ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠬᠤᠷᠸ᠎ᠠ ᠠᠵᠤ | ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠵᠣᠬᠢᠰᠲᠠᠢ | ᠬᠡᠪᠴᠢᠶᠡᠨ ᠳᠤ ᠪᠠᠶᠢᠬᠤ ᠶᠢ ᠪᠠᠲᠤᠯᠠᠨ᠎ᠠ ᠭᠡᠵᠦ ᠳᠤᠷᠠᠳᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ | ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠨ᠎ᠠ ᠭᠡᠵᠦ | ᠳᠤᠷᠠᠳᠪᠠ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠬᠤᠷᠸ᠎ᠠ ᠲᠦᠷᠦ ᠶᠢᠨ ᠪᠤᠳᠤᠯᠭ᠎ᠠ ᠳᠤ ᠣᠷᠣᠨ ᠵᠠᠢ ᠠᠷᠭ᠎ᠠ ᠪᠠᠷᠢᠯ ᠲᠠᠢ | ᠶᠤᠮ᠂ ᠦᠶᠡᠯᠡᠯ ᠠᠯᠤᠰᠯᠠᠭᠰᠠᠨ ᠪᠠ ᠰᠥᠷᠭᠡᠦ ᠦᠶᠡᠯᠡᠯ ᠤᠨ ᠬᠤᠭᠤᠴᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ | ᠂ ᠠᠵᠤ ᠠᠬᠤᠢ ᠶᠢᠨ ᠲᠣᠭᠲᠠᠭᠤᠨ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠡᠨᠡ ᠵᠢᠯ ᠤᠨ ᠤᠯᠠᠭᠠᠨ ᠲᠤᠭ᠎ᠠ ᠶᠢᠨ ᠨᠤᠷᠮ᠎ᠠ ᠶᠢ 2. 8% ᠣᠷᠴᠢᠮ ᠢᠶᠠᠷ ᠲᠤᠬᠢᠷᠠᠭᠤᠯᠬᠤ ᠪᠠᠷ ᠲᠥᠯᠥᠪᠯᠡᠵᠦ᠂ | ᠡᠨᠡ ᠨᠢ ᠨᠢᠳᠤᠨᠤᠨ ᠤ ᠬᠢ ᠠᠴᠠ ᠡᠳᠦᠢ ᠲᠡᠳᠦᠢ ᠳᠣᠷᠣᠭᠰᠢᠯᠠᠭᠰᠠᠨ ᠪᠣᠯᠬᠤᠷ ᠡᠳ᠋ ᠤᠨ ᠵᠠᠰᠠᠭ ᠤᠨ ᠦᠷᠭᠦᠯᠵᠢᠯᠡᠬᠦ | ᠴᠢᠨᠠᠷ ᠢ ᠨᠡᠮᠡᠭᠳᠡᠭᠦᠯᠬᠦ ᠳᠤ ᠠᠰᠢᠭᠲᠠᠢ ᠶᠤᠮ᠃ ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ | ᠦᠷᠭᠦᠯᠵᠢᠯᠡᠨ ᠨᠡᠮᠡᠭᠳᠡᠬᠦ ᠶᠢᠨ ᠳᠡᠭᠡᠷ᠎ᠡ ᠣᠨᠴᠠ ᠲᠣᠭᠲᠠᠭᠠᠭᠰᠠᠨ ᠤᠯᠤᠰ ᠤᠨ ᠥᠮᠴᠢᠯᠡᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠳᠡᠭᠡᠭᠰᠢ | ᠳᠤᠰᠢᠶᠠᠵᠤ᠂ ᠤᠢᠢᠷ᠎ᠠ ᠶᠢᠨ ᠵᠢᠯ ᠤᠨ ᠳ᠋ᠦᠩᠨᠡᠨ ᠦᠯᠡᠳᠡᠭᠡᠭᠰᠡᠨ ᠠᠰᠢᠭ ᠬᠤᠨᠵᠢᠪᠣᠷᠢ᠂ ᠲᠥᠰᠦᠪ ᠤᠨ | ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠵᠡᠷᠭᠡ ᠳᠤ ᠰᠢᠯᠵᠢᠭᠦᠯᠦᠨ ᠣᠷᠣᠭᠤᠯᠵᠤ᠂ ᠵᠠᠷᠤᠯᠭ᠎ᠠ ᠶᠢᠨ | ᠬᠡᠪᠴᠢᠶ᠎ᠠ ᠶᠢ ᠨᠢᠳᠤᠨᠤᠨ ᠤ ᠬᠢ ᠠᠴᠠ 2 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠥᠷᠭᠡᠳᠬᠡᠨ᠂ | ᠬᠡᠷᠡᠭᠯᠡᠵᠦ ᠪᠣᠯᠬᠤ ᠡᠳ᠋ ᠤᠨ ᠬᠦᠴᠦᠨ ᠢ ᠢᠯᠡᠳᠲᠡ ᠨᠡᠮᠡᠭᠳᠡᠭᠦᠯᠦᠨ᠎ᠡ᠃ ᠰᠢᠨ᠎ᠡ ᠪᠠᠷ ᠨᠡᠮᠡᠭᠳᠡᠬᠦ ᠡᠳ᠋ ᠤᠨ ᠬᠦᠴᠦᠨ ᠢ | ᠦᠨᠳᠦᠰᠦᠨ ᠱᠠᠲᠤᠨ ᠳᠤ ᠪᠠᠭᠤᠯᠭᠠᠵᠤ᠂ ᠭᠤᠣᠯᠳᠠᠭᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠬᠡᠷᠡᠭᠴᠡᠭᠡ ᠶᠢ ᠥᠷᠭᠡᠳᠬᠡᠬᠦ ᠳᠤ ᠬᠡᠷᠡᠭᠯᠡᠬᠦ | ᠬᠡᠷᠡᠭᠲᠡᠢ᠃ ᠦᠨᠦ ᠵᠢᠯ ᠲᠥᠪ ᠤᠨ ᠲᠤᠰ ᠱᠠᠲᠤᠨ ᠤ ᠵᠠᠷᠤᠯᠭ᠎ᠠ ᠶᠢ 3.9 % ᠪᠠᠷ ᠨᠡᠮᠡᠭᠳᠡᠭᠦᠯᠦᠨ᠎ᠡ᠂ ᠡᠭᠦᠨ ᠤ | ᠳᠣᠲᠣᠷ᠎ᠠ ᠲᠥᠪ ᠤᠨ ᠰᠠᠯᠠᠭ᠎ᠠ ᠮᠥᠴᠢᠷ ᠤᠨ ᠵᠠᠷᠤᠯᠭ᠎ᠠ ᠦᠷᠭᠦᠯᠵᠢᠯᠡᠨ ᠰᠥᠭᠡᠷᠭᠦ ᠨᠡᠮᠡᠭᠳᠡᠯ ᠲᠠᠢ ᠪᠠᠶᠢᠨ᠎ᠠ᠃ | ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠪᠠᠷᠤᠭ 1.5 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠵᠦ᠂ ᠬᠡᠪᠴᠢᠶ᠎ᠠ ᠨᠢ ᠪᠠᠷᠤᠭ 9.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 18 % ᠪᠠᠷ | ᠨᠡᠮᠡᠭᠳᠡᠵᠦ᠂ ᠤᠯᠠᠨ ᠵᠢᠯ ᠤᠨ ᠲᠤᠷᠰᠢᠬᠢ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠪᠠ᠃ ᠲᠥᠪ ᠤᠨ ᠡᠳ᠋ ᠤᠨ | ᠵᠠᠰᠠᠭ ᠠᠴᠠ ᠨᠡᠩ ᠤᠯᠠᠨ ᠪᠡᠯᠡ ᠮᠥᠩᠭᠦ ᠶᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠮᠤᠵᠢ ᠶᠢᠨ | ᠱᠠᠲᠤᠨ ᠤ ᠡᠳ᠋ ᠤᠨ ᠵᠠᠰᠠᠭ ᠴᠤ ᠬᠤᠲᠠ ᠰᠢᠶᠠᠨ ᠳᠠᠬᠢ ᠳᠡᠮᠵᠢᠯᠭᠡ ᠪᠠᠨ ᠨᠡᠮᠡᠭᠳᠡᠭᠦᠯᠵᠦ᠂ ᠦᠨᠳᠦᠰᠦᠨ ᠱᠠᠲᠤᠨ ᠤ | ᠠᠵᠤ ᠠᠬᠤᠶᠢᠯᠠᠯ ᠳᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠶᠢ ᠨᠡᠩ ᠴᠢᠳᠠᠪᠤᠷᠢ ᠲᠠᠢ᠂ ᠨᠡᠩ ᠬᠥᠳᠡᠯᠭᠡᠬᠦ ᠬᠦᠴᠦᠨ ᠲᠠᠢ ᠪᠣᠯᠭᠠᠬᠤ ᠬᠡᠷᠡᠭᠲᠡᠢ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠦᠲᠦᠮᠵᠢᠲᠡᠢ | ᠪᠡᠯᠡ ᠣᠷᠣᠭᠤᠯᠤᠯᠲᠠ ᠶᠢ ᠥᠷᠭᠡᠳᠬᠡᠬᠦ ᠶᠢ ᠳᠠᠶᠢᠴᠢᠯᠠᠬᠤ ᠬᠡᠷᠡᠭᠲᠡᠢ᠃ ᠡᠨᠡ ᠵᠢᠯ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.65 ᠲᠦᠮᠡᠨ ᠳ᠋ᠦᠩᠰᠢᠭᠤᠷ ᠲᠥᠭᠦᠷᠢᠭ | ᠲᠤᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠠᠮᠵᠢᠯᠲᠠ ᠪᠦᠲᠦᠮᠵᠢ ᠶᠢᠨ ᠤᠳᠤᠷᠢᠳᠤᠮᠵᠢ ᠶᠢ ᠴᠢᠩᠭᠠᠷᠠᠭᠤᠯᠤᠨ᠂ ︽ | ᠪᠡᠯᠡ ᠮᠥᠩᠭᠦ ᠨᠢ ᠲᠥᠷᠥᠯ ᠵᠦᠢᠯ ᠢ ᠳᠠᠭᠠᠬᠤ︾ ᠶᠢ ᠪᠠᠷᠢᠮᠲᠠᠯᠠᠵᠤ᠂ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠶ | ᠥᠷᠭᠡᠳᠬᠡᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠵᠠᠯᠭᠠᠮᠵᠢ ᠪᠡᠯᠡ ᠲᠣᠬᠢᠷᠠᠭᠤᠯᠭ᠎ᠠ ᠶᠢ ᠳᠡᠮᠵᠢᠵᠦ᠂ | ᠨᠥᠬᠦᠴᠡᠯ ᠪᠦᠷᠢᠯᠳᠦᠭᠦᠯᠦᠭᠰᠡᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠰᠢᠨ᠎ᠡ ᠬᠡᠯᠪᠡᠷᠢ ᠶᠢᠨ ᠰᠠᠭᠤᠷᠢ | ᠪᠡᠯᠡᠳᠬᠡᠮᠵᠢ᠂ ᠬᠠᠭᠤᠴᠢᠨ ᠪᠠ ᠬᠠᠭᠤᠴᠢᠷᠬᠠᠰᠠᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠥᠭᠡᠷᠡᠴᠢᠯᠡᠬᠦ ᠵᠡᠷᠭᠡ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠨᠢ | ᠪᠡᠯᠡ ᠣᠷᠣᠭᠤᠯᠤᠯᠲᠠ ᠶᠢᠨ ᠳᠤᠮᠳᠠ ᠶᠡᠭᠡ ᠲᠠᠯ᠎ᠠ ᠶᠢ ᠡᠵᠡᠯᠡᠨ᠎ᠡ᠂ ᠴᠢᠬᠤᠯᠠ ᠶᠡᠭᠡ ᠲᠦᠷᠦᠯ ᠵᠦᠢᠯ ᠤᠨ ᠬᠦᠳᠦᠯᠦᠨ | ᠳᠠᠭᠠᠭᠤᠯᠬᠤ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠦᠰᠢᠬᠦᠷᠭᠡ ᠶᠢᠨ ᠦᠢᠯᠡᠳᠦᠯ ᠢ | ᠪᠠᠳᠠᠷᠠᠭᠤᠯᠵᠤ᠂ ᠬᠤᠯᠪᠣᠭᠳᠠᠯ ᠪᠦᠬᠦᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠷᠠᠳ ᠤᠨ | ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ | ᠵᠠᠰᠠᠭ ᠤᠨ ᠣᠷᠳᠣᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠵᠤ᠂ ᠠᠷᠠᠳ ᠢᠶᠠᠨ ᠨᠡᠩ ᠰᠠᠶᠢᠲᠤᠷ | ᠠᠷᠪᠢᠯᠠᠨ ᠭᠠᠮᠨᠠᠵᠤ ᠪᠠᠶᠠᠵᠢᠭᠤᠯᠬᠤ ᠬᠡᠷᠡᠭᠲᠡᠢ᠃ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ | ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠡᠳ᠋ ᠤᠨ | ᠵᠠᠰᠠᠭ ᠤᠨ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠡᠳ᠋ ᠬᠦᠷᠦᠩᠭᠡ ᠶᠢ ᠠᠮᠢᠳᠤᠯᠢᠭ ᠪᠣᠯᠭᠠᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠡᠷᠬᠡᠪᠰᠢ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠵᠤ᠂ ᠲᠥᠪ ᠵᠠᠰᠠᠭ ᠤᠨ ᠣᠷᠳᠣᠨ ᠪᠠ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠦᠷᠦᠭᠦᠯᠡᠨ | ᠬᠢᠬᠦ ᠬᠡᠷᠡᠭᠲᠡᠢ᠃ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠱᠠᠯᠢᠨ ᠪᠦᠷᠢᠯᠭᠡᠬᠦ ᠶᠢ ᠴᠢᠩᠭ᠎ᠠ | ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠢ ᠰᠢᠨ᠎ᠡ ᠪᠠᠷ ᠪᠠᠶᠢᠭᠤᠯᠵᠤ ᠪᠣᠯᠬᠤ | ᠦᠭᠡᠶ᠂ ᠳᠦᠷᠢ ᠲᠥᠷᠬᠦ ᠶᠢᠨ ᠢᠨᠵᠧᠨᠧᠷᠢᠩ ᠬᠢᠵᠦ ᠪᠣᠯᠬᠤ ᠦᠭᠡᠶ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ | ᠪᠠᠲᠤ ᠶᠢ ᠵᠥᠷᠢᠴᠡᠨ᠂ ᠠᠯᠪᠠᠨ ᠤ ᠵᠣᠭᠤᠰ ᠢ ᠳᠤᠷ᠎ᠠ ᠪᠠᠷ ᠢᠶᠠᠨ ᠪᠦᠷᠢᠯᠭᠡᠭᠰᠡᠳ ᠢ ᠴᠢᠩᠭ᠎ᠠ ᠪᠠᠶᠢᠴᠠᠭᠠᠨ ᠬᠦᠨᠳᠦ ᠪᠠᠷ | ᠰᠢᠢᠳᠪᠦᠷᠢᠯᠡᠵᠤ᠂ ᠡ᠊ ᠪᠡᠯᠡ ᠮᠥᠩᠭᠦ ᠶᠢ ᠬᠥᠭᠵᠢᠭᠦᠯᠦᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ | ᠪᠠᠴᠢᠮ ᠬᠡᠷᠡᠭᠴᠡᠭᠡ ᠳᠡᠭᠡᠷ᠎ᠡ ᠬᠡᠷᠡᠭᠯᠡᠬᠦ ᠬᠡᠷᠡᠭᠲᠡᠶ᠃ | ᠵᠣᠭᠤᠰᠣᠨ ᠤ ᠲᠣᠭᠲᠠᠭᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ | ᠴᠢᠳᠠᠮᠵᠢ ᠶᠢ ᠪᠠᠳᠠᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠬᠦᠴᠦᠲᠡᠢ ᠳᠡᠮᠵᠢᠯᠭᠡ ᠬᠠᠩᠭᠠᠨ᠎ᠠ᠃ | ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠵᠦ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ | ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠨᠡᠮᠡᠭᠳᠡᠯ ᠤᠨ ᠬᠤᠷᠳᠤᠴᠠ ᠬᠢᠭᠡᠳ ᠨᠡᠷᠡᠯᠡᠭᠰᠡᠨ ᠠᠵᠤ ᠠᠬᠤᠶ ᠶᠢᠨ | ᠨᠡᠮᠡᠭᠳᠡᠯ ᠤᠨ ᠬᠤᠷᠳᠤᠴᠠ ᠶᠢᠨ ᠲᠣᠬᠢᠷᠠᠯᠴᠠᠬᠤ ᠶᠢ ᠪᠠᠲᠤᠯᠠᠵᠤ᠂ ᠬᠤᠷᠸ᠎ᠠ ᠬᠥᠰᠢᠭᠦᠷᠭᠡ ᠶᠢᠨ ᠨᠣᠷᠮ᠎ᠠ ᠶᠢᠨ | ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ | ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠵᠣᠭᠤᠰᠣᠨ ᠤ | ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠨᠡᠪᠲᠡᠷᠡᠭᠦᠯᠵᠦ᠂ ᠪᠠᠯᠠ | ᠮᠥᠩᠭᠦ ᠶᠢ ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠠᠰᠢ | ᠨᠠᠩ ᠣᠯᠠᠨ ᠰᠢᠯᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠶ᠋ᠯᠭᠡᠭᠡᠨ ᠤ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠳᠠᠳᠤ ᠵᠢᠭᠡᠯᠡᠯᠭᠡ ᠶᠢᠨ ᠬᠦᠦ ᠮᠥᠩᠭᠦ ᠶᠢᠨ | ᠨᠣᠷᠮ᠎ᠠ ᠶᠢ ᠪᠠᠭᠤᠷᠠᠭᠤᠯᠬᠤ᠂ ᠰᠦᠢᠳᠬᠡᠯ ᠬᠤᠷᠢᠶᠠᠬᠤ ᠶᠢ ᠪᠠᠭᠠᠰᠬᠠᠬᠤ ᠶᠢ ᠠᠬᠢᠭᠤᠯᠵᠤ᠂ ᠥᠷᠭᠡᠨ ᠣᠯᠠᠨ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠳᠡᠭᠡᠭᠰᠢᠯᠡᠵᠦ᠂ | ᠶᠡᠷᠦᠩᠬᠡᠶᠢᠯᠡᠭᠰᠡᠨ ᠪᠠᠯᠠ ᠲᠣᠬᠢᠷᠠᠭᠤᠯᠬᠤ ᠥᠪᠡᠷ ᠤᠨ ᠥᠷᠲᠡᠭ ᠦᠨᠡᠨ ᠬᠦ ᠪᠠᠭᠤᠷᠠᠭᠰᠠᠨ ᠢ ᠦᠨᠡᠨᠬᠦ ᠮᠡᠳᠡᠷᠡᠭᠦᠯᠦᠨ᠎ᠡ᠃ | | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠎ᠠ᠃ ᠠᠵᠢᠯ | ᠣᠯᠭᠤᠬᠤ ᠠᠷᠭ᠎ᠠ ᠵᠠᠮ ᠢ ᠶᠡᠭᠡ ᠪᠠᠷ ᠥᠷᠭᠡᠳᠬᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠴᠢᠬᠤᠯᠠᠴᠢᠯᠠᠵᠤ᠂ | ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠦᠷᠦ ᠶᠢᠨ ᠪᠤᠳᠤᠯᠭ᠎ᠠ ᠶᠢ ᠴᠥᠮ ᠠᠵᠢᠯ ᠣᠯᠭᠤᠯᠲᠠ ᠶᠢᠨ | ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠥᠷᠭᠡᠳᠬᠡᠬᠦ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ | ᠡᠯ᠎ᠡ ᠲᠦᠷᠦᠯ ᠤᠨ ᠲᠤᠰᠬᠠᠢ ᠲᠦᠷᠦ ᠶᠢᠨ ᠪᠤᠳᠤᠯᠭ᠎ᠠ ᠶᠢ ᠴᠢᠩᠭᠠᠳᠬᠠᠨ ᠰᠢᠯᠢᠳᠡᠭᠵᠢᠭᠦᠯᠵᠦ᠂ ᠠᠵᠢᠯ ᠣᠯᠭᠤᠬᠤ | ᠦᠢᠯᠡᠰ ᠪᠤᠰᠬᠠᠬᠤ ᠵᠤᠬᠢᠰ ᠦᠭᠡᠢ ᠬᠢᠵᠠᠭᠠᠷᠯᠠᠯ ᠢ ᠡᠷᠡᠰ ᠴᠡᠪᠡᠷᠯᠡᠨ ᠬᠦᠴᠦᠨ ᠦᠭᠡᠢ ᠪᠣᠯᠭᠠᠬᠤ ᠬᠡᠷᠡᠭᠲᠡᠢ᠃ ᠡᠯ᠎ᠡ | ᠭᠠᠵᠠᠷ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠬᠦ | ᠬᠡᠷᠡᠭᠲᠡᠢ᠃ | ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠠᠮᠤ ᠪᠤᠳᠠᠭ᠎ᠠ | ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠠᠷᠠᠳ ᠤᠨ ᠠᠮᠢᠳᠤᠷᠠᠯ ᠪᠠ | ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠴᠠᠬᠢᠯᠭᠠᠨ ᠢ ᠪᠠᠲᠤᠯᠠᠨ᠎ᠠ᠃ ᠪᠦᠬᠦ | ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠡᠬᠢ | ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠲᠤᠰᠤ ᠬᠡᠢ᠂ ᠠᠭᠤᠷᠬᠠᠢ ᠶᠢᠨ | ᠭᠠᠷᠤᠯᠲᠠ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠢ ᠲᠦᠷᠭᠡᠳᠬᠡᠵᠦ᠂ | ᠤᠯᠤᠰ ᠤᠨ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠢ ᠨᠥᠭᠡᠴᠡᠯᠡᠬᠦ ᠲᠦᠷᠢᠮ ᠢ ᠲᠡᠭᠦᠯᠳᠡᠷᠵᠢᠭᠦᠯᠵᠦ᠂ ᠠᠩᠬᠠᠨ ᠤ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠨ᠎ᠠ᠃ ᠪᠠᠷᠠᠭᠠᠨ ᠤ ᠦᠨ᠎ᠡ ᠶᠢᠨ ᠲᠦᠪᠰᠢᠨ ᠢ ᠦᠨᠳᠦᠰᠦᠨ ᠳᠡᠭᠡᠨ | ᠲᠣᠭᠲᠠᠭᠤᠨ ᠪᠠᠶᠢᠯᠭᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠦᠢᠯ ᠤᠨ | ᠣᠨᠣᠪᠴᠢᠲᠠᠶ ᠪᠠᠷ ᠵᠠᠳᠠᠯᠬᠤ ᠦᠨᠳᠦᠰᠦᠨ ᠴᠢᠭᠯᠡᠯᠲᠡ ᠶᠣᠰᠣᠭᠠᠷ᠂ ᠠᠵᠤ ᠠᠬᠤᠶ ᠮᠥᠩᠭᠦᠨ ᠭᠦᠶ᠋ᠯᠭᠡᠭᠡᠨ ᠤ | ᠬᠦᠷᠢᠶᠡᠨ ᠳᠠᠬᠢ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠣᠷᠣᠨ ᠨᠤᠲᠤᠭ ᠤᠨ | ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ | ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠲᠣᠭᠲᠠᠴᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠣᠭᠲᠠᠭᠤᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠶᠢᠭᠤᠯᠵᠤ᠂ | ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯ ᠤᠨ ᠠᠷᠭ᠎ᠠ ᠬᠡᠯᠪᠡᠷᠢ ᠪᠠᠷ ᠠᠶᠤᠯ ᠲᠦᠭᠰᠢᠭᠦᠷᠢ ᠶᠢᠨ ᠬᠡᠮ ᠰᠣᠭᠤᠭ ᠢ | ᠠᠷᠢᠯᠭᠠᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ | ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠵᠤ᠂ ᠬᠤᠷᠸ᠎ᠠ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠦ ᠳᠤᠷᠠᠳᠪᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠵᠤ᠂ ᠬᠤᠷᠸ᠎ᠠ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠦ ᠳᠤᠷᠠᠳᠪᠠ᠃ | ᠳᠠᠷᠤᠭᠠᠰᠤ ᠶᠢ ᠬᠥᠩᠭᠡᠷᠡᠭᠦᠯᠵᠦ ᠬᠦᠴᠢᠷᠳᠡᠯ ᠢ ᠰᠢᠢᠳᠪᠦᠷᠢᠯᠡᠬᠦ ᠵᠡᠷᠭᠡ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠶᠠᠰᠤ ᠴᠢᠨᠠᠷ ᠤᠨ ᠳᠡᠭᠡᠭᠰᠢᠯᠡᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ ᠬᠠᠮ ᠭᠠᠶᠢᠯᠢ ᠰᠦᠢᠳᠬᠡᠯ ᠤᠨ ᠳᠡᠮᠵᠢᠯᠭᠡ ᠶᠢᠨ ᠰᠢᠨ᠎ᠡ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠦᠨ᠎ᠡ᠃ ᠱᠠᠲᠤ ᠦᠶ᠎ᠡ ᠶᠢᠨ ᠴᠢᠨᠠᠷᠲᠠᠢ ᠠᠷᠭ᠎ᠠ ᠬᠡᠮᠵᠢᠶ᠎ᠡ ᠪᠠ ᠳᠦᠷᠢᠮ ᠤᠨ ᠴᠢᠨᠠᠷᠲᠠᠢ | ᠲᠣᠬᠢᠷᠠᠭᠤᠯᠤᠯᠲᠠ ᠶᠢ ᠤᠶᠠᠯᠳᠤᠭᠤᠯᠬᠤ᠂ ᠭᠠᠶᠢᠯᠢ ᠬᠥᠩᠭᠡᠯᠡᠬᠦ ᠪᠠ ᠭᠠᠶᠢᠯᠢ ᠪᠤᠴᠠᠭᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠨ᠎ᠠ᠃ ᠨᠢᠭᠡ ᠲᠠᠯ᠎ᠠ ᠪᠠᠷ ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ | ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠠᠴᠠ ᠨᠡᠮᠡᠭᠳᠡᠯ ᠤᠨ ᠭᠠᠶᠢᠯᠢ ᠶᠢ ᠱᠠᠲᠤ ᠦᠶᠡᠴᠢ ᠴᠢᠨᠠᠷᠲᠠᠶ ᠪᠠᠷ ᠬᠡᠯᠲᠦᠷᠢᠭᠦᠯᠦᠨ᠎ᠡ᠃ ᠵᠢᠵᠢᠭ ᠪᠢᠴᠢᠯ | ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ | ᠲᠥᠭᠦᠷᠢᠭ ᠠᠴᠠ 300 ᠲᠦᠮᠡᠨ ᠲᠥᠭᠦᠷᠢᠭ ᠬᠦᠷᠲᠡᠯᠡᠬᠢ ᠬᠡᠰᠡᠭ ᠠᠴᠠ ᠬᠠᠭᠠᠰ ᠢᠶᠠᠷ ᠬᠠᠰᠤᠵᠤ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠲᠠᠲᠠᠪᠤᠷᠢᠯᠠᠨ᠎ᠠ᠃ ᠡᠯ᠎ᠡ ᠭᠠᠵᠠᠷ ᠤᠨ ᠬᠢᠨ ᠪᠠᠰᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠦᠴᠦᠲᠡᠶ ᠠᠷᠭ᠎ᠠ | ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ | ᠨᠡᠮᠡᠭᠳᠡᠭᠦᠯᠬᠦ ᠠᠴᠠ ᠪᠢᠰᠢ ᠪᠠᠭᠤᠷᠠᠭᠤᠯᠬᠤ ᠥᠬᠡᠶ ᠪᠠᠶᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠶ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠳᠤ ᠪᠡᠯᠡᠨ ᠵᠣᠭᠤᠰ ᠤᠨ | ᠭᠦᠢᠯᠭᠡᠭᠡ ᠶᠢᠨ ᠳᠡᠮᠵᠢᠯᠭᠡ ᠬᠠᠩᠭᠠᠬᠤ ᠶᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠯᠡᠭᠡᠨ ᠤ ᠪᠠᠯᠠ ᠣᠷᠣᠭᠤᠯᠤᠯᠲᠠ ᠶᠢ | ᠠᠬᠢᠭᠤᠯᠤᠨ᠂ ᠨᠡᠮᠡᠭᠳᠡᠯ ᠤᠨ ᠭᠠᠶᠢᠯᠢ ᠶᠢᠨ ᠰᠠᠭᠤᠯᠭᠠᠵᠤ ᠭᠠᠶᠢᠯᠢ ᠪᠤᠴᠠᠭᠠᠬᠤ ᠲᠦᠷᠢᠮ ᠢ ᠶᠡᠭᠡ ᠪᠠᠷ ᠰᠠᠶᠢᠵᠢᠷᠠᠭᠤᠯᠵᠤ | ᠂ ᠦᠨᠦ ᠵᠢᠯ ᠲᠤᠯᠭᠠᠨ ᠰᠠᠭᠤᠯᠭᠠᠬᠤ ᠭᠠᠶᠢᠯᠢ ᠳᠤ ᠶᠡᠭᠡ ᠬᠡᠪᠴᠢᠶ᠎ᠡ ᠪᠠᠷ ᠭᠠᠶᠢᠯᠢ ᠪᠤᠴᠠᠭᠠᠬᠤ ᠶᠢ ᠬᠡᠷᠡᠭᠵᠢᠭᠦᠯᠦᠨ᠎ᠡ᠃ | ᠵᠢᠵᠢᠭ ᠪᠢᠴᠢᠯ ᠠᠵᠤ ᠠᠬᠤᠶᠢᠯᠠᠯ ᠢ ᠤᠷᠢᠳᠠᠪᠠᠷ ᠲᠣᠬᠢᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠦᠯᠡᠳᠡᠭᠡᠯ | ᠦᠯᠡᠳᠡᠭᠡᠵᠦ ᠲᠤᠯᠭᠠᠬᠤ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠯᠡ | ᠤᠳᠠᠭ᠎ᠠ ᠳᠤ ᠪᠦᠬᠦᠨ ᠢ ᠪᠤᠴᠠᠭᠠᠵᠤ᠂ ᠨᠡᠮᠡᠭᠳᠡᠯ ᠲᠤᠭ᠎ᠠ ᠪᠠᠷ ᠦᠯᠡᠳᠡᠭᠡᠵᠦ ᠲᠤᠯᠭᠠᠬᠤ ᠭᠠᠶᠢᠯᠢ ᠶᠢᠨ ᠲᠤᠭ᠎ᠠ ᠶᠢ | ᠲᠤᠭ᠎ᠠ ᠶᠣᠰᠣᠭᠠᠷ ᠪᠤᠴᠠᠭᠠᠨ᠎ᠠ᠃ ᠦᠢᠯᠡᠳᠬᠦ ᠦᠢᠯᠡᠰ ᠢ ᠭᠤᠣᠯᠳᠠᠯᠭ᠎ᠠ ᠲᠠᠢ ᠳᠡᠮᠵᠢᠵᠦ᠂ ᠦᠢᠯᠡᠳᠬᠦ ᠦᠢᠯᠡᠰ᠂ | ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ᠴᠠᠬᠢᠯᠭᠠᠨ ᠬᠦᠴᠦᠨ ᠰᠢᠲᠠᠮᠠᠬᠠᠶ ᠬᠡᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠲᠥᠷᠥᠯ ᠤᠨ | ᠦᠯᠡᠳᠡᠭᠡᠵᠦ ᠲᠤᠯᠭᠠᠨ ᠰᠠᠭᠤᠯᠭᠠᠬᠤ ᠭᠠᠶᠢᠯᠢ ᠪᠤᠴᠠᠭᠠᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ | ᠨᠡᠮᠡᠭᠳᠡᠯ ᠤᠨ ᠭᠠᠶᠢᠯᠢ ᠶᠢᠨ ᠦᠯᠡᠳᠡᠭᠡᠵᠦ ᠳᠣᠯᠭᠠᠵᠤ ᠭᠠᠶᠢᠯᠢ ᠪᠤᠴᠠᠭᠠᠬᠤ ᠡᠷᠴᠢᠮ ᠢᠯᠡᠳᠲᠡ ᠴᠢᠩᠭᠠᠷᠠᠵᠤ᠂ ᠵᠠᠬ᠎ᠠ | ᠳᠡᠯᠭᠡᠭᠦᠷ ᠤᠨ ᠢᠲᠡᠭᠡᠯ ᠢ ᠬᠦᠴᠦᠲᠡᠶ ᠨᠡᠮᠡᠭᠳᠡᠭᠦᠯᠪᠡ᠃ ᠵᠢᠱᠢᠯᠲᠡ ᠪᠠᠷ ᠪᠥᠬᠦ ᠵᠢᠯ ᠳᠤ ᠭᠠᠶᠢᠯᠢ ᠶᠢ 2.5 ᠲᠦᠮᠡᠨ | ᠳ᠋ᠦᠩᠰᠢᠭᠤᠷ ᠲᠥᠭᠦᠷᠢᠭ ᠬᠠᠰᠤᠵᠤ᠂ ᠡᠭᠦᠨ ᠳᠤ ᠭᠠᠶᠢᠯᠢ ᠶᠢ ᠪᠠᠷᠤᠭ 1.5 ᠲᠦᠮᠡᠨ ᠳ᠋ᠦᠩᠰᠢᠭᠤᠷ ᠲᠥᠭᠦᠷᠢᠭ | ᠦᠯᠡᠳᠡᠭᠡᠵᠦ ᠲᠤᠯᠭᠠᠨ ᠰᠠᠭᠤᠯᠭᠠᠬᠤ ᠶᠢ ᠪᠡᠶᠡᠯᠡᠭᠦᠯᠵᠦ᠂ ᠭᠠᠶᠢᠯᠢ ᠶᠢ ᠪᠤᠴᠠᠭᠠᠬᠤ ᠪᠠᠯᠠ ᠮᠥᠩᠭᠦ ᠶᠢ ᠪᠦᠬᠦᠨ ᠢ ᠠᠵᠤ | ᠠᠬᠤᠶᠢᠯᠠᠯ ᠳᠤ ᠰᠢᠭᠤᠳ ᠬᠦᠷᠭᠡᠨ᠎ᠡ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠡᠳ᠋ ᠤᠨ | ᠬᠦᠴᠦᠨ ᠤ ᠳᠡᠮᠵᠢᠯᠭᠡ ᠶᠢ ᠨᠡᠮᠡᠭᠳᠡᠭᠦᠯᠵᠦ᠂ ᠨᠥᠬᠦᠪᠥᠷᠢ ᠪᠠᠯᠠ ᠮᠥᠩᠭᠦ ᠶᠢ ᠬᠤᠲᠠ ᠰᠢᠶᠠᠨ ᠳᠤ ᠰᠢᠭᠤᠳ ᠬᠦᠷᠭᠡᠵᠦ᠂ | ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠯᠠ ᠮᠥᠩᠭᠦ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠭᠠᠶᠢᠯᠢ | ᠪᠤᠴᠠᠭᠠᠬᠤ ᠭᠠᠶᠢᠯᠢ ᠬᠥᠩᠭᠡᠯᠡᠬᠦ ᠡᠨᠡ ᠬᠦ ᠵᠠᠩᠭᠢᠯᠠᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠳᠤ ᠳᠠᠬᠤ ᠬᠦᠷᠭᠡᠵᠦ᠂ ᠠᠵᠤ ᠠᠬᠤᠶᠢᠯᠠᠯ ᠳᠤ | ᠠᠮᠢᠵᠢᠷᠠᠯ ᠤᠨ ᠬᠦᠴᠦᠨ ᠣᠯᠭᠤᠬᠤ ᠬᠡᠷᠡᠭᠲᠡᠶ᠃ | ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠢ ᠳᠡᠮᠵᠢᠯᠭᠡ ᠶᠢ | ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠠᠯᠳᠣ ᠵᠢᠵᠢᠭ ᠪᠢᠴᠢᠯ ᠵᠢᠭᠡᠯᠡᠯᠭᠡ ᠶᠢ ᠳᠡᠮᠵᠢᠬᠦ ᠠᠵᠢᠯ ᠢ ᠰᠠᠶᠢᠲᠤᠷ | ᠬᠡᠷᠡᠭᠯᠡᠵᠦ᠂ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ | ᠨᠡᠮᠡᠭᠳᠡᠭᠦᠯᠦᠨ᠂ ᠬᠢᠨᠠᠨ ᠬᠠᠮᠢᠶᠠᠷᠴᠤ ᠰᠢᠯᠭᠠᠨ ᠬᠢᠨᠠᠬᠤ ᠶᠢ ᠰᠢᠯᠢᠳᠡᠭᠵᠢᠭᠦᠯᠵᠦ᠂ ᠲᠦᠭᠡᠮᠡᠯ ᠬᠠᠷᠠᠭᠠᠯᠵᠠᠯᠠᠯᠳᠣ ᠵᠢᠵᠢᠭ | ᠪᠢᠴᠢᠯ ᠵᠢᠭᠡᠯᠡᠯᠭᠡ ᠶᠢᠨ ᠢᠯᠡᠳᠲᠡ ᠨᠡᠮᠡᠭᠳᠡᠬᠦ ᠶᠢ ᠠᠬᠢᠭᠤᠯᠤᠨ᠂ ᠢᠲᠡᠭᠡᠮᠵᠢᠲᠦ ᠵᠢᠭᠡᠯᠡᠯᠭᠡ ᠪᠠ ᠠᠩᠬᠠᠨ ᠤ | ᠵᠢᠭᠡᠯᠡᠯᠭᠡ ᠶᠢᠨ ᠡᠷᠦᠬᠡ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠣᠨᠣᠪᠴᠢᠲᠠᠶ ᠡᠵᠡᠮᠰᠢᠭᠦᠯᠵᠦ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠵᠢᠯ | ᠲᠥᠷᠥᠯ ᠤᠨ ᠠᠵᠤ ᠠᠬᠤᠶᠢᠯᠠᠯ ᠳᠤ ᠦᠷᠭᠦᠯᠵᠢᠯᠡᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ | ᠲᠥᠷᠥᠯ ᠤᠨ ᠴᠢᠨᠠᠷᠲᠠᠶ ᠵᠢᠭᠡᠯᠡᠯᠭᠡ ᠶᠢ ᠬᠢᠵᠠᠭᠠᠷᠯᠠᠬᠤ᠂ ᠵᠢᠭᠡᠯᠡᠯᠭᠡ ᠲᠠᠲᠠᠬᠤ᠂ ᠵᠢᠭᠡᠯᠡᠯᠭᠡ ᠶᠢ ᠲᠠᠰᠤᠯᠬᠤ ᠪᠠᠶᠢᠳᠠᠯ | ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ | ᠮᠥᠩᠭᠦᠨ ᠭᠦᠢᠯᠭᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠭᠠᠶᠢᠯᠢ ᠶᠢᠨ ᠶᠠᠪᠤᠳᠠᠯ᠂ | ᠪᠣᠭᠤᠮᠲᠠ᠂ ᠴᠠᠬᠢᠯᠭᠠᠨ ᠬᠦᠴᠦᠨ ᠵᠡᠷᠭᠡ ᠨᠢᠭᠡᠴᠡ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠡᠳᠡᠭᠡ | ᠵᠠᠩᠭᠢ ᠶᠢᠨ ᠬᠤᠯᠪᠣᠭᠠᠯᠠᠯ ᠢ ᠲᠦᠷᠭᠡᠳᠬᠡᠨ᠂ ᠵᠢᠵᠢᠭ ᠪᠢᠴᠢᠯ ᠠᠵᠤ ᠠᠬᠤᠶᠢᠯᠠᠯ ᠳᠤ ᠦᠵᠡᠭᠦᠯᠬᠦ ᠵᠠᠰᠠᠭ ᠤᠨ | ᠣᠷᠳᠣᠨ ᠤ ᠴᠢᠨᠠᠷᠲᠠᠶ ᠪᠡᠯᠡ ᠲᠣᠬᠢᠷᠠᠭᠤᠯᠬᠤ ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠡᠯᠡ | ᠲᠣᠬᠢᠷᠠᠭᠤᠯᠬᠤ ᠰᠠᠶᠢᠨ ᠰᠠᠶᠢᠬᠠᠨ ᠠᠮᠢ ᠠᠬᠤᠶ ᠶᠢ ᠴᠢᠷᠮᠠᠶᠢᠨ ᠪᠣᠶ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠶ | ᠂ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠤᠨ ᠪᠠᠭᠤᠷᠠᠭᠤᠯᠬᠤ ᠶᠢ | ᠠᠬᠢᠭᠤᠯᠤᠨ᠎ᠠ᠃ ᠴᠠᠬᠢᠯᠭᠠᠨ ᠬᠠᠩᠭᠠᠬᠤ ᠭᠤᠭᠴᠤᠭ᠎ᠠ ᠳᠠᠬᠢ ᠵᠦᠢ ᠵᠤᠬᠢᠰ ᠦᠭᠡᠢ ᠨᠡᠮᠡᠯᠲᠡ ᠦᠨ᠎ᠡ ᠶᠢ | ᠢᠯᠭᠠᠷᠠᠭᠤᠯᠤᠨ ᠬᠤᠪᠢᠷᠠᠭᠤᠯᠵᠤ᠂ ᠣᠷᠣᠨ ᠨᠤᠲᠤᠭ ᠤᠨ ᠣᠨᠴᠠᠭᠠᠢ ᠬᠦᠴᠢᠷᠳᠡᠯ ᠲᠠᠢ ᠠᠵᠢᠯ ᠲᠦᠷᠦᠯ ᠤᠨ | ᠴᠠᠬᠢᠯᠭᠠᠨ ᠬᠡᠷᠡᠭᠯᠡᠬᠦ ᠳᠤ ᠱᠠᠳᠤ ᠦᠶᠡᠴᠢ ᠴᠢᠨᠠᠷᠲᠠᠢ ᠬᠠᠷᠠᠭᠠᠯᠵᠠᠯᠠᠯᠳᠣ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ | ᠲᠡᠮᠵᠢᠨ᠎ᠠ᠃ ᠲᠣᠮᠣ ᠬᠡᠯᠪᠡᠷᠢ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠦᠢᠳᠬᠡᠯ | ᠬᠤᠷᠢᠶᠠᠬᠤ ᠶᠢ ᠪᠠᠭᠤᠷᠠᠭᠤᠯᠵᠤ᠂ ᠳᠤᠮᠳᠠ ᠵᠢᠵᠢᠭ ᠬᠤᠳᠠᠯᠳᠤᠭᠠᠴᠢᠨ ᠡᠷᠦᠬᠡ ᠶᠢᠨ ᠳᠠᠷᠤᠭᠠᠰᠤ ᠶᠢ ᠨᠢ | ᠬᠥᠩᠭᠡᠷᠡᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ᠂ ᠵᠠᠭᠤᠴᠢ ᠪᠠᠶᠢᠭᠤᠯᠤᠮᠵᠢ | ᠵᠡᠷᠭᠡ ᠶᠢᠨ ᠰᠦᠢᠳᠬᠡᠯ ᠬᠤᠷᠢᠶᠠᠬᠤ ᠶᠠᠪᠤᠳᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠠᠵᠤ ᠠᠬᠤᠶᠢᠯᠠᠯ ᠳᠤ | ᠬᠤᠯᠪᠣᠭᠳᠠᠬᠤ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠬᠤ ᠠᠵᠢᠯᠯᠠᠭ᠎ᠠ ᠶᠢ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠵᠦ᠂ ᠬᠠᠮᠵᠢᠯᠴᠠᠨ ᠵᠠᠰᠠᠬᠤ ᠪᠠ ᠬᠠᠮᠲᠤᠷᠠᠨ ᠵᠠᠯᠬᠠᠭᠠᠬᠤ ᠲᠣᠭᠲᠠᠴᠠ ᠶᠢ ᠪᠠᠶᠢᠭᠤᠯᠤᠨ᠂ | ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ ᠶᠢ ᠡᠷᠡᠰ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ | ᠢᠯᠭᠠᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠬᠤᠳᠠᠯᠳᠤᠭᠠᠨ ᠤ ᠭᠤᠪᠢᠭᠤᠯᠭ᠎ᠠ ᠳᠠᠭᠠᠭᠠᠬᠤ ᠪᠠᠷᠢᠮᠲᠠ ᠶᠢᠨ | ᠬᠡᠷᠡᠭᠯᠡᠯᠲᠡ ᠶᠢ ᠵᠢᠷᠤᠮᠵᠢᠭᠤᠯᠵᠤ᠂ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠥᠷᠢ ᠰᠢᠷᠢ ᠪᠠᠨ ᠢᠯᠭᠠᠷᠠᠭᠤᠯᠬᠤ ᠬᠡᠷᠡᠭᠲᠡᠶ᠃ ᠢᠳᠡᠭᠡᠨ ᠤᠮᠳᠠᠭᠠᠨ᠂ | ᠬᠤᠨᠤᠭ ᠪᠠᠭᠤᠳᠠᠯ᠂ ᠵᠢᠵᠢᠭᠯᠡᠨ ᠪᠣᠷᠣᠯᠠᠭᠤᠯᠬᠤ᠂ ᠵᠢᠭᠤᠯᠴᠢᠯᠠᠯ᠂ ᠠᠶᠠᠨᠴᠢᠳ ᠤᠨ ᠲᠡᠭᠡᠭᠡᠪᠦᠷᠢ ᠵᠡᠷᠭᠡ ᠠᠵᠢᠯ | ᠲᠥᠷᠥᠯ ᠤᠨ ᠠᠵᠢᠯ ᠣᠯᠭᠤᠯᠲᠠ ᠶᠢᠨ ᠪᠠᠭᠲᠠᠭᠠᠮᠵᠢ ᠶᠡᠭᠡ᠂ ᠬᠢᠵᠢᠭ ᠤᠨ ᠨᠥᠯᠥᠭᠡ ᠠᠴᠠ ᠪᠣᠯᠵᠣ᠂ ᠡᠯ᠎ᠡ ᠵᠦᠶ᠋ᠯ ᠤᠨ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠥᠮ ᠬᠡᠯᠪᠠᠶᠢᠯᠭᠡᠵᠦ᠂ ᠠᠵᠢᠯ ᠲᠥᠷᠥᠯ ᠤᠨ ᠠᠵᠤ | ᠠᠬᠤᠶᠢᠯᠠᠯ ᠤᠨ ᠳᠠᠭᠠᠭᠠᠵᠤ ᠳᠡᠶᠢᠯᠬᠦ᠂ ᠪᠡᠷᠬᠡ ᠪᠣᠭᠤᠮᠲᠠ ᠶᠢ ᠳᠤᠭᠤᠯᠬᠤ᠂ ᠡᠷᠡᠮᠡᠯᠵᠡᠯ ᠲᠠᠢ ᠪᠠᠶᠢᠬᠤ ᠶᠢ ᠳᠡᠮᠵᠢᠬᠦ | ᠬᠡᠷᠡᠭᠲᠡᠶ᠃ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠤᠨ᠎ᠠ | ᠃ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ | ᠪᠠᠭᠤᠷᠠᠭᠤᠯᠬᠤ ᠵᠡᠷᠭᠡ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠱᠠᠳᠤ ᠦᠶᠡᠴᠢ ᠴᠢᠨᠠᠷᠲᠠᠢ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯᠲᠠᠨ ᠴᠥᠭᠡᠨ ᠬᠠᠰᠤᠬᠤ ᠠᠵᠤ ᠠᠬᠤᠶᠢᠯᠠᠯ ᠳᠤ᠂ ᠠᠵᠢᠯ | ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠤᠴᠠᠭᠠᠬᠤ ᠬᠠᠷᠢᠴᠠᠯ ᠢ ᠢᠯᠡᠳᠲᠡ | ᠳᠡᠭᠡᠭᠰᠢᠯᠡᠭᠦᠯᠦᠨ᠎ᠡ᠃ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ 1000 ᠲᠦᠮᠡ ᠶᠢ ᠳᠠᠪᠠᠪᠠ᠂ ᠠᠵᠢᠯ | ᠣᠯᠭᠤᠬᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠣᠯᠤᠨ ᠲᠠᠰᠤᠷᠠᠯᠳᠠ ᠦᠭᠡᠢ | ᠦᠢᠯᠡᠴᠢᠯᠡᠬᠦ ᠪᠠᠨ ᠴᠢᠩᠭᠠᠳᠬᠠᠬᠤ ᠬᠡᠷᠡᠭᠲᠡᠢ᠃ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠪᠠ ᠠᠵᠢᠯ | ᠣᠯᠭᠤᠬᠤ ᠪᠠᠲᠤᠯᠠᠭ᠎ᠠ ᠶᠢ ᠰᠠᠶᠢᠲᠤᠷ ᠬᠢᠵᠦ᠂ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ ᠠᠬᠢᠭᠤᠯᠵᠤ᠂ | ᠵᠡᠮᠳᠡᠭᠴᠦᠳ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ ᠪᠦᠷᠢᠯᠳᠦᠬᠦᠨ ᠢ ᠬᠠᠪᠰᠤᠷᠤᠨ ᠲᠡᠳᠬᠦᠵᠦ | ᠠᠵᠢᠯ ᠣᠯᠭᠤᠨ᠎ᠠ᠃ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ | ᠰᠢᠨ᠎ᠡ ᠶᠢ ᠡᠭᠦᠳᠬᠦ ᠶᠢ ᠭᠦᠨᠵᠡᠭᠡᠶ ᠥᠷᠨᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠠᠮᠢᠳᠤᠯᠢᠭ ᠠᠵᠢᠯ ᠣᠯᠭᠤᠯᠲᠠ ᠶᠢᠨ | ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ | ᠪᠠᠶᠢᠳᠠᠯ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢ ᠥᠷᠨᠢᠭᠦᠯᠦᠨ᠎ᠡ᠃ ᠬᠦᠢᠰᠦ ᠢᠯᠭᠠᠯ᠂ ᠨᠠᠰᠤ ᠵᠢᠯ ᠵᠡᠷᠭᠡ | ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ ᠰᠡᠷᠭᠡᠶᠢᠯᠡᠨ ᠬᠤᠷᠢᠭᠯᠠᠵᠤ ᠵᠠᠯᠠᠷᠠᠭᠤᠯᠤᠨ᠂ ᠬᠥᠳᠡᠯᠮᠦᠷᠢᠴᠢᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠢ ᠴᠢᠩᠭᠠᠳᠬᠠᠨ᠎ᠠ᠃ ᠶᠡᠭᠡ | ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ | ᠨᠢᠭᠡ ᠪᠦᠯᠦᠭ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠨ᠎ᠡ᠃ 1000 ᠳ᠋ᠦᠩᠰᠢᠭᠤᠷ ᠲᠥᠭᠦᠷᠢᠭ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ | ᠮᠥᠩᠭᠦ ᠶᠢ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠪᠣᠯᠪᠠᠰᠤᠷᠠᠯ ᠬᠦᠷᠲᠡᠭᠡᠬᠦ ᠶᠢ ᠳᠡᠮᠵᠢᠵᠦ᠂ | ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠴᠢᠮ ᠬᠡᠷᠡᠭᠰᠡᠬᠦ ᠴᠢᠳᠠᠪᠤᠷᠢᠲᠠᠨ ᠢ ᠲᠦᠷᠭᠡᠨ | ᠬᠥᠮᠦᠵᠢᠭᠦᠯᠵᠦ᠂ ᠨᠠᠩ ᠣᠯᠠᠨ ᠬᠥᠳᠡᠯᠮᠦᠷᠢᠴᠢᠳ ᠲᠤ ᠨᠢᠭᠡ ᠵᠦᠢᠯ ᠤᠨ ᠤᠷ᠎ᠠ ᠮᠡᠷᠭᠡᠵᠢᠯ ᠢ ᠡᠵᠡᠮᠰᠢᠭᠦᠯᠵᠦ᠂ | ᠭᠤᠷᠪᠠᠨ ᠵᠠᠭᠤ ᠵᠢᠷᠠᠨ ᠠᠵᠢᠯ ᠲᠥᠷᠥᠯ ᠳᠤ ᠡᠯ᠎ᠠ ᠵᠦᠢᠯ ᠤᠨ ᠴᠢᠳᠠᠪᠤᠷᠢᠲᠠᠨ ᠢ ᠴᠣᠯᠭᠤᠷᠠᠭᠤᠯᠤᠨ ᠭᠠᠷᠭᠠᠨ᠎ᠠ᠃ | |