2022 ᠣᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠬᠤᠷᠠᠯ ᠢ ᠡᠷᠭᠢᠯᠡᠬᠦ ᠲᠤᠬᠠᠶ ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2022/2/9
ᠡᠯ᠎ᠡ ᠬᠥᠮᠦᠨ ᠬᠡᠷᠡᠭᠯᠡᠬᠦ ᠨᠢᠭᠡᠴᠠ᠂ ᠥᠷᠭᠡᠨ ᠣᠯᠠᠨ ᠠᠵᠢᠯ ᠡᠷᠢᠭᠴᠢ᠄          ᠬᠤᠰᠢᠭᠤ ᠵᠠᠰᠠᠭ ᠤᠨ ᠣᠷᠳᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠵᠡᠷᠭᠡ ᠪᠠᠷ ᠰᠠᠶᠢᠲᠤᠷ ᠬᠢᠬᠦ ᠶᠢᠨ ᠳᠦᠯᠦᠭᠡ᠂ ᠬᠤᠰᠢᠭᠤᠨ ᠤ ᠠᠵᠢᠯ ᠣᠯᠭᠤᠬᠤ  ᠦᠢᠯᠡᠴᠢᠯᠡᠭᠡᠨ ᠤ ᠲᠥᠪ ᠨᠢ ︽2022 ᠣᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠬᠤᠷᠠᠯ︾ ᠢ ᠡᠷᠭᠢᠯᠡᠬᠦ ᠪᠠᠷ ᠲᠣᠭᠲᠠᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠥᠷᠭᠡᠨ ᠣᠯᠠᠨ ᠠᠵᠢᠯ ᠡᠷᠢᠭᠰᠡᠳ ᠲᠤ  ᠰᠦᠢᠳᠭᠡᠯ ᠬᠤᠷᠢᠶᠠᠬᠤ ᠥᠬᠡᠶ ᠪᠠᠷ ᠠᠵᠢᠯᠲᠠᠨ ᠡᠯᠰᠡᠬᠦ  ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠵᠢᠯ ᠣᠯᠭᠤᠯᠲᠠ ᠶᠢᠨ ᠪᠠᠲᠤᠯᠠᠭ᠎ᠠ ᠶᠢᠨ ᠠᠵᠢᠯ ᠢ ᠪᠦᠲᠦᠮᠵᠢᠲᠡᠶ ᠰᠠᠶᠢᠲᠤᠷ ᠬᠢᠵᠤ ᠪᠤᠢ᠃ ᠡᠳᠦᠭᠡ ᠤᠷᠢᠵᠤ ᠡᠯᠰᠡᠬᠦ ᠬᠤᠷᠠᠯ ᠤᠨ ᠲᠤᠬᠠᠶ ᠤᠴᠢᠷ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠯᠠᠭ᠎ᠠ ᠶᠢᠨ ᠭᠤᠣᠯ ᠰᠡᠳᠦᠪ  ᠄  ᠠᠵᠢᠯ ᠣᠯᠭᠤᠯᠲᠠ   ᠶᠢ ᠬᠠᠪᠰᠤᠷᠠᠨ ᠳᠡᠳᠬᠦᠬᠦ ᠠᠵᠢᠯᠯᠠᠭ᠎ᠠ᠃      ᠬᠤᠶᠠᠷ᠂ ᠬᠥᠳᠡᠯᠭᠡᠭᠡᠨ ᠬᠢᠬᠦ ᠴᠠᠭ  ᠄ 2022 ᠣᠨ ᠤ 2 ᠰᠠᠷ᠎ᠠ ᠶᠢᠨ 18 ᠤ ᠡᠳᠦᠷ ︵ᠴᠠᠭᠠᠨ ᠰᠠᠷ᠎ᠠ ᠶᠢᠨ ᠠᠷᠪᠠᠨ ᠨᠠᠢᠮᠠᠨ ᠤ ᠡᠳᠦᠷ︶ ᠬᠤᠷᠠᠯ ᠤᠨ ᠬᠤᠭᠤᠴᠠᠭ᠎ᠠ 1 ᠡᠳᠦᠷ︔      ᠭᠤᠷᠪᠠ᠂ ᠠᠵᠢᠯᠲᠠᠨ ᠡᠯᠰᠡᠬᠦ ᠬᠤᠷᠠᠯ ᠤᠨ ᠭᠠᠵᠠᠷ  ᠄ ᠯᠢᠨᠳᠦ᠋ᠩ ᠤᠨ ᠶᠠᠪᠠᠭᠠᠨ ᠵᠡᠭᠡᠯᠢ ᠶᠢᠨ ᠰᠢᠨᠬᠤᠸᠠ ᠲᠠᠯᠠᠪᠠᠢ᠃      ᠳᠥᠷᠪᠡ᠂ ᠦᠢᠯᠡᠴᠢᠯᠡᠬᠦ ᠡᠲᠡᠭᠡᠳ  ᠄ ᠬᠤᠰᠢᠭᠤᠨ ᠤ ᠳᠣᠲᠣᠨ᠎ᠠ ᠭᠠᠳᠠᠨ᠎ᠠ ᠠᠵᠢᠯᠴᠢᠨ ᠬᠡᠷᠡᠭᠯᠡᠬᠦ ᠱᠠᠭᠠᠷᠳᠠᠯᠭ᠎ᠠ ᠲᠠᠢ ᠡᠯ᠎ᠡ ᠲᠥᠷᠥᠯ ᠤᠨ ᠠᠵᠤ ᠠᠬᠤᠶᠢᠯᠠᠯ᠂ ᠪᠡᠭᠡᠵᠢᠩ ᠤᠨ ᠱᠦᠨ ᠢ ᠲᠣᠭᠤᠷᠢᠭ ᠵᠡᠷᠭᠡ ᠬᠥᠮᠦᠨ ᠬᠡᠷᠡᠭᠯᠡᠬᠦ ᠨᠢᠭᠡᠴᠢ︔ ᠬᠢᠵᠢᠭ ᠤᠨ ᠪᠠᠶᠢᠳᠠᠯ ᠠᠴᠠ ᠪᠣᠯᠵᠣ ᠠᠵᠢᠯ ᠣᠯᠤᠭᠰᠠᠨ ᠭᠠᠵᠠᠷ ᠲᠠᠭᠠᠨ ᠬᠤᠴᠣᠷᠤᠭᠰᠠᠨ ᠬᠥᠯᠥᠰᠥᠨ ᠠᠵᠢᠯ ᠬᠢᠭᠰᠡᠳ᠂ ᠰᠢᠯᠵᠢᠭᠦᠯᠦᠨ ᠠᠵᠢᠯ ᠣᠯᠭᠤᠬᠤ ᠬᠦᠰᠡᠯ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠨᠤᠲᠤᠭ ᠲᠠᠭᠠᠨ ᠪᠤᠴᠠᠭᠰᠠᠨ ᠠᠵᠢᠯ ᠤᠨ ᠪᠠᠶᠢᠷᠢ ᠳᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ ᠲᠥᠷᠥᠯ ᠤᠨ ᠠᠵᠢᠯ ᠡᠷᠢᠭᠰᠡᠳ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ᠂ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ᠃      ᠲᠠᠪᠤ᠂ ᠠᠵᠢᠯᠯᠠᠭ᠎ᠠ ᠶᠢᠨ ᠠᠭᠤᠯᠭ᠎ᠠ᠄ ᠠᠵᠢᠯᠴᠢᠨ ᠬᠡᠷᠡᠭᠯᠡᠬᠦ  ᠨᠢᠭᠡᠴᠠ ᠨᠢ ᠠᠵᠢᠯ ᠡᠷᠢᠭᠴᠢ ᠲᠠᠢ ᠲᠤᠬᠠᠶ ᠶᠢᠨ ᠲᠠᠯᠠᠪᠤᠷ ᠲᠤ ᠠᠭᠤᠯᠵᠠᠨ ᠶᠠᠷᠢᠯᠴᠠᠵᠤ᠂ ᠬᠤᠤᠰ ᠴᠢᠭᠯᠡᠯ ᠢᠶᠠᠷ ᠰᠣᠩᠭᠤᠨ᠎ᠠ︔  ᠦᠢᠯᠡᠰ᠂ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ  ᠠᠰᠠᠭᠤᠨ ᠯᠠᠪᠯᠠᠯᠭ᠎ᠠ ᠵᠡᠷᠭᠡ᠃      ᠵᠢᠷᠭᠤᠭ᠎ᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠨᠢ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠲᠣᠬᠢᠷᠠᠭᠤᠯᠬᠤ ᠶᠢ ᠬᠠᠷᠢᠭᠤᠴᠠᠨ᠎ᠠ︔ ᠪᠢᠴᠢᠯ ᠡᠭᠦᠯᠡᠨ ᠰᠣᠶᠣᠯ ᠤᠨ ᠵᠠᠭᠤᠴᠢᠯᠠᠭᠤᠷ ᠤᠨ ᠬᠢᠨ ᠬᠤᠯᠪᠣᠭᠳᠠᠯ ᠪᠦᠬᠦᠢ ᠨᠢᠭᠡᠴᠡ ᠲᠠᠢ ᠬᠠᠮᠵᠢᠯᠴᠠᠨ ᠤᠷᠢᠵᠤ ᠡᠯᠰᠡᠬᠦ ᠨᠡᠷ᠎ᠡ ᠮᠡᠳᠡᠭᠦᠯᠬᠦ᠂ ᠠᠵᠢᠯᠯᠠᠭ᠎ᠠ ᠶᠢᠨ ᠤᠬᠠᠭᠤᠯᠭ᠎ᠠ᠂ ᠲᠠᠯᠠᠪᠤᠷ ᠭᠠᠷᠭᠠᠬᠤ᠂ ᠬᠤᠷᠠᠯ ᠤᠨ ᠲᠠᠯᠠᠪᠠᠢ ᠳᠤ ᠴᠠᠬᠢᠯᠭᠠᠨ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠨ᠎ᠡ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠥᠳᠡᠯᠮᠦᠷᠢ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠠᠵᠢᠯᠴᠢᠨ ᠡᠯᠰᠡᠬᠦ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠠᠵᠢᠯ ᠡᠷᠢᠬᠦ ᠬᠥᠮᠦᠰ ᠢ ᠵᠣᠬᠢᠶᠠᠨ ᠪᠠᠶᠢᠭᠤᠯᠤᠨ ᠬᠤᠷᠠᠯ ᠳᠤ ᠣᠷᠣᠯᠴᠠᠭᠤᠯᠬᠤ ᠶᠢ ᠬᠠᠷᠢᠭᠤᠴᠠᠬᠤ ᠬᠡᠷᠡᠭᠲᠡᠶ᠃      ᠳᠣᠯᠤᠭ᠎ᠠ᠂ ᠠᠵᠢᠯᠲᠠᠨ ᠡᠯᠰᠡᠬᠦ ᠨᠢᠭᠡᠴᠡ ᠶᠢᠨ ᠨᠡᠷ᠎ᠡ ᠮᠡᠳᠡᠭᠦᠯᠬᠦ ᠴᠠᠭ ᠪᠠ ᠠᠷᠭ᠎ᠠ ᠮᠠᠶ᠋ᠢᠭ  ᠄      1᠂ ᠨᠡᠷ᠎ᠡ ᠮᠡᠳᠡᠭᠦᠯᠬᠦ ᠴᠠᠭ᠄ ᠲᠣᠰ ᠡᠳᠦᠷ ᠠᠴᠠ ᠡᠬᠢᠯᠡᠨ 2 ᠰᠠᠷ᠎ᠠ ᠶᠢᠨ 16 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ ᠤᠨ 12 ᠴᠠᠭ ᠪᠣᠯᠲᠠᠯ᠎ᠠ᠃      2 . ᠨᠡᠷ᠎ᠡ ᠮᠡᠳᠡᠭᠦᠯᠬᠦ ᠭᠠᠵᠠᠷ᠄ ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ 4 ᠳ᠋ᠣᠬᠡᠷ ᠳᠠᠪᠬᠤᠷᠯᠢᠭ ᠤᠨ 435 ᠲᠠᠰᠤᠭ᠃      3᠂ ᠬᠤᠰᠢᠭᠤᠨ ᠤ ᠠᠵᠢᠯ ᠣᠯᠭᠤᠬᠤ  ᠦᠢᠯᠡᠴᠢᠯᠡᠭᠡᠨ ᠤ ᠲᠥᠪ ᠤᠨ ᠬᠠᠷᠢᠯᠴᠠᠬᠤ ᠬᠥᠮᠦᠨ᠄ ᠵᠣᠣ ᠸᠧᠶ ᠯᠢ ᠂ ᠬᠠᠷᠢᠯᠴᠠᠬᠤ ᠤᠲᠠᠰᠤ᠄ 04767895527      ᠤᠯᠠᠭᠠᠨᠬᠠᠳᠠ ᠬᠤᠲᠠ ᠶᠢᠨ ᠸᠧᠶ ᠶᠦᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠬᠠᠷᠢᠯᠴᠠᠬᠤ ᠬᠥᠮᠦᠨ᠄ ᠪᠦ᠋ ᠯᠢ ᠮᠢᠨ᠂ ᠭᠠᠷ ᠤᠲᠠᠰᠤ᠄ 182048639708᠂      ᠪᠤᠰᠤᠳ ᠱᠠᠭᠠᠷᠳᠠᠯᠭ᠎ᠠ᠄     1 . ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠬᠤᠷᠠᠯ ᠳᠤ ᠣᠷᠣᠯᠴᠠᠬᠤ ᠠᠵᠢᠯᠲᠠᠨ ᠡᠯᠰᠡᠬᠦ ᠨᠢᠭᠡᠴᠡ ᠶᠢᠨ ᠳᠡᠯᠭᠡᠨ ᠦᠵᠡᠭᠦᠯᠬᠦ ᠪᠠᠶᠢᠷᠢ ᠶᠢ ᠨᠢᠭᠡᠳᠦᠯᠲᠡᠶ ᠲᠣᠬᠢᠷᠠᠭᠤᠯᠬᠤ ᠶᠢ ᠬᠠᠷᠢᠭᠤᠴᠠᠬᠤ ᠶᠢᠨ ᠬᠠᠮᠲᠤ᠂ ᠡᠮᠦᠨ᠎ᠡ 40 ᠨᠡᠷ᠎ᠡ ᠮᠡᠳᠡᠭᠦᠯᠵᠦ ᠠᠵᠢᠯᠲᠠᠨ ᠡᠯᠰᠡᠬᠦ ᠨᠢᠭᠡᠴᠡ ᠳᠤ 1 ᠰᠢᠷᠡᠭᠡ 2 ᠰᠠᠨᠳᠠᠯᠢ᠂ 40 ᠬᠦᠮᠦᠨ ᠨᠡᠷ᠎ᠡ ᠮᠡᠳᠡᠭᠦᠯᠦᠭᠰᠡᠨ ᠤ ᠳᠠᠷᠠᠭ᠎ᠠ ᠥᠪᠡᠷᠲᠡᠭᠡᠨ ᠰᠢᠷᠡᠭᠡ ᠰᠠᠨᠳᠠᠯᠢ ᠪᠡᠯᠡᠳᠬᠡᠬᠦ ᠬᠡᠷᠡᠭᠲᠡᠶ᠃      2 . ᠠᠵᠢᠯᠴᠢᠨ ᠡᠯᠰᠡᠬᠦ ᠨᠢᠭᠡᠴᠡ ᠲᠤᠬᠠᠶ ᠶᠢᠨ ᠲᠠᠯᠠᠪᠠᠶ ᠳᠤ 12 ᠠᠵᠢᠯᠲᠠᠨ ᠲᠣᠬᠢᠷᠠᠭᠤᠯᠬᠤ ᠬᠡᠷᠡᠭᠲᠡᠶ᠃     3 . ᠬᠤᠷᠠᠯ ᠳᠤ ᠣᠷᠣᠯᠴᠠᠭᠰᠠᠳ ᠬᠤᠷᠠᠯ ᠤᠨ ᠲᠠᠯᠠᠪᠠᠶ ᠶᠢᠨ ᠡᠮᠬᠢ ᠵᠢᠷᠤᠮ ᠢ ᠵᠢᠷᠤᠮᠯᠠᠨ ᠰᠠᠬᠢᠵᠤ᠂ ᠬᠤᠷᠠᠯ ᠤᠨ ᠶᠠᠪᠤᠳᠠᠯ ᠤᠨ ᠠᠵᠢᠯᠲᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃                ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ                             2022 ᠣᠨ ᠤ 2 ᠳ᠋ᠤᠭᠠᠷ ᠰᠠᠷ᠎ᠠ ᠶᠢᠨ 7 ᠤ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号