠢᠭᠦᠯᠵᠦ᠂ ᠳᠣᠳᠠᠬᠳᠠᠯ ᠢᠶᠠᠨ ᠪᠠᠶᠢᠴᠠᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠳᠠᠩᠰᠠ ᠡᠪᠬᠡᠮᠡᠯ ᠤᠨ ᠮᠠᠲ᠋ᠧᠷᠢᠶᠠᠯ ᠢᠶᠠᠨ ᠤᠯᠠᠮ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ ᠨᠢ ᠦᠵᠡᠬᠦ ᠳᠤ ᠳᠠᠭᠠᠭᠠᠵᠤ ᠳᠡᠶᠢᠯᠬᠦ᠂ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠡᠳᠦᠶ ᠭᠠᠵᠠᠷ ᠣᠷᠣᠨ ᠪᠠ ᠰᠠᠯᠠᠭ᠎ᠠ ᠮᠥᠴᠢᠷ ᠤᠳ ᠬᠠᠷᠢᠭᠤ ᠲᠤᠰᠬᠠᠭᠰᠠᠨ ᠠᠰᠠᠭᠤᠳᠠᠯ ᠳᠤ ᠦᠳᠲᠡᠷ ᠲᠦᠷᠭᠡᠨ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠬᠢᠨᠠᠨ ᠪᠤᠳᠤᠭᠰᠠᠨ ᠮᠡᠳᠡᠭᠦᠯᠦᠯᠲᠡ ᠪᠠ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠬᠤ ᠬᠡᠷᠡᠭᠲᠡᠶ ᠭᠡᠵᠠᠢ᠃     ᠬᠤᠷᠠᠯ ᠠᠴᠠ᠂ ᠴᠡᠭᠴᠡᠯᠡᠨ ᠰᠠᠶᠢᠵᠢᠷᠠᠭᠤᠯᠬᠤ ᠠᠵᠢᠯ ᠨᠢ ︽ᠣᠳᠣᠬᠠᠨ ᠤ ᠪᠠᠶᠢᠳᠠᠯ ᠳᠤ ᠰᠠᠭᠤᠷᠢᠯᠠᠬᠤ︾ ᠮᠥᠷᠲᠡᠭᠡᠨ ᠪᠠᠰᠠ ︽ᠠᠯᠤᠰ ᠬᠡᠲᠦ ᠶᠢ ᠪᠣᠳᠣᠯᠬᠢᠯᠠᠵᠤ︾᠂ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠨ ᠲᠡᠭᠦᠯᠳᠡᠷᠵᠢᠭᠦᠯᠬᠦ ᠶᠢᠨ ᠬᠠᠮᠲᠤ ᠪᠠᠰᠠ ᠠᠯᠤᠰ ᠬᠡᠲᠦ ᠶᠢ ᠰᠤᠳᠤᠯᠤᠨ ᠴᠢᠬᠤᠯᠠᠴᠢᠯᠠᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠲᠣᠭᠲᠠᠭᠠᠨ ᠲᠡᠭᠦᠯᠳᠡᠷᠵᠢᠭᠦᠯᠵᠦ᠂ ︽ᠲᠦᠷᠢᠮ ᠢᠶᠠᠷ ᠬᠥᠮᠦᠨ ᠢ ᠬᠠᠮᠢᠶᠠᠷᠬᠤ︾ ᠶᠢ ᠪᠡᠶᠡᠯᠡᠭᠦᠯᠬᠦ ᠬᠡᠷᠡᠭᠲᠡᠶ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ᠂ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠵᠢᠷᠤᠮᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠲᠡᠬᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠢᠶᠠᠨ ᠵᠦᠢ ᠵᠣᠬᠢᠰᠲᠠᠶ ᠰᠠᠶᠢᠲᠤᠷ ᠲᠣᠬᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠤᠨ ᠲᠠᠯ᠎ᠠ ᠪᠠᠷ᠂ ᠣᠶᠤᠨ ᠴᠢᠳᠠᠯ ᠤᠨ ᠲᠠᠯ᠎ᠠ ᠪᠠᠷ ᠪᠠᠲᠤᠯᠠᠭ᠎ᠠ ᠲᠠᠢ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ ᠭᠡᠵᠠᠢ  ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号