ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ  ︵ᠬᠤᠶᠠᠷ︶
ᠨᠡᠶᠢᠲᠡᠯᠡᠭᠰᠡᠨ ᠴᠠᠭ᠄
2022/3/10
    ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠭᠡᠵᠠᠢ᠃     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂  ᠦᠩᠭᠡᠷᠡᠭᠰᠡᠨ ᠨᠢᠭᠡ ᠵᠢᠯ ᠳᠤ ᠨᠠᠮ ᠤᠨ  ᠳᠦᠪ ᠬᠤᠷᠢᠶᠠᠨ ᠤ  ᠪᠦᠬᠦ ᠳᠠᠯ᠎ᠠ ᠪᠠᠨ ᠨᠠᠮ  ᠢ ᠴᠢᠩᠭ᠎ᠠ ᠵᠠᠰᠠᠬᠤ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠳᠣᠭᠤᠰᠢᠯᠠᠭᠤᠯᠤᠨ  ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠨᠢᠭᠦᠯᠪᠡ᠃ ᠨᠠᠮ ᠤᠨ ᠰᠤᠷᠲᠠᠯ ᠪᠠ  ᠴᠢᠬᠡᠴᠢ  ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠲᠥᠪ ᠤᠨ  ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠵᠠᠢ᠃     ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠳᠤᠮᠳᠠᠳᠤ ᠤᠯᠤᠰ ᠤᠨ ᠣᠨᠴᠠᠯᠢᠭ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠪᠠ ᠭᠡᠵᠠᠢ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠪᠠ᠃  ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠸᠢᠳᠢᠣ᠋ ᠬᠡᠯᠪᠡᠷᠢ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ᠂ ᠠᠯᠳᠠᠨ ᠲᠣᠭᠤᠰᠬ᠎ᠠ ᠤᠯᠤᠰ ᠤᠳ ᠤᠨ ᠤᠳᠤᠷᠢᠳᠬᠤ ᠬᠥᠮᠦᠰ ᠤᠨ ᠠᠭᠤᠯᠵᠠᠯᠲᠠ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠰᠠᠶᠢᠳ ᠤᠨ ᠲᠡᠰ ᠤᠨ ᠬᠤᠷᠠᠯ ᠤᠨ ᠡᠬᠢᠯᠡᠯᠲᠡ ᠶᠢᠨ ᠶᠣᠰᠣᠯᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ ᠰᠢᠷᠢᠰ ᠬᠤᠷᠠᠯ᠂ ᠠᠽᠢᠶ᠎ᠠ ᠧᠦ᠋ᠷᠣᠫᠠ ᠶᠢᠨ ᠲᠦᠷᠦᠭᠦᠴᠦᠳ ᠤᠨ ᠬᠤᠷᠠᠯ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠴᠢᠬᠤᠯᠠ ᠶᠡᠭᠡ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠤᠯᠠᠨ ᠲᠠᠯᠠᠪᠤᠷ ᠠᠮᠵᠢᠯᠲᠠ ᠲᠠᠢ ᠡᠷᠬᠢᠯᠡᠪᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠢᠳᠡᠪᠬᠢᠲᠡᠢ ᠬᠥᠭᠵᠢᠭᠦᠯᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠠ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠠᠢ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠭᠡᠵᠠᠢ᠃     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠠ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠣᠯᠤᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠂  ᠳᠣᠮᠳᠠᠳᠣ ᠤᠯᠤᠰ ᠤᠨ  ᠣᠳᠣᠬᠢᠴᠢᠯᠠᠯᠳᠠ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ ᠥᠷᠢᠰᠥᠯᠳᠦᠭᠡᠨ ᠢ ᠰᠡᠷᠭᠡᠭ ᠢᠶᠠᠷ ᠣᠯᠵᠤ ᠬᠠᠷᠠᠪᠠ ᠭᠡᠵᠠᠢ᠃      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠵᠡᠷᠭᠡ ᠪᠠᠷ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ ᠥᠷᠢᠰᠥᠯᠳᠦᠭᠡᠨ ᠢ ᠰᠡᠷᠭᠡᠭ ᠢᠶᠠᠷ ᠣᠯᠵᠤ ᠬᠠᠷᠠᠪᠠ᠃ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠦᠷᠭᠦᠯᠵᠢᠯᠡᠵᠦ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂  ᠲᠠᠸᠠᠷ ᠤᠨ ᠦᠨ᠎ᠡ ᠬᠠᠩᠰᠢ ᠥᠨᠳᠥᠷ ᠲᠦᠪᠰᠢᠨ ᠢᠶᠠᠷ ᠬᠡᠯᠪᠡᠯᠵᠡᠵᠦ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠ ᠲᠣᠭᠲᠠᠪᠤᠷᠢ ᠦᠭᠡᠢ ᠪᠤᠯᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠡᠷᠡᠭᠴᠡᠭᠡ ᠪᠠᠭᠠᠰᠴᠤ᠂ ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠪᠠᠭᠤᠷᠠᠵᠤ ᠪᠠᠶᠢᠭ᠎ᠠ ᠭᠤᠷᠪᠠᠨ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠡᠰᠡᠭ ᠭᠠᠵᠠᠷ ᠲᠤ ᠬᠢᠵᠢᠭ ᠳᠡᠯᠭᠡᠷᠡᠵᠦ ᠪᠠᠶᠢᠨ᠎ᠠ᠃ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠰᠡᠷᠭᠦᠯᠲᠡ ᠤᠳᠠᠭᠠᠰᠢᠷᠠᠵᠤ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ ᠬᠦᠴᠢᠷᠳᠡᠯ ᠨᠡᠮᠡᠭᠳᠡᠵᠦ᠂ ᠡᠨᠧᠷᠭᠢ ᠶᠢᠨ ᠰᠤᠷᠪᠤᠯᠵᠢ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠮᠥᠨ ᠯᠡ ᠪᠠᠴᠢᠭᠤ ᠪᠠᠶᠢᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠭᠦᠷᠭᠡ ᠨᠡᠩ ᠪᠡᠷᠬᠡ ᠬᠠᠲᠠᠭᠤᠵᠢᠯᠲᠠᠢ ᠪᠠᠶᠢᠨ᠎ᠠ᠃ ᠵᠠᠩᠭᠢᠯᠠᠭ᠎ᠠ ᠶᠢᠨ ᠬᠦᠷᠢᠶᠡᠨ ᠤ ᠰᠢᠨ᠎ᠡ ᠶᠢ ᠡᠭᠦᠳᠬᠦ ᠲᠤᠯᠭᠠᠭᠤᠷᠢᠯᠠᠬᠤ ᠴᠢᠳᠠᠪᠤᠷᠢ ᠴᠢᠩᠭ᠎ᠠ ᠪᠢᠰᠢ᠃ ᠵᠠᠷᠢᠮ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠬᠡᠰᠴᠦ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠲᠠᠯᠳᠠ ᠭᠡᠮ ᠨᠡᠯᠢᠶᠡᠳ ᠠᠷᠪᠢᠨ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠮᠥᠨ ᠯᠡ ᠲᠤᠪᠤᠶᠢᠮ᠎ᠠ ᠣᠷᠣᠰᠢᠵᠤ᠂ ᠪᠣᠳᠠᠲᠤ ᠪᠠᠶᠢᠳᠠᠯ ᠠᠴᠠ ᠰᠠᠯᠤᠩᠭᠢᠷᠠᠬᠤ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠵᠥᠷᠢᠴᠡᠬᠦ ᠦᠵᠡᠭᠳᠡᠯ ᠪᠠᠶᠢᠨ ᠲᠠᠬᠢᠨ ᠭᠠᠷᠴᠤ᠂ ᠵᠠᠷᠢᠮ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤᠮᠳᠠ ︽ᠡᠭᠡᠭᠡ ᠠᠳᠠᠯᠢ ᠪᠠᠶᠢᠯᠭᠠᠬᠤ︾᠂ ᠬᠥᠳᠡᠯᠭᠡᠭᠡᠨ ᠤ ᠮᠠᠶ᠋ᠢᠭ ᠤᠨ ᠠᠷᠭ᠎ᠠ ᠪᠠᠷᠢᠯ ᠢ ᠠᠪᠴᠤ ᠪᠠᠶᠢᠨ᠎ᠠ᠃ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠴᠦ᠂ ᠵᠠᠷᠢᠮ ᠨᠢ ᠤᠯᠠᠨ ᠲᠦᠮᠡᠨ ᠤ ᠡᠷᠬᠡ ᠠᠰᠢᠭ ᠢ ᠬᠦᠨᠳᠦ ᠨᠣᠴᠢᠲᠠᠢ ᠬᠤᠬᠢᠷᠠᠭᠤᠯᠤᠭᠰᠠᠨ ᠠᠰᠠᠭᠤᠳᠠᠯ ᠢ ᠦᠯᠦ ᠬᠠᠶᠢᠬᠤᠷᠤᠨ᠂ ᠠᠵᠢᠯ ᠳᠠᠭᠠᠨ ᠬᠦᠨᠳᠦ ᠨᠣᠴᠢᠲᠠᠢ ᠬᠠᠷᠢᠭᠤᠴᠠᠯᠭ᠎ᠠ ᠠᠯᠳᠠᠵᠤ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ ᠠᠰᠠᠭᠤᠳᠠᠯ ᠮᠥᠨ ᠯᠡ ᠣᠯᠠᠨ ᠭᠠᠷᠴᠤ ᠪᠠᠶᠢᠨ᠎ᠠ᠃ ᠪᠢᠳᠠ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠭᠡᠷᠡᠭᠳᠡᠢ ᠭᠡᠵᠠᠢ︕       ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠪᠠ᠃       ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠠᠬᠢᠴᠠ ᠳᠠᠬᠢ ᠲᠦᠢᠯ ᠤᠨ ᠴᠢᠬᠤᠯᠠ ᠨᠢᠭᠡ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠶ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠶ᠎ᠠ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ  ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ  ᠳᠦᠯᠦᠪᠯᠡᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠂ ︽ᠵᠢᠷᠭᠤᠭ᠎ᠠ ᠶᠢ ᠪᠠᠲᠤᠯᠠᠬᠤ︾ ᠠᠵᠢᠯ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠪᠠ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠨ᠎ᠠ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠳᠣᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ᠃     ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠪᠠᠯ᠂ ᠡᠨᠡ ᠵᠢᠯ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢᠯᠡᠳᠲᠡ ᠨᠡᠮᠡᠭᠳᠡᠵᠦ ᠪᠠᠶᠢᠨ᠎ᠠ᠂ ᠡᠷᠬᠡᠪᠰᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠬᠦᠴᠢᠷ ᠪᠡᠷᠬᠡᠰᠢᠶᠡᠯ ᠲᠠᠢ ᠪᠣᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠤᠯᠠᠮ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ ᠦᠷᠭᠦᠯᠵᠢᠯᠡᠨ ᠬᠥᠭᠵᠢᠬᠦ ᠳᠤ ᠤᠯᠠᠨ ᠲᠠᠯ᠎ᠠ ᠶᠢᠨ ᠠᠰᠢᠭᠲᠠᠢ ᠨᠥᠬᠦᠴᠡᠯ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠴᠢᠩᠭ᠎ᠠ ᠬᠦᠰᠡᠯ᠂ ᠦᠢᠯᠡᠰ ᠪᠤᠰᠬᠠᠵᠤ ᠰᠢᠨ᠎ᠡ ᠶᠢ ᠡᠭᠦᠳᠬᠦ ᠯᠤᠲᠤ ᠶᠡᠭᠡ ᠲᠠᠯᠳᠠ ᠬᠦᠴᠦᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠡᠷᠡᠰ ᠪᠠᠲᠤ ᠵᠣᠷᠢᠭ ᠰᠠᠨᠠᠭ᠎ᠠ ᠲᠠᠢ ᠶᠤᠮ᠂ ᠪᠢᠳᠡ ᠪᠠᠰᠠ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠤᠷᠤᠭᠤᠳᠠᠬᠤ ᠳᠠᠷᠤᠯᠲᠠ ᠶᠢ ᠲᠤᠯᠵᠤ᠂ ᠯᠠᠪᠲᠠᠢ ᠯᠠᠪᠳᠠᠭᠤᠨ ᠢᠶᠠᠷ ᠬᠤᠯᠠ ᠠᠶᠠᠯᠠᠨ᠎ᠠ      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠴᠠᠢ︔      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠳᠣᠷᠠᠳᠣᠬᠰᠠᠨ ᠨᠢ᠂  ᠤᠯᠤᠰ ᠤᠨ ᠳᠣᠳᠣᠭᠠᠳᠣ ᠶᠢᠨ ᠦᠢᠯᠡᠳᠪᠦᠷᠢ ᠶᠢᠨ ᠶᠡᠷᠦᠩᠬᠡᠢ ᠦᠷᠡᠳᠡᠭ 5.5 %  ᠣᠷᠴᠢᠮ ᠢᠶᠠᠷ  ᠨᠡᠮᠡᠭᠳᠡᠵᠦ᠂ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ ᠪᠦᠬᠦ ᠵᠢᠯ ᠳᠤ 5.5 % ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠣᠯᠪᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ︔ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠭᠤᠣᠯ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠦᠷᠭᠦᠯᠵᠢᠯᠡᠨ ᠪᠠᠭᠤᠷᠠᠪᠠ︔ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠶ ᠲᠥᠯᠥᠪᠯᠡᠨ ᠰᠢᠯᠭᠠᠨ ᠬᠢᠨᠠᠬᠤ ᠶᠢᠨ ᠬᠠᠮᠲᠤ ᠵᠣᠬᠢᠰᠲᠠᠶ ᠬᠠᠷᠢᠮᠠᠬᠠᠶ ᠴᠢᠨᠠᠷ ᠦᠯᠡᠳᠡᠭᠡᠵᠦ᠂ ᠰᠢᠨ᠎ᠡ ᠪᠠᠷ ᠨᠡᠮᠡᠭᠳᠡᠬᠦ ᠳᠠᠬᠢᠨ ᠡᠭᠦᠰᠴᠦ ᠪᠣᠯᠬᠤ ᠡᠨᠧᠷᠭᠢ ᠪᠠ ᠲᠦᠭᠦᠬᠡᠶ ᠮᠠᠲ᠋ᠧᠷᠢᠶᠠᠯ ᠤᠨ ᠬᠡᠷᠡᠭᠯᠡᠬᠦ  ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠳᠤ ᠣᠷᠣᠭᠤᠯᠬᠤ ᠥᠬᠡᠶ᠃     ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠤᠯᠳᠠᠭᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠴᠡᠭᠡ ᠶᠢ ᠪᠣᠳᠣᠯᠬᠢᠯᠠᠬᠤ ᠶᠢᠨ ᠬᠠᠮᠲᠤ ᠣᠶᠢᠷ᠎ᠠ ᠶᠢᠨ ᠬᠤᠶᠠᠷ ᠵᠢᠯ ᠤᠨ ᠠᠵᠤ ᠠᠬᠤᠶ ᠶᠢᠨ ᠳᠤᠮᠳᠠᠴᠢ ᠨᠡᠮᠡᠭᠳᠡᠯ ᠤᠨ ᠬᠤᠷᠳᠤᠴᠠ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢᠨ ᠱᠠᠭᠠᠷᠳᠠᠯᠭ᠎ᠠ ᠲᠠᠢ ᠵᠣᠯᠭᠠᠭᠤᠯᠤᠨ᠎ᠠ᠃ ᠡᠨᠡ ᠪᠣᠯ ᠥᠨᠳᠥᠷ ᠰᠠᠭᠤᠷᠢ ᠲᠤᠭ᠎ᠠ ᠳᠡᠭᠡᠷ᠎ᠡ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠵᠦ ᠪᠠᠶᠢᠭ᠎ᠠ ᠶᠠᠪᠤᠳᠠᠯ ᠮᠥᠨ᠂ ᠡᠨᠡ ᠨᠢ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠬᠠᠷᠠᠭᠤᠯᠵᠤ ᠪᠠᠶᠢᠭ᠎ᠠ ᠪᠣᠯᠬᠤᠷ ᠬᠠᠲᠠᠭᠤᠵᠢᠯᠲᠠᠶ ᠴᠢᠷᠮᠠᠶᠢᠯᠭ᠎ᠠ ᠭᠠᠷᠭᠠᠪᠠᠯ ᠰᠠᠶ᠋ᠢ ᠪᠡᠶᠡᠯᠡᠭᠦᠯᠵᠦ ᠴᠢᠳᠠᠨ᠎ᠠ ᠭᠡᠵᠠᠢ᠃     ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠳᠤᠷᠠᠳᠴᠠᠢ  ᠃     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠬᠤᠷᠸ᠎ᠠ ᠲᠦᠷᠦ ᠶᠢᠨ ᠪᠤᠳᠤᠯᠭ᠎ᠠ ᠯᠠᠪᠳᠠᠭᠤᠨ ᠪᠥᠭᠡᠳ ᠪᠦᠲᠦᠮᠵᠢᠲᠡᠢ ᠪᠠᠶᠢᠵᠤ᠂ ᠬᠤᠮᠠᠬᠢ ᠲᠦᠷᠦ ᠶᠢᠨ ᠪᠤᠳᠤᠯᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠪᠠ ᠲᠦᠷᠦ ᠶᠢᠨ ᠪᠤᠳᠤᠯᠭ᠎ᠠ ᠨᠢ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠳᠠ ᠶᠢᠨ ᠲᠦᠷᠦ ᠶᠢᠨ ᠪᠤᠳᠤᠯᠭ᠎ᠠ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠨᠢ ᠬᠥᠭᠵᠢᠯᠲᠡ ᠶᠢᠨ ᠲᠡᠩᠴᠡᠭᠦᠷᠢᠲᠦ ᠴᠢᠨᠠᠷ ᠵᠣᠬᠢᠴᠠᠩᠭᠤᠢ ᠴᠢᠨᠠᠷ ᠢ ᠴᠢᠩᠭᠠᠳᠬᠠᠵᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠳᠤᠷᠠᠳᠪᠠ᠃ ᠡᠯ᠎ᠡ ᠲᠠᠯ᠎ᠠ ᠶᠢᠨ ᠬᠢᠨ ᠡᠳᠡᠭᠡᠷ ᠴᠢᠬᠤᠯᠠ ᠶᠡᠭᠡ ᠲᠦᠷᠦ ᠶᠢᠨ ᠪᠤᠳᠤᠯᠭ᠎ᠠ ᠪᠠ ᠱᠠᠭᠠᠷᠳᠠᠯᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠥᠭᠵᠢᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠢ᠃      ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠦᠳᠦᠮᠵᠢᠳᠦ ᠴᠢᠨᠠᠷ ᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠣᠪᠴᠢᠲᠠᠢ᠂ ᠦᠷᠭᠦᠯᠵᠢᠯᠡᠬᠦ ᠶᠢ ᠨᠡᠩ ᠴᠢᠬᠤᠯᠠᠴᠢᠯᠠᠬᠤ ᠬᠡᠷᠡᠭᠲᠡᠢ᠃ ᠵᠣᠭᠤᠰᠣᠨ ᠤ ᠯᠠᠪᠳᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠵᠣᠬᠢᠰᠲᠠᠶ ᠤᠷᠢᠳᠴᠢᠯᠠᠭᠤᠯᠵᠤ᠂ ᠨᠥᠭᠡᠴᠡ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠡᠷᠡᠭᠯᠡᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠦᠨᠡᠨ ᠬᠦ ᠪᠠᠳᠣᠯᠠᠬᠤ ᠬᠡᠷᠡᠭᠳᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠳᠡᠢ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠯᠢ ᠶᠢᠨ ᠪᠣᠭᠤᠮᠲᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠸᠢᠷᠦ᠋ᠰ ᠤᠨ ᠤᠨᠳᠤᠤᠰᠢᠯ ᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠸᠠᠺᠼᠢᠨ ᠪᠠ ᠣᠨᠴᠠ  ᠦᠢᠯᠡᠳᠦᠯ ᠲᠠᠢ ᠡᠮ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠸᠠᠺᠼᠢᠨ ᠤ ᠲᠠᠷᠢᠯᠭ᠎ᠠ ᠬᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠰᠡᠭ ᠭᠠᠵᠠᠷ ᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ  ᠰᠢᠢᠳᠪᠦᠷᠢᠯᠡᠵᠤ ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠪᠠᠳᠣᠯᠠᠬᠤ ᠬᠡᠷᠡᠭᠳᠡᠢ᠃       ᠦᠨᠦ ᠵᠢᠯ ᠤᠨ ᠠᠵᠢᠯ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ ᠠᠬᠤᠢ ᠶᠢᠨ ᠲᠣᠭᠲᠠᠭᠤᠨ ᠪᠠᠶᠢᠳᠠᠯ ᠳᠤ ᠠᠰᠢᠭᠲᠠᠢ ᠲᠦᠷᠦ ᠶᠢᠨ ᠪᠤᠳᠤᠯᠭ᠎ᠠ ᠶᠢ ᠢᠳᠡᠪᠬᠢᠲᠡᠢ ᠭᠠᠷᠭᠠᠬᠤ ᠬᠡᠷᠡᠭᠲᠡᠢ᠃ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠬᠤ ᠬᠡᠷᠡᠭᠲᠡᠢ᠂ ᠪᠦᠳᠦᠭᠦᠯᠢᠭ ᠬᠡᠯᠪᠡᠷᠢ ᠶᠢᠨ ᠬᠥᠭᠵᠢᠯᠲᠡ ᠶᠢ ᠬᠢᠵᠦ ᠪᠣᠯᠬᠤ ᠦᠭᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠠᠵᠢᠯ ᠶᠠᠪᠤᠳᠠᠯ ᠢᠶᠠᠨ ᠬᠦᠴᠦᠯᠡᠨ ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ᠂ ᠪᠤᠰᠤᠳᠴᠢ ᠪᠣᠳᠠᠲᠤ ᠪᠠᠶᠢᠳᠠᠯ ᠪᠠ ᠤᠯᠠᠨ ᠲᠦᠮᠡᠨ ᠤ ᠬᠡᠷᠡᠭᠴᠡᠭᠡ ᠶᠢ ᠬᠦᠨᠳᠦᠳᠬᠡᠨ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠶᠢ ᠴᠢᠳᠠᠮᠠᠭᠠᠢ ᠬᠡᠷᠡᠭᠯᠡᠨ ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠦᠭᠵᠢᠭᠦᠯᠬᠦ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠬᠦ ᠳᠤ ᠲᠦᠰᠢᠭᠯᠡᠨ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠶ  ᠭᠡᠵᠠᠢ᠃      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠥᠷᠢᠰᠥᠯᠳᠦᠭᠡᠨ ᠤᠯᠠᠨ ᠪᠠᠶᠢᠨ᠎ᠠ ᠭᠡᠵᠠᠢ᠃      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠭᠦᠷᠬᠡ ᠬᠦᠨᠳᠦ᠂  ᠦᠷᠢᠰᠦᠯᠳᠦᠭᠡᠨ ᠶᠡᠭᠡ᠃  ᠪᠢᠳᠡ ᠵᠠᠪᠠᠯ ᠰᠢ ᠵᠢᠨ‌‍ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠠᠢ᠃      
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号