ᠯᠢ ᠺᠧ ᠴᠢᠶᠠᠩ ᠴᠢᠬᠤᠯᠠᠴᠢᠯᠠᠬᠰᠠᠨ ᠨᠢ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ | ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠦᠰᠢᠶ᠎ᠡ ᠳᠤᠷᠠᠰᠬᠠᠯ ᠤᠨ ᠴᠢᠨᠠᠷᠳᠠᠢ ᠨᠢᠭᠡ ᠵᠢᠯ ᠪᠣᠯᠤᠨ᠎ᠠ | ᠭᠡᠵᠠᠢ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠨᠠᠮ ᠤᠨ | ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠶᠢᠰᠢ ᠰᠢᠨ᠎ᠡ ᠠᠶᠠᠨ ᠢᠶᠠᠨ ᠡᠬᠢᠯᠡᠭᠦᠯᠪᠡ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠶ | ᠬᠦᠨᠳᠦ ᠨᠣᠴᠢᠲᠠᠶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠠᠯᠢ ᠣᠯᠠᠨ ᠠᠶᠤᠯ ᠳᠦᠭᠰᠢᠭᠦᠷᠢᠳᠦ | ᠥᠷᠢᠰᠥᠯᠳᠦᠭᠡᠨ ᠤ ᠡᠮᠦᠨ᠎ᠡ᠂ ᠤᠯᠤᠰ ᠳᠠᠶᠠᠭᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠵᠢᠯ ᠤᠨ ᠭᠤᠤᠯ | ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠨ ᠡᠬᠢᠯᠡᠯᠲᠡ ᠲᠠᠢ ᠪᠣᠯᠭᠠᠵᠤ᠂ ᠮᠠᠨ ᠤ ᠤᠯᠤᠰ ᠤᠨ ᠬᠥᠭᠵᠢᠯᠲᠡ ᠪᠠᠰᠠ ᠴᠢᠬᠤᠯᠠ ᠶᠡᠭᠡ ᠰᠢᠨ᠎ᠡ | ᠠᠮᠵᠢᠯᠲᠠ ᠤᠯᠪᠠ᠃ | —ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠳᠡᠭ 114 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 8.1 % ᠪᠠᠷ ᠨᠡᠮᠡᠭᠳᠡᠪᠡ᠃ | ᠪᠦᠬᠦ ᠤᠯᠤᠰ ᠤᠨ ᠡᠳ᠋ ᠤᠨ ᠵᠠᠰᠠᠭ ᠤᠨ ᠣᠷᠣᠯᠭ᠎ᠠ 20 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 10. 7 | % ᠪᠠᠷ ᠨᠡᠮᠡᠭᠳᠡᠪᠡ᠃ ᠬᠤᠲᠠ ᠪᠠᠯᠭᠠᠰᠤᠨ ᠤ 1269 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1 % ᠪᠣᠯᠤᠨ᠎ᠠ᠃ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ 0.9 % ᠪᠠᠷ ᠥᠰᠪᠡ᠃ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ | ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃ | —ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ ᠤᠨ ᠪᠠᠶᠢᠯᠳᠤᠬᠤ ᠪᠤᠳᠤᠯᠭ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠲᠦᠷᠭᠡᠨ ᠪᠤᠵᠠᠭᠠᠶᠢᠷᠠᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠴᠢᠬᠤᠯᠠ ᠠᠬᠢᠯᠲᠠ ᠲᠠᠢ ᠪᠣᠯᠵᠤ᠂ ᠬᠥᠮᠦᠨ ᠠᠴᠢᠶᠠᠯᠠᠭᠰᠠᠨ ᠰᠠᠨᠰᠠᠷ ᠤᠨ ᠠᠶᠠᠯᠠᠯ᠂ | ᠭᠠᠯ ᠭᠠᠷᠠᠭ ᠢ ᠬᠠᠶᠢᠨ ᠬᠡᠮᠵᠢᠬᠦ᠂ ᠡᠬᠢ ᠪᠠᠶᠠᠯᠢᠭ ᠢ ᠬᠠᠶᠢᠨ ᠰᠢᠨᠵᠢᠯᠡᠬᠦ᠂ ᠡᠨᠧᠷᠭᠢ ᠶᠢᠨ ᠰᠤᠷᠪᠤᠯᠵᠢ ᠶᠢᠨ ᠢᠨᠵᠧᠨᠧᠷᠢᠩ | ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠭᠠᠷᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 15. 5 | % ᠪᠠᠷ ᠨᠡᠮᠡᠭᠳᠡᠪᠡ᠃ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠲᠦᠷᠭᠡᠨ ᠠᠭᠤᠰᠤᠯᠴᠠᠪᠠ | ᠃ | —ᠠᠵᠤ ᠠᠬᠤᠢ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠡ᠃ ᠠᠮᠤ | ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 18.2 % ᠢᠶᠠᠷ ᠨᠡᠮᠡᠭᠳᠡᠵᠦ᠂ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ | ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠶᠢ ᠯᠠᠪᠳᠠᠭᠤᠨ ᠪᠠᠲᠤᠲᠠᠢ ᠠᠬᠢᠭᠤᠯᠪᠠ᠃ | —ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ | ᠭᠤᠭᠴᠤᠭ᠎ᠠ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠠᠷᠭᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ︽ᠪᠠᠭᠤᠯᠭᠠᠬᠤ ᠤᠶᠠᠯᠳᠤᠭᠤᠯᠬᠤ | ᠰᠢᠯᠢᠳᠡᠭᠵᠢᠭᠦᠯᠬᠦ︾ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠶᠡᠷᠦᠩᠬᠡᠶ ᠬᠡᠮᠵᠢᠶ᠎ᠡ 1.5 ᠳ᠋ᠦᠩᠰᠢᠭᠤᠷ ᠡᠷᠦᠬᠡ ᠶᠢ ᠳᠠᠪᠠᠪᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ | ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠯᠠᠪᠳᠠᠭᠤᠨ ᠢᠶᠠᠷ ᠬᠦᠭᠵᠢᠪᠡ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠠᠬᠢᠭᠤᠯᠪᠠ᠃ ᠡᠳ᠋ | ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 21. 4 % ᠪᠠᠷ ᠨᠡᠮᠡᠭᠳᠡᠵᠦ᠂ | ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠨᠡᠮᠡᠭᠳᠡᠯ ᠢ ᠪᠠᠲᠤᠯᠠᠪᠠ᠃ | —ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠥᠷᠨᠢᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠲᠤᠰᠬᠠᠢ ᠣᠷᠣᠨ ᠤ ᠲᠡᠰ ᠵᠢᠴᠢ ᠲᠡᠭᠦᠨ ᠠᠴᠠ | ᠳᠡᠭᠡᠭᠰᠢᠬᠢ ᠬᠤᠳᠠ ᠶᠢᠨ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠬᠡᠴᠡ ᠶᠢ 9.1 % ᠪᠠᠷ ᠪᠠᠭᠤᠷᠠᠭᠤᠯᠪᠠ᠃ | ᠨᠢᠭᠡᠳᠦᠭᠡᠷ ᠪᠦᠯᠦᠭ ᠤᠨ ᠤᠯᠤᠰ ᠤᠨ ᠴᠡᠴᠡᠷᠯᠢᠭ ᠵᠢᠩᠬᠢᠨᠢ ᠪᠠᠷ ᠪᠠᠶᠢᠭᠤᠯᠤᠭᠳᠠᠪᠠ᠃ ᠠᠮᠢ ᠠᠬᠤᠢ ᠶᠢᠨ ᠣᠷᠴᠢᠨ | ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ᠃ | —ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.1 % ᠪᠠᠷ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠦᠨᠳᠦᠰᠦᠨ ᠨᠠᠰᠤᠵᠢᠯ ᠤᠨ ᠠᠰᠠᠷᠠᠮᠵᠢ᠂ | ᠦᠨᠳᠦᠰᠦᠨ ᠡᠮ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠠᠯᠬᠤᠮ ᠢ ᠠᠯᠬᠤᠪᠠ᠃ ᠬᠤᠲᠠ ᠪᠠᠯᠭᠠᠰᠤᠨ ᠤ 5.6 | ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠰᠢᠨ᠎ᠡ ᠪᠠᠷ ᠪᠠᠷᠢᠯᠭ᠎ᠠ ᠡᠬᠢᠯᠡᠭᠦᠯᠦᠨ ᠥᠭᠡᠷᠡᠴᠢᠯᠡᠨ ᠪᠠᠶᠢᠭᠤᠯᠵᠤ᠂ ᠮᠢᠩᠭ᠎ᠠ | ᠲᠦᠮᠡᠨ ᠬᠡᠷ ᠪᠦᠯᠢ ᠳᠤ ᠠᠰᠢᠭ ᠬᠦᠷᠲᠡᠭᠡᠪᠡ᠃ | — ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ | ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠪᠥᠬᠦ ᠶᠠᠪᠤᠴᠠ ᠶᠢᠨ | ᠲᠠᠷᠢᠯᠭ᠎ᠠ ᠶᠢᠨ ᠪᠦᠷᠬᠦᠴᠡ ᠶᠢᠨ ᠨᠣᠷᠮ᠎ᠠ 85 % ᠶᠢ ᠳᠠᠪᠠᠵᠤ᠂ ᠬᠡᠰᠡᠭ ᠭᠠᠵᠠᠷ ᠣᠷᠣᠨ ᠤ ᠴᠤᠭᠯᠠᠷᠠᠯ ᠤᠨ ᠴᠢᠨᠠᠷᠲᠠᠶ | ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠤ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ | ᠳᠢᠭᠯᠢᠮ ᠢ ᠬᠠᠮᠠᠭᠠᠯᠠᠪᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ | ᠂ ᠣᠯᠤᠭᠰᠠᠨ ᠠᠮᠵᠢᠯᠲᠠ ᠮᠠᠰᠢ ᠬᠢᠯᠪᠠᠷ ᠪᠤᠰᠤ ᠶᠤᠮ ᠭᠡᠵᠠᠢ ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠣᠯᠤᠭᠰᠠᠨ ᠠᠮᠵᠢᠯᠲᠠ ᠮᠠᠰᠢ ᠬᠢᠯᠪᠠᠷ ᠪᠤᠰᠤ | ᠶᠤᠮ᠃ ᠮᠠᠨ ᠤ ᠤᠯᠤᠰ ᠤᠨ ᠠᠵᠤ ᠠᠬᠤᠢ ᠪᠠᠰᠠ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠵᠡᠷᠭᠡ ᠬᠦᠨᠳᠦ ᠨᠣᠴᠢᠲᠠᠢ | ᠳᠠᠭᠠᠷᠢᠯᠳᠠ ᠶᠢᠨ ᠳᠠᠷᠠᠭᠠᠬᠢ ᠰᠡᠷᠭᠦᠨ ᠬᠥᠭᠵᠢᠬᠦ ᠶᠠᠪᠤᠴᠠ ᠳᠤ ᠣᠷᠣᠰᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠳᠤ ᠪᠠᠰᠠ ᠮᠠᠰᠢ ᠤᠯᠠᠨ ᠰᠢᠨ᠎ᠡ ᠬᠤᠪᠢᠷᠠᠯᠲᠠ ᠭᠠᠷᠴᠤ᠂ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ | ᠬᠦᠴᠢᠷᠳᠡᠯ ᠨᠡᠮᠡᠭᠳᠡᠪᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠷᠸ᠎ᠠ | ᠲᠦᠷᠦ ᠶᠢᠨ ᠪᠤᠳᠤᠯᠭ᠎ᠠ ᠶᠢᠨ ᠦᠶᠡᠯᠡᠯ ᠠᠯᠤᠰᠯᠠᠬᠤ ᠪᠠ ᠰᠥᠷᠭᠡᠦ ᠦᠶᠡᠯᠡᠯ ᠤᠨ ᠬᠤᠭᠤᠴᠠᠭ᠎ᠠ ᠶᠢᠨ ᠲᠤᠬᠢᠷᠠᠭᠤᠯᠤᠯᠳᠠ ᠶᠢ | ᠴᠢᠬᠤᠯᠠᠴᠢᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠪᠠ ᠭᠡᠵᠠᠢ ᠃ | ᠯᠢ ᠺᠧ ᠴᠢᠶᠠᠩ ᠴᠢᠬᠤᠯᠠᠴᠢᠯᠠᠬᠰᠠᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ | ᠨᠢᠭᠡ ᠵᠢᠯ ᠳᠤ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠬᠠᠨᠳᠤᠯᠭᠠᠲᠤ ᠴᠢᠨᠠᠷ ᠢ ᠪᠠᠲᠤᠯᠠᠵᠤ᠂ ᠠᠵᠤ | ᠠᠬᠤᠢ ᠶᠢᠨ ᠡᠷᠭᠢᠯᠲᠡ ᠶᠢᠨ ᠵᠣᠬᠢᠰᠲᠠᠢ ᠬᠡᠪᠴᠢᠶᠡᠨ ᠳᠤ ᠪᠠᠶᠢᠬᠤ ᠶᠢ ᠠᠬᠢᠭᠤᠯᠪᠠ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠬᠤᠷᠸ᠎ᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ | ᠬᠠᠨᠳᠤᠯᠭᠠᠲᠤ ᠴᠢᠨᠠᠷ ᠢ ᠪᠠᠲᠤᠯᠠᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ | ᠠᠬᠢᠭᠤᠯᠪᠠ᠃ ᠬᠤᠷᠸ᠎ᠠ ᠲᠦᠷᠦ ᠶᠢᠨ ᠪᠤᠳᠤᠯᠭ᠎ᠠ ᠨᠢ ᠦᠶᠡᠯᠡᠯ ᠠᠯᠤᠰᠯᠠᠨ ᠲᠤᠬᠢᠷᠠᠭᠤᠯᠬᠤ ᠬᠡᠷᠡᠭᠴᠡᠭᠡ ᠳᠤ ᠵᠣᠬᠢᠴᠠᠵᠤ᠂ | ᠠᠵᠤ ᠠᠬᠤᠢ ᠶᠢᠨ ᠰᠡᠷᠭᠦᠯᠲᠡ ᠶᠢ ᠳᠡᠮᠵᠢᠬᠦ ᠡᠷᠴᠢᠮ ᠢᠶᠠᠨ ᠪᠠᠲᠤᠯᠠᠬᠤ ᠶᠢᠨ ᠬᠠᠮᠲᠤ ᠡᠨᠡ ᠵᠢᠯ ᠤᠨ ᠬᠦᠴᠢᠷᠳᠡᠯ | ᠥᠷᠢᠰᠥᠯᠳᠦᠭᠡᠨ ᠢ ᠠᠷᠭᠠᠴᠠᠬᠤ ᠳᠤ ᠲᠦᠷᠦ ᠶᠢᠨ ᠪᠤᠳᠤᠯᠭ᠎ᠠ ᠶᠢᠨ ᠣᠷᠣᠨ ᠵᠠᠢ ᠦᠯᠡᠳᠡᠭᠡᠵᠦ ᠥᠭᠬᠦ ᠶᠢ ᠪᠣᠳᠣᠯᠬᠢᠯᠠᠨ᠎ᠠ᠃ | ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠪᠠᠶᠢᠡᠭᠭᠤᠵᠢᠬᠰᠠᠨ ᠲᠣᠭᠲᠠᠴᠠ ᠶᠢ ᠪᠠᠶᠢᠭᠤᠯᠵᠤ᠂ 2.8 ᠲᠦᠮᠡᠨ | ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠬᠡᠪᠴᠢᠶᠡᠨ ᠳᠤ | ᠣᠷᠣᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ | ᠬᠡᠷᠡᠭᠯᠡᠬᠦ ᠶᠢ ᠰᠢᠯᠢᠳᠡᠭᠵᠢᠭᠦᠯᠦᠨ᠎ᠡ᠃ ᠵᠣᠭᠤᠰᠣᠨ ᠤᠲ᠋ᠥ᠋ᠷᠥ ᠶᠢᠨ ᠪᠣᠳᠣᠯᠭ᠎ᠠ ᠶᠢᠨ ᠲᠣᠭᠲᠠᠭᠤᠨ ᠢ ᠪᠦᠲᠦᠮᠵᠢᠲᠡᠢ | ᠬᠡᠷᠡᠭᠵᠢᠭᠦᠯᠵᠦ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠶᠢ ᠬᠤᠶᠠᠷ ᠤᠳᠠᠭ᠎ᠠ ᠪᠥᠬᠦ ᠲᠠᠯ᠎ᠠ ᠪᠠᠷ | ᠪᠠᠭᠤᠷᠠᠭᠤᠯᠵᠤ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠶᠢ ᠠᠬᠢᠭᠤᠯᠪᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢᠨ ᠬᠡᠷᠡᠭ ᠢ ᠯᠠᠪᠳᠠᠭᠤᠨ ᠲᠣᠬᠢᠲᠠᠢ ᠰᠢᠢᠳᠪᠦᠷᠢᠯᠡᠪᠡ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠤᠯᠠᠨ ᠢᠶᠠᠷ ᠢᠶᠠᠨ ᠦᠢᠯᠡᠰ ᠪᠤᠰᠬᠠᠵᠦ | ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠦᠬᠦ ᠵᠢᠯ ᠠᠴᠠ ᠦᠵᠡᠪᠡᠯ᠂ ᠭᠤᠣᠯ ᠪᠣᠯᠬᠤ ᠬᠤᠷᠸ᠎ᠠ ᠠᠵᠤ ᠠᠬᠤᠢ ᠶᠢᠨ | ᠭᠦᠢᠴᠡᠳᠬᠡᠯ ᠲᠤᠭ᠎ᠠ ᠵᠢᠱᠢᠯᠲᠡ ᠲᠠᠢ ᠨᠡᠶᠢᠴᠡᠵᠦ᠂ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠪᠠ ᠬᠤᠷᠸ᠎ᠠ | ᠬᠦᠰᠢᠬᠦᠷᠭᠡ ᠶᠢᠨ ᠨᠤᠷᠮ᠎ᠠ ᠳᠣᠷᠣᠭᠰᠢᠯᠠᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠳᠡᠯᠡᠬᠡᠢ ᠶᠢᠨ | ᠡᠮᠦᠨ᠎ᠡ ᠡᠩᠨᠡᠭᠡᠨ ᠳᠤ ᠣᠷᠣᠪᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠪᠡ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠰᠡᠷᠭᠦᠯᠲᠡ ᠶᠢᠨ | ᠰᠠᠭᠤᠷᠢ ᠶᠢ ᠪᠠᠬᠢᠵᠢᠭᠦᠯᠪᠡ᠃ ᠳ᠋ᠦᠩᠰᠢᠭᠤᠷ ᠭᠠᠷᠤᠶ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠬᠡᠳᠦᠨ ᠳ᠋ᠦᠩᠰᠢᠭᠤᠷ | ᠬᠥᠮᠦᠨ ᠤ ᠠᠵᠢᠯ ᠣᠯᠵᠤ ᠦᠢᠯᠡᠰ ᠪᠤᠰᠬᠠᠬᠤ ᠶᠢ ᠠᠴᠢᠶᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠨᠢ ᠬᠢᠵᠢᠭ ᠤᠨ | ᠪᠠᠶᠢᠳᠠᠯ ᠭᠠᠷᠤᠭᠰᠠᠨ ᠠᠴᠠ ᠨᠠᠭᠠᠰᠢᠬᠢ ᠪᠦᠲᠦᠮᠵᠢᠲᠡᠶ ᠠᠷᠭ᠎ᠠ ᠵᠠᠮ ᠪᠠ ᠠᠷᠭ᠎ᠠ ᠬᠢᠳᠡᠯ ᠢ ᠦᠷᠭᠦᠯᠵᠢᠯᠡᠭᠦᠯᠪᠡ᠃ ᠨᠢᠳᠤᠨᠤᠨ ᠤ | ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 1 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠪᠠᠰᠠ ᠦᠢᠯᠡᠳᠬᠦ ᠦᠢᠯᠡᠰ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠨᠡᠭᠦᠷᠡᠰᠦ ᠴᠠᠬᠢᠯᠭᠠᠨ | ᠪᠣᠯᠤᠨ ᠢᠯᠴᠢ ᠬᠠᠩᠭᠠᠬᠤ ᠠᠵᠤ ᠠᠬᠤᠶᠢᠯᠠᠯ ᠳᠤ ᠱᠠᠳᠤᠴᠢ ᠴᠢᠨᠠᠷᠲᠠᠢ ᠭᠠᠶᠢᠯᠢ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠶᠢ ᠬᠡᠷᠡᠭᠵᠢᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠪᠣᠯ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠰᠢᠭᠤᠳ ᠪᠦᠲᠦᠮᠵᠢᠲᠡᠢ ᠠᠷᠭ᠎ᠠ ᠮᠥᠨ᠂ ᠪᠠᠰᠠ ᠴᠤ ︽ᠤᠰᠤ ᠲᠠᠯᠪᠢᠵᠤ ᠵᠢᠭᠠᠰᠤ | ᠲᠡᠵᠢᠭᠡᠬᠦ︾᠂ ᠭᠠᠶᠢᠯᠢ ᠶᠢᠨ ᠢᠷᠡᠯᠳᠡ ᠶᠢ ᠬᠠᠳᠠᠭᠠᠯᠠᠬᠤ ᠠᠷᠭ᠎ᠠ ᠮᠥᠨ᠃ 2013 ᠣᠨ ᠠᠴᠠ ᠨᠠᠭᠠᠰᠢ ᠰᠢᠨ᠎ᠡ ᠪᠠᠷ | ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠢᠳᠤᠨᠤᠨ ᠤ ᠲᠤᠰᠢᠶᠠᠭᠰᠠᠨ ᠭᠠᠶᠢᠯᠢ | 4.76 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠰᠡᠨ ᠢ ᠦᠢᠯᠡᠳᠦᠯᠭᠡ ᠬᠠᠷᠠᠭᠤᠯᠵᠤ ᠪᠠᠶᠢᠨ᠎ᠠ᠃ ᠲᠡᠮᠦᠷ ᠵᠠᠮ᠂ | ᠵᠠᠰᠠᠮᠠᠯ ᠵᠠᠮ᠂ ᠠᠭᠠᠷ ᠤᠨ ᠠᠶᠠᠯᠠᠯ᠂ ᠳᠠᠯᠠᠢ ᠶᠢᠨ ᠲᠡᠭᠡᠭᠡᠪᠦᠷᠢ᠂ ᠭᠠᠷᠠᠮ ᠵᠡᠷᠭᠡ ᠲᠡᠭᠡᠭᠡᠪᠦᠷᠢ ᠶᠢᠨ ᠪᠠᠲᠤᠯᠠᠭ᠎ᠠ ᠶᠢ | ᠴᠢᠩᠭᠠᠳᠬᠠᠪᠠ᠃ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠪᠠᠨ ᠴᠢᠩᠭᠠᠳᠬᠠᠵᠤ᠂ ᠪᠠᠭ᠎ᠠ ᠵᠢᠵᠢᠭ ᠠᠵᠤ ᠠᠬᠤᠶᠢᠯᠠᠯ ᠤᠨ | ᠵᠢᠭᠡᠯᠡᠯᠭᠡ ᠶᠢᠨ ᠡᠬᠡ ᠬᠦᠦ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠪᠠ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠪᠠᠭ᠎ᠠ | ᠵᠢᠵᠢᠭ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ 40 % ᠶᠢ ᠳᠠᠪᠠᠵᠤ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠲᠣᠭᠲᠠᠭᠤᠨ ᠤ ᠳᠤᠮᠳᠠ | ᠪᠠᠭᠤᠷᠠᠪᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠪᠠ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠵᠠᠬ᠎ᠠ | ᠳᠡᠯᠭᠡᠭᠦᠷ ᠤᠨ ᠰᠢᠰᠲ᠋ᠧᠮ ᠤᠨ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠤᠬᠢᠷᠠᠭᠤᠯᠬᠤ ᠵᠡᠷᠭᠡ ᠥᠭᠡᠷᠡᠴᠢᠯᠡᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ | ᠭᠠᠷ ᠭᠦᠢᠴᠡᠳᠬᠡᠯ ᠪᠠ ᠭᠦᠢᠴᠡᠳᠬᠡᠬᠦ ᠴᠠᠭ ᠤᠨ ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠣᠯᠠᠨ ᠵᠦᠢᠯᠡᠰ ᠢ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ᠃ | ᠨᠢᠭᠡ ᠪᠦᠯᠦᠭ ᠣᠷᠣᠨ ᠨᠤᠲᠤᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠪᠡ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠰᠢᠨ᠎ᠡ ᠶᠢ ᠡᠭᠦᠳᠴᠦ᠂ ᠬᠦᠷᠦᠩᠭᠡ ᠶᠢᠨ ᠡᠮᠬᠢ ᠵᠢᠷᠤᠮ ᠦᠭᠡᠢ ᠥᠷᠭᠡᠳᠬᠦ ᠶᠢ ᠰᠡᠷᠭᠡᠶᠢᠯᠡᠵᠦ᠂ ᠭᠤᠣᠯᠴᠢ ᠥᠷᠢᠰᠥᠯᠳᠦᠭᠡᠨ ᠢ | ᠬᠠᠮᠠᠭᠠᠯᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠬᠡᠷᠡᠭᠵᠬᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠳᠡᠮᠵᠢᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠢ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠰᠠᠯᠭᠠᠬᠤ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠪᠡᠭᠡᠵᠢᠩ ᠤᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ ᠪᠠ ᠭᠤᠸᠠᠩᠵᠧᠦ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠢ | ᠪᠠᠶᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ᠂ ᠨᠡᠶᠢᠭᠡᠮ ᠤᠨ ᠦᠢᠯᠡᠰ᠂ ᠠᠮᠢ ᠠᠬᠤᠢ ᠶᠢᠨ ᠪᠣᠯᠪᠠᠰᠤᠨ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠥᠲᠥᠭᠡᠨ ᠪᠠᠶᠢᠭᠤᠯᠵᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ᠂ | ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠵᠢᠴᠢ ᠠᠩᠬᠠᠳᠤᠭᠠᠷ | ᠬᠤᠭᠤᠴᠠᠭᠠᠨ ᠤ ᠬᠡᠷᠡᠭᠯᠡᠭᠴᠢᠳ ᠤᠨ ᠦᠵᠡᠰᠬᠦᠯᠡᠩ ᠵᠡᠷᠭᠡ ᠴᠢᠬᠤᠯᠠ ᠶᠡᠭᠡ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ | 4 ᠦᠢᠯᠡᠴᠢᠯᠡᠭᠡᠨ ᠤ ᠦᠢᠯᠡᠰ ᠤᠨ ᠨᠡᠭᠡᠭᠡᠯᠳᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢ ᠰᠢᠨ᠎ᠡ ᠪᠠᠷ | ᠨᠡᠮᠡᠭᠳᠡᠭᠦᠯᠵᠦ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠨᠡᠭᠡᠭᠡᠯᠳᠡ ᠶᠢᠨ ᠰᠢᠨ᠎ᠡ ᠠᠷᠭ᠎ᠠ ᠬᠡᠮᠵᠢᠶ᠎ᠡ ᠶᠢ ᠭᠠᠷᠭᠠᠪᠠ | ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠶ᠋ᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠪᠠ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ | ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠤᠯᠤᠰ ᠤᠨ | ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠪᠠ᠃ ᠲᠥᠪ ᠤᠨ ᠡᠳ᠋ ᠤᠨ ᠵᠠᠰᠠᠭ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠳᠠᠮ | ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ ᠶᠢ | ᠦᠷᠭᠡᠳᠬᠡᠵᠤ᠂ ᠰᠤᠳᠤᠯᠤᠨ ᠨᠡᠭᠡᠭᠡᠬᠦ ᠵᠠᠷᠤᠳᠠᠯ ᠢ ᠨᠠᠮᠠᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠠᠮᠠᠨ | ᠪᠤᠳᠤᠵᠤ ᠰᠠᠭᠤᠯᠭᠠᠨ ᠠᠪᠬᠤ ᠬᠠᠷᠢᠴᠠᠯ ᠢ 100 % ᠪᠣᠯᠲᠠᠯ᠎ᠠ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ | ᠬᠦᠴᠦᠷᠬᠡᠭᠵᠢᠭᠦᠯᠬᠦᠨᠥ᠋ᠬᠦᠪᠥᠷᠢᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠭᠰᠠᠨ | ᠤᠶᠤᠨᠴᠢ ᠥᠭᠡᠷᠡᠴᠢᠯᠡᠯᠲᠡ ᠶᠢ ᠲᠦᠷᠭᠡᠳᠴᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠠᠶᠢᠨ ᠰᠠᠶᠢᠬᠠᠨ | ᠬᠥᠭᠵᠢᠯᠲᠡ ᠶᠢᠨ ᠬᠠᠨᠳᠤᠰᠢ ᠪᠠᠨ ᠪᠠᠲᠤᠯᠠᠪᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠬᠤᠲᠠ | ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠪᠠᠶᠢᠷᠢᠰᠢᠯ ᠢ ᠲᠠᠰᠤᠷᠠᠯᠲᠠ | ᠥᠬᠡᠶ ᠰᠢᠯᠢᠳᠡᠭᠵᠢᠭᠦᠯᠪᠡ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠳᠡᠮᠵᠢᠯᠭᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠢᠭᠡ ᠪᠦᠯᠦᠭ | ᠴᠢᠬᠤᠯᠠ ᠶᠡᠭᠡ ᠵᠦᠢᠯᠡᠰ ᠢ ᠬᠡᠷᠡᠭᠵᠢᠭᠦᠯᠪᠡ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠢ ᠴᠢᠩᠭᠠᠳᠬᠠᠨ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭ᠎ᠠ ᠲᠠᠷᠢᠬᠤ | ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ 200 ᠳ᠋ᠦᠩᠰᠢᠭᠤᠷᠢ ᠲᠥᠭᠦᠷᠢᠭ ᠤᠨ ᠨᠥᠬᠦᠪᠥᠷᠢ ᠣᠯᠭᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 160 ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠲᠣᠭᠲᠠᠭᠠᠪᠠ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠨ᠎ᠡ ᠭᠡᠵᠠᠢ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ ᠭᠡᠵᠠᠢ ᠃ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠦᠩᠭᠡᠷᠡᠭᠰᠡᠨ ᠨᠢᠭᠡ ᠵᠢᠯ ᠳᠤ ᠠᠮᠢ ᠠᠬᠤᠢ ᠣᠷᠴᠢᠨ ᠳᠣᠭᠤᠷᠢᠨ ᠤ ᠬᠠᠮᠠᠭᠠᠯᠠᠯᠳᠠ ᠶᠢ | ᠴᠢᠩᠭᠠᠳᠬᠠᠵᠤ᠂ ᠦᠷᠭᠦᠯᠵᠢᠯᠡᠬᠦᠶᠢᠡ ᠭᠦᠭᠵᠢᠯᠳᠡ ᠶᠢ ᠪᠠᠳᠣᠯᠠᠪᠠ ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠪᠡ᠃ ᠬᠢᠮᠢ ᠶᠢᠨ ᠪᠤᠷᠳᠤᠭᠤᠷ ᠲᠠᠷᠢᠶᠠᠨ | ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠪᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ | ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 10 ᠳ᠋ᠦᠩᠰᠢᠭᠤᠷ ᠬᠢᠯᠦᠸᠠᠲ ᠢ ᠳᠠᠪᠠᠪᠠ᠃ ᠨᠡᠭᠦᠷᠡᠰᠦ ᠶᠢᠨ | ᠠᠵᠢᠯᠯᠠᠭ᠎ᠠ ᠶᠢᠨ ᠲᠥᠰᠦᠯ ᠢ ᠨᠡᠶᠢᠲᠡᠯᠡᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠪᠠ | ᠭᠡᠵᠠᠢ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠠᠷᠠᠳ ᠤᠨ | ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠶ᠋ᠯᠡᠰ ᠢ ᠲᠦᠷᠭᠡᠳᠬᠡᠨ ᠬᠥᠭᠵᠢᠭᠦᠯᠪᠡ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ | ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠳᠬᠡᠨ ᠬᠥᠭᠵᠢᠭᠦᠯᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠤᠨ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3700 | ᠭᠠᠷᠤᠢ ᠲᠦᠮᠡᠨ ᠰᠤᠷᠤᠭᠴᠢᠳ ᠲᠤ ᠠᠰᠢᠭ ᠬᠦᠷᠲᠡᠭᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠣᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠳᠠᠷᠤᠭᠠᠰᠤ ᠶᠢ ᠬᠦᠩᠭᠡᠷᠡᠭᠦᠯᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠷᠭᠡᠳᠬᠡᠨ ᠡᠯᠰᠡᠬᠦ | ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠥᠮᠦᠨ ᠪᠦᠷᠢ ᠶᠢᠨ ᠵᠢᠯ ᠤᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠶᠢ 4000 | ᠲᠥᠭᠦᠷᠢᠭ ᠨᠡᠮᠡᠭᠳᠡᠭᠦᠯᠵᠦ᠂ ᠰᠤᠷᠭᠠᠭᠤᠯᠢ ᠳᠤ ᠪᠠᠶᠢᠭ᠎ᠠ 500 ᠭᠠᠷᠤᠶ ᠲᠦᠮᠡᠨ ᠰᠤᠷᠤᠭᠴᠢ ᠳᠤ ᠠᠰᠢᠭ ᠬᠦᠷᠳᠡᠭᠡᠪᠡ᠃ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ | ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ | ᠬᠠᠪᠢᠳᠠᠵᠤ ᠪᠠᠶᠢᠭ᠎ᠠ ᠬᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠦᠰ ᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ | ᠥᠭᠡᠷᠡᠴᠢᠯᠡᠨ᠎ᠡ᠃ ᠪᠠᠶᠢᠩᠭᠤ ᠲᠣᠬᠢᠶᠠᠯᠳᠤᠳᠠᠭ ᠡᠪᠡᠳᠴᠢᠨ ᠵᠡᠷᠭᠡ ᠡᠭᠦᠳᠡᠨ ᠡᠮᠨᠡᠯᠭᠡ ᠶᠢᠨ ᠵᠠᠷᠤᠳᠠᠯ ᠢ ᠡᠮᠨᠡᠯᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ | ᠰᠢᠭᠤᠳ ᠲᠡᠰᠦᠯᠦᠨ ᠪᠤᠳᠤᠬᠤ ᠨᠣᠷᠮ᠎ᠠ ᠶᠢ 60 % ᠳᠤ ᠬᠦᠷᠭᠡᠨ᠎ᠡ᠃ ᠡᠮ ᠤᠨ ᠵᠦᠢᠯ ᠤᠨ ᠸᠠᠺᠼᠢᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠨ᠎ᠠ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠲᠦᠷᠭᠡᠪᠴᠢᠯᠡᠨ ᠬᠥᠭᠵᠢᠭᠦᠯᠦᠨ᠎ᠡ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ | ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ | ᠬᠡᠷᠡᠭᠵᠢᠭᠦᠯᠦᠨ᠎ᠡ᠃ ᠰᠠᠶᠢᠨ ᠰᠠᠶᠢᠬᠠᠨ ᠰᠦᠯᠵᠢᠶᠡᠨ ᠤ ᠠᠮᠢ ᠠᠬᠤᠶ ᠶᠢ ᠪᠤᠢ ᠪᠣᠯᠭᠠᠪᠠ᠃ ᠮᠠᠨ ᠤ ᠤᠯᠤᠰ ᠤᠨ ᠲᠠᠮᠢᠷᠴᠢᠳ | ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠡᠭᠡᠷ᠎ᠡ ᠰᠢᠯᠢᠳᠡᠭ ᠪᠦᠲᠦᠮᠵᠢ ᠶᠢ ᠵᠣᠷᠢᠭᠲᠠᠶ ᠪᠠᠷ ᠡᠭᠦᠳᠪᠡ᠃ ᠨᠠᠷᠢᠨ ᠨᠢᠮᠪᠠᠶ ᠪᠡᠯᠡᠳᠬᠡᠯ ᠬᠢᠬᠦ ᠪᠠᠷ ᠳᠡᠮᠵᠢᠨ᠂ | ᠪᠢᠳᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠳᠥᠭᠦᠮ ᠳᠥᠲᠡ᠂ ᠠᠮᠤᠷ | ᠲᠦᠪᠰᠢᠨ᠂ ᠭᠤᠶᠢᠳᠠ ᠰᠠᠶᠢᠬᠠᠨ ᠡᠷᠭᠢᠯᠡᠵᠦ᠂ ᠰᠠᠶ᠋ᠢᠬᠠᠨ ᠡᠬᠢᠯᠡᠭᠰᠡᠨ ᠵᠡᠮᠳᠡᠭᠴᠦᠳ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢ ᠴᠤ ᠯᠠᠪᠲᠠᠶ ᠰᠠᠶᠢᠲᠤᠷ ᠡᠷᠭᠢᠯᠡᠵᠦ ᠴᠢᠳᠠᠬᠤ ᠶᠤᠮ ᠭᠡᠵᠠᠢ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ ᠭᠡᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠦᠩᠭᠡᠷᠡᠭᠰᠡᠨ ᠨᠢᠭᠡ ᠵᠢᠯ ᠳᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠬᠤ ᠪᠠ ᠬᠠᠤᠯᠢ ᠴᠠᠭᠠᠵᠠ ᠶᠢᠨ ᠰᠢᠨᠡᠴᠢᠯᠡᠯᠳᠡ ᠶᠢ ᠳᠦᠯᠬᠢᠨ ᠠᠬᠢᠭᠤᠯᠵᠤ᠂ ᠨᠡᠶᠢᠭᠡᠮ ᠤᠨ ᠳᠣᠬᠳᠠᠭᠤᠨ ᠶᠢ | ᠪᠠᠳᠣᠯᠠᠪᠠ ᠭᠡᠵᠠᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ 10 ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 15 ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠪᠠ᠃ ᠠᠷᠠᠳ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠭᠦᠢᠴᠡᠳᠬᠡᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ᠶᠢ ᠨᠡᠶᠢᠲᠡᠯᠡᠪᠡ᠃ ᠬᠢᠨᠠᠨ | ᠪᠤᠳᠤᠯᠳᠠ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ | ᠰᠢᠮᠳᠠᠭᠤᠯᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾ | ᠶᠢ ᠭᠦᠨᠵᠡᠭᠡᠶ ᠬᠡᠷᠡᠭᠵᠢᠭᠦᠯᠪᠡ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠪᠡ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠠᠷᠢᠯᠭᠠᠵᠤ᠂ ᠠᠶᠤᠯ ᠦᠭᠡᠶ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ | ᠴᠢᠩᠭᠠᠳᠬᠠᠪᠠ᠃ ᠤᠯᠤᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ | ᠵᠡᠷᠭᠡ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ ᠵᠠᠰᠠᠨ᠎ᠠ᠃ ᠨᠢᠳᠤᠨᠤᠨ ᠵᠠᠷᠢᠮ ᠭᠠᠵᠠᠷ ᠣᠷᠣᠨ ᠳᠤ | ᠬᠦᠨᠳᠦ ᠨᠣᠴᠢᠲᠠᠢ ᠦᠶᠡᠷ ᠤᠰᠤᠲᠤᠯ ᠵᠡᠷᠭᠡ ᠭᠠᠮᠰᠢᠭ ᠭᠠᠷᠤᠭᠰᠠᠨ ᠳᠤ ᠡᠯ᠎ᠡ ᠲᠠᠯ᠎ᠠ ᠶᠢᠨ ᠬᠢᠨ ᠭᠠᠮᠰᠢᠭ ᠢ ᠰᠡᠷᠭᠡᠶᠢᠯᠡᠨ | ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠳᠠᠬᠢᠨ ᠪᠦᠲᠦᠭᠡᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠴᠢᠷᠮᠠᠶᠢᠨ ᠪᠠᠲᠤᠯᠠᠪᠠ᠃ | | |