ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠡᠷᠡᠰ ᠭᠤᠶᠢᠪᠢᠰᠢ | ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ ᠭᠡᠵᠦ ᠳᠤᠷᠠᠳᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠨᠡᠩ ᠶᠡᠭᠡ ᠪᠠᠷ ᠬᠥᠭᠵᠢᠭᠡᠨ᠎ᠡ ᠭᠡᠵᠦ ᠳᠤᠷᠠᠳᠪᠠ᠃ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠤᠬᠢᠷᠠᠭᠤᠯᠤᠯᠲᠠ ᠳᠠᠬᠢ | ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠥᠨᠳᠥᠷ ᠲᠦᠪᠰᠢᠨ ᠲᠠᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠮᠵᠢ ᠶᠢ ᠪᠠᠶᠢᠭᠤᠯᠤᠨ᠎ᠠ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠤᠨ᠎ᠠ᠃ ᠥᠨᠳᠥᠷ ᠪᠠᠷᠢᠮᠵᠢᠶᠠᠲᠤ | ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠤᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠪᠦᠬᠦ ᠤᠯᠤᠰ ᠤᠨ | ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ | ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠣᠭᠤᠷᠢᠨ ᠳᠤ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ | ᠵᠦᠢᠯᠡᠰ ᠢ ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠬᠤ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠠ | ᠠᠷᠭ᠎ᠠ ᠬᠡᠮᠵᠢᠶ᠎ᠡ ᠶᠢ ᠵᠡᠷᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠦᠷᠭᠦᠯᠵᠢᠯᠡᠨ ᠥᠷᠭᠡᠳᠬᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠭᠤᠳᠠᠰᠤ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ | ᠠᠬᠢᠭᠤᠯᠵᠤ᠂ ᠡᠯ᠎ᠡ ᠲᠥᠷᠥᠯ ᠤᠨ ᠭᠡᠷᠡᠴᠢᠯᠡᠯ ᠢ ᠤᠯᠠᠮ ᠨᠢᠭᠡ ᠠᠯᠬᠤᠮ ᠪᠠᠭᠠᠰᠬᠠᠵᠤ᠂ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠵᠦ᠂ ᠡᠯᠧᠺᠲᠷᠣᠨ ᠭᠡᠷᠡᠴᠢ ᠦᠨᠡᠮᠯᠡᠯ ᠢ ᠬᠠᠷᠢᠯᠴᠠᠨ | ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠣᠷᠣᠨ ᠪᠦᠰᠡ | ᠠᠯᠤᠰᠯᠠᠨ ᠡᠵᠡᠩᠨᠡᠬᠦ ᠳᠤ ᠲᠥᠬᠦᠮ ᠦᠵᠡᠭᠦᠯᠵᠦ᠂ ᠣᠯᠠᠨ ᠲᠦᠮᠡᠨ ᠤ ᠠᠩᠬᠠᠷᠴᠤ ᠪᠥᠬᠦᠶ ᠵᠦᠢᠯᠡᠰ ᠢ ᠤᠨᠳᠤᠤ | ᠭᠠᠵᠠᠷ ᠲᠤ ᠭᠦᠢᠴᠡᠳᠬᠡᠬᠦ ᠠᠰᠠᠭᠤᠳᠠᠯ ᠢ ᠲᠦᠷᠭᠡᠨ ᠰᠢᠢᠳᠪᠦᠷᠢᠯᠡᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢ | ᠳᠡᠩᠰᠡᠯᠡᠨ ᠲᠡᠮᠳᠡᠭᠯᠡᠬᠦ᠂ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ | ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ | ᠬᠠᠮᠢᠶᠠᠷᠤᠯᠲᠠ ᠳᠤᠲᠠᠭᠳᠠᠬᠤ ᠶᠢ ᠰᠡᠷᠭᠡᠶᠢᠯᠡᠬᠦ ᠬᠡᠷᠡᠭᠲᠡᠶ᠃ ᠪᠥᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ᠂ | ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ ᠪᠦᠷᠢᠨᠰᠢᠬᠦᠯᠵᠦ᠂ | ᠠᠵᠢᠯ ᠬᠡᠷᠡᠭ ᠤᠨ ᠡᠮᠦᠨ᠎ᠡ ᠬᠤᠶᠢᠨᠠᠬᠢ ᠪᠥᠬᠦ ᠬᠡᠯᠬᠢᠶᠡᠰᠦ ᠶᠢᠨ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠪᠡᠶᠡᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ | ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠱᠠᠯᠠᠪᠳᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠤᠨᠤᠴᠠᠳᠤ ᠴᠢᠨᠠᠷ ᠪᠠ ᠪᠦᠳᠤᠮᠵᠢᠳᠤ | ᠴᠢᠨᠠᠷ ᠢ ᠳᠡᠭᠡᠭᠰᠢᠯᠡᠭᠦᠯᠦᠨ᠎ᠡ᠃ ᠭᠤᠣᠯᠴᠢ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ | ᠭᠦᠨᠵᠡᠭᠡᠢ ᠠᠬᠢᠭᠤᠯᠵᠤ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠶᠢ | ᠴᠢᠩᠭᠠᠳᠬᠠᠵᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ | | ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ | ᠥᠴᠦᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠨ᠎ᠠ᠃ ᠬᠥᠷᠥᠩᠭᠡ ᠶᠢᠨ ᠥᠪᠡᠷᠮᠢᠴᠡ ᠴᠢᠨᠠᠷ ᠪᠣᠯᠤᠨ ᠦᠢᠯᠡ | ᠠᠵᠢᠯᠯᠠᠭ᠎ᠠ ᠶᠢᠨ ᠵᠢᠮ᠎ᠡ ᠶᠣᠰᠣ ᠶᠢ ᠵᠥᠪ ᠢᠶᠠᠷ ᠲᠠᠨᠢᠨ ᠡᠵᠡᠮᠰᠢᠵᠦ᠂ ᠬᠥᠷᠥᠩᠭᠡ ᠶᠢᠨ ᠵᠢᠷᠤᠮᠵᠢᠭᠰᠠᠨ ᠡᠷᠡᠭᠦᠯ ᠢᠶᠠᠷ | ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠬᠤ ᠬᠡᠷᠡᠭᠲᠡᠶ᠃ ᠠᠵᠤ ᠠᠬᠤᠶᠢᠯᠠᠯ ᠤᠨ ᠥᠮᠴᠢᠯᠡᠬᠦ ᠡᠷᠬᠡ᠂ ᠡᠵᠡᠨ | ᠮᠡᠳᠡᠵᠦ ᠡᠵᠡᠩᠨᠡᠬᠦ ᠡᠷᠬᠡ ᠪᠣᠯᠤᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠡᠷᠬᠡ ᠲᠡᠭᠰᠢ ᠪᠠᠷ ᠬᠠᠮᠠᠭᠠᠯᠠᠵᠤ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ | ᠥᠷᠢᠰᠥᠯᠳᠦᠨ ᠬᠥᠭᠵᠢᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ | ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ | ᠲᠤᠬᠢᠷᠠᠭᠤᠯᠬᠤ ᠶᠢ ᠲᠦᠷᠭᠡᠳᠬᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠤᠯᠭᠠᠭᠤᠷᠢᠯᠠᠬᠤ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠳᠣᠲᠣᠨᠣ ᠴᠢᠬᠡᠴᠢ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠠᠨᠠᠯ ᠢ ᠢᠯᠡᠭᠦᠬᠡᠨ ᠰᠣᠨᠣᠰᠴᠤ᠂ ᠠᠵᠤ ᠠᠬᠤᠶᠢᠯᠠᠯᠲᠠᠨ ᠤ ᠦᠢᠯᠡᠰ ᠪᠤᠰᠬᠠᠬᠤ ᠰᠢᠨ᠎ᠡ ᠶᠢ ᠡᠭᠦᠳᠬᠦ᠂ | ᠰᠠᠨᠠᠭ᠎ᠠ ᠠᠮᠤᠷ ᠡᠵᠡᠩᠨᠡᠯᠲᠡ ᠪᠠᠨ ᠬᠥᠭᠵᠢᠭᠦᠯᠬᠦ ᠶᠢ ᠳᠡᠮᠵᠢᠬᠦ ᠬᠡᠷᠡᠭᠲᠡᠢ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠲᠥᠰᠦᠪ ᠤᠨ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠥᠰᠦᠪ ᠤᠨ ᠬᠢᠵᠠᠭᠠᠷᠯᠠᠬᠤ ᠬᠦᠴᠦᠨ ᠪᠠ ᠢᠯᠡ ᠲᠣᠳᠣ ᠬᠡᠮᠵᠢᠶ᠎ᠡ ᠶᠢ ᠨᠡᠮᠡᠭᠳᠡᠭᠦᠯᠦᠨ᠎ᠡ᠃ ᠮᠤᠵᠢ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠭᠠᠶᠢᠯᠢ | ᠲᠠᠲᠠᠪᠤᠷᠢᠯᠠᠵᠤ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢ ᠳᠠᠷᠤᠵᠤ ᠭᠠᠶᠢᠯᠢ ᠶᠢ ᠮᠡᠬᠡᠯᠡᠨ ᠠᠪᠬᠤ ᠳᠤ | ᠬᠠᠤᠯᠢ ᠶᠣᠰᠣᠭᠠᠷ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠤᠨ᠎ᠠ᠃ ᠳᠤᠮᠳᠠ ᠵᠢᠵᠢᠭ ᠪᠠᠩᠬᠢ ᠶᠢᠨ ᠰᠲ᠋ᠣᠺ ᠤᠨ ᠡᠷᠬᠡ ᠶᠢᠨ ᠪᠦᠲᠦᠴᠡ ᠪᠠ ᠺᠣᠮᠫᠠᠨᠢ ᠶᠢᠨ | ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠪᠤᠰᠤ ᠬᠥᠷᠥᠩᠭᠡ ᠶᠢ ᠰᠢᠢᠳᠪᠦᠷᠢᠯᠡᠬᠦ ᠶᠢ | ᠲᠦᠷᠭᠡᠳᠬᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠪᠠᠷ ᠪᠡᠯᠡ | ᠲᠤᠬᠢᠷᠠᠭᠤᠯᠬᠤ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠂ ᠰᠲ᠋ᠣᠺ ᠲᠠᠷᠬᠠᠭᠠᠬᠤ ᠳᠠᠩᠰᠠᠯᠠᠭᠤᠯᠬᠤ ᠲᠥᠷᠢᠮ | ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ | ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ᠎ᠡ ᠭᠡᠵᠦ ᠳᠤᠷᠠᠳᠴᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠵᠤ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠬᠠᠩᠭᠠᠯᠭ᠎ᠠ ᠶᠢ | ᠬᠢᠵᠠᠭᠠᠷᠯᠠᠬᠤ ᠲᠦᠭᠵᠢᠷᠡᠯ ᠢ ᠰᠢᠪᠲᠤᠯᠵᠤ᠂ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ | ᠰᠤᠳᠤᠯᠭᠠᠨ ᠤ ᠠᠷᠪᠠᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠤᠷᠳᠤ ᠬᠤᠭᠤᠴᠠᠭᠠᠨ ᠤ ᠲᠣᠭᠲᠠᠭᠤᠨ | ᠳᠡᠮᠵᠢᠯᠭᠡ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠥᠰᠦᠯ ᠢ ᠬᠡᠷᠡᠭᠵᠢᠭᠦᠯᠵᠦ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠨ᠂ ᠤᠯᠤᠰ ᠤᠨ ᠲᠤᠷᠰᠢᠯᠲᠠ ᠶᠢᠨ | ᠲᠠᠰᠤᠭ ᠪᠠ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ | ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠵᠦᠢᠯᠡᠰ ᠢ ᠲᠣᠭᠲᠠᠭᠠᠬᠤ ᠪᠠ ᠬᠠᠮᠢᠶᠠᠷᠬᠤ ᠠᠷᠭ᠎ᠠ ᠮᠠᠶ᠋ᠢᠭ ᠢ | ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ | ᠨᠡᠮᠡᠭᠳᠡᠭᠦᠯᠵᠦ᠂ ᠲᠤᠰ ᠲᠤᠰ ᠤᠨ ᠣᠨᠴᠠᠯᠢᠭ ᠪᠦᠬᠦᠢ ᠣᠷᠣᠨ ᠪᠦᠰᠡ ᠶᠢᠨ ᠰᠢᠨ᠎ᠡ ᠶᠢ ᠡᠭᠦᠳᠬᠦ ᠶᠢ ᠳᠡᠮᠵᠢᠨ᠎ᠡ᠃ | ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠢ ᠶᠢᠨ | ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠭᠠᠵᠠᠷ ᠢ ᠲᠦᠷᠭᠡᠪᠴᠢᠯᠡᠨ ᠪᠠᠶᠢᠭᠤᠯᠵᠤ᠂ | ᠴᠢᠳᠠᠪᠤᠷᠢᠲᠠᠨ ᠤ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠯᠠᠭᠤ ᠠᠵᠢᠯᠲᠠᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠨᠢᠭᠡ | ᠰᠡᠳᠬᠢᠯ ᠢᠶᠠᠷ ᠰᠢᠮᠳᠡᠨ ᠰᠤᠳᠤᠯᠵᠤ᠂ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠪᠣᠯᠭᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ | ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ | ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠳᠤᠯᠤᠨ ᠨᠡᠭᠡᠭᠡᠬᠦ ᠵᠠᠷᠤᠳᠠᠯ ᠢ | ᠨᠠᠮᠠᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠠᠮᠠᠨ ᠪᠤᠳᠤᠵᠤ | ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% ᠪᠣᠯᠲᠠᠯ᠎ᠠ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠣᠷᠣᠭᠤᠯᠤᠯᠲᠠ ᠶᠢᠨ ᠰᠠᠭᠤᠷᠢ ᠰᠤᠳᠤᠯᠭᠠᠨ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ | ᠪᠠᠭᠠᠵᠢ ᠬᠡᠷᠡᠭᠰᠡᠯ ᠲᠥᠬᠦᠭᠡᠷᠦᠮᠵᠢ ᠶᠢᠨ ᠡᠯᠡᠭᠳᠡᠯ ᠢ ᠲᠦᠷᠭᠡᠳᠬᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠂ ᠡᠨᠡ ᠨᠢ ᠤᠯᠤᠰ ᠠᠴᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠶᠡᠭᠡ ᠬᠡᠪᠴᠢᠶᠡᠨ ᠤ | ᠪᠠᠯᠠ ᠮᠥᠩᠭᠦᠨ ᠤ ᠳᠡᠮᠵᠢᠯᠭᠡ ᠦᠵᠡᠭᠦᠯᠦᠭᠰᠡᠨ ᠲᠠᠢ ᠲᠡᠩᠴᠡᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠶᠢ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠬᠤ ᠶᠢ | ᠠᠬᠢᠭᠤᠯᠬᠤ ᠬᠡᠷᠡᠭᠲᠡᠶ᠃ | ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ | ᠦᠶ᠋ᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠠᠬᠢᠭᠤᠯᠵᠤ᠂ ᠲᠦᠭᠦᠬᠡᠶ ᠮᠠᠲ᠋ᠧᠷᠢᠶᠠᠯ᠂ | ᠵᠠᠩᠭᠢᠯᠠᠭ᠎ᠠ ᠶᠢᠨ ᠰᠡᠯᠪᠢᠭ ᠲᠣᠨᠤᠭ ᠵᠡᠷᠭᠡ ᠶᠢᠨ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠵᠤ᠂ ᠬᠥᠲᠥᠴᠢ ᠠᠵᠤ | ᠠᠬᠤᠶᠢᠯᠠᠯ ᠤᠨ ᠬᠡᠯᠬᠢᠶ᠎ᠡ ᠶᠢ ᠪᠠᠲᠤᠯᠠᠵᠤ ᠬᠡᠯᠬᠢᠶ᠎ᠡ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠬᠦ ᠦᠢᠯᠡᠰ ᠤᠨ | ᠤᠷᠲᠤᠪᠲᠤᠷ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠨᠡᠮᠡᠭᠳᠡᠭᠦᠯᠦᠨ᠎ᠡ᠃ ᠨᠢᠭᠡ ᠪᠦᠯᠦᠭ ᠠᠵᠤ ᠦᠢᠯᠡᠰ ᠤᠨ | ᠰᠠᠭᠤᠷᠢ ᠶᠢ ᠲᠠᠬᠢᠨ ᠴᠣᠭᠴᠠᠯᠠᠬᠤ ᠢᠨᠵᠧᠨᠧᠷᠢᠩ ᠤᠨ ᠵᠦᠢᠯᠡᠰ ᠢ ᠡᠬᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ | ᠲᠡᠰ ᠳᠡᠪᠰᠢᠬᠦ ᠶᠢ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠲᠦᠷᠭᠡᠪᠴᠢᠯᠡᠨ | ᠬᠥᠭᠵᠢᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠪᠥᠭᠡᠮᠨᠡᠷᠡᠯ ᠤᠨ ᠢᠨᠵᠧᠨᠧᠷᠢᠩ ᠢ ᠬᠡᠷᠡᠭᠵᠢᠭᠦᠯᠦᠨ᠎ᠡ᠃ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ | ᠬᠦᠴᠦᠯᠡᠨ ᠪᠤᠶᠢᠵᠢᠭᠤᠯᠵᠤ᠂ ᠪᠠᠯᠠ ᠮᠥᠩᠭᠦ᠂ ᠴᠢᠳᠠᠪᠤᠷᠢᠲᠠᠨ᠂ ᠨᠡᠪᠴᠢᠭᠦᠯᠬᠦ ᠲᠠᠪᠴᠠᠩ ᠪᠠᠶᠢᠭᠤᠯᠬᠤ ᠵᠡᠷᠭᠡ | ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠦᠨ᠎ᠡ᠃ ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠳᠤᠮᠳᠠ ᠳᠡᠭᠡᠳᠦ ᠲᠠᠰ ᠳᠠᠰᠢ ᠳᠠᠪᠰᠢᠬᠤ ᠶᠢ ᠠᠬᠢᠭᠤᠯᠤᠨ᠎ᠠ᠃ | | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠣᠭᠠᠴᠢᠯᠠᠭᠰᠠᠨ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠨ᠎ᠠ᠃ | ᠲᠣᠭᠠᠴᠢᠯᠠᠭᠰᠠᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ 5G ᠶᠢ | ᠬᠡᠪᠴᠢᠶᠡᠵᠢᠭᠦᠯᠦᠨ ᠬᠡᠷᠡᠭᠯᠡᠬᠦ ᠶᠢ ᠠᠬᠢᠭᠤᠯᠵᠤ᠂ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠤᠶᠤᠨᠲᠤ ᠬᠤᠲᠠ᠂ ᠲᠣᠭᠠᠴᠢᠯᠠᠭᠰᠠᠨ ᠬᠥᠳᠡᠭᠡ ᠲᠣᠰᠬᠤᠨ ᠢ ᠬᠥᠭᠵᠢᠭᠦᠯᠦᠨ᠎ᠡ᠃ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠳᠬᠡᠨ ᠬᠥᠭᠵᠢᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ | ᠵᠣᠬᠢᠶᠠᠮᠠᠯ ᠣᠶᠤᠨ ᠴᠢᠳᠠᠪᠤᠷᠢ ᠵᠡᠷᠭᠡ ᠲᠣᠭᠠᠴᠢᠯᠠᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢ ᠲᠡᠭᠦᠯᠳᠡᠷᠵᠢᠭᠦᠯᠵᠦ᠂ | ᠲᠤᠭ᠎ᠠ ᠪᠠᠷᠢᠮᠲᠠ ᠶᠢᠨ ᠡᠯᠧᠮᠧᠨ᠋ᠲ ᠤᠨ ᠳᠠᠯᠳᠠ ᠬᠦᠴᠦᠨ ᠢ ᠪᠠᠳᠠᠷᠠᠭᠤᠯᠵᠤ᠂ ᠠᠵᠤ ᠠᠬᠤᠶ ᠶᠢᠨ ᠬᠥᠭᠵᠢᠯᠲᠡ ᠶᠢ | ᠨᠠᠩ ᠰᠠᠶᠢᠲᠤᠷ ᠠᠬᠢᠭᠤᠯᠵᠤ᠂ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠪᠣᠯᠤᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠤᠨ᠎ᠠ ᠭᠡᠵᠦ ᠳᠤᠷᠠᠳᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ | ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ | ᠳᠣᠲᠣᠭᠠᠳᠤ ᠬᠡᠷᠡᠭᠴᠡᠭᠡ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠬᠦᠴᠦᠨ ᠢ ᠴᠢᠩᠭᠠᠷᠠᠭᠤᠯᠤᠨ᠎ᠠ᠃ | ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠂ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠬᠡᠷᠡᠭᠯᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ | ᠰᠡᠷᠭᠦᠯᠲᠡ ᠶᠢ ᠠᠬᠢᠭᠤᠯᠵᠤ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ | ᠬᠥᠭᠵᠢᠭᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡ ᠶᠢ ᠦᠷᠭᠦᠯᠵᠢᠯᠡᠨ | ᠳᠡᠮᠵᠢᠵᠦ᠂ ᠣᠷᠣᠨ ᠨᠤᠲᠤᠭ ᠤᠨ ᠪᠣᠬᠢᠷᠲᠤᠯ ᠦᠭᠡᠢ ᠤᠶᠤᠨᠲᠤ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ | ᠪᠠᠭᠤᠯᠭᠠᠬᠤ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠥᠯᠥᠪᠵᠢᠭᠦᠯᠬᠦ᠂ ᠭᠠᠵᠠᠷ | ᠬᠡᠷᠡᠭᠯᠡᠬᠦ᠂ ᠭᠡᠷ ᠪᠠᠶᠢᠰᠢᠩ ᠬᠡᠷᠡᠭᠯᠡᠬᠦ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠦᠵᠡᠭᠦᠯᠦᠨ᠎ᠡ᠃ ᠠᠳᠠᠯ | ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ | ᠠᠬᠢᠭᠤᠯᠤᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠠ ᠲᠦᠷᠭᠡᠨ ᠬᠦᠷᠭᠡᠯᠳᠡ ᠶᠢᠨ ᠪᠠᠷᠠᠭᠠᠨ ᠤ ᠭᠦᠢᠯᠡᠯᠭᠡ ᠶᠢᠨ | ᠲᠣᠬᠢᠷᠠᠭᠤᠯᠤᠨ ᠬᠦᠷᠭᠡᠬᠦ ᠶᠢ ᠬᠥᠭᠵᠢᠭᠦᠯᠦᠨ᠎ᠡ᠃ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠨ ᠲᠦᠮᠡᠨ ᠤ | ᠬᠡᠷᠡᠭᠴᠡᠭᠡ ᠳᠤ ᠬᠦᠴᠦᠯᠡᠨ ᠵᠣᠬᠢᠴᠠᠵᠤ᠂ ᠬᠡᠷᠡᠭᠯᠡᠭᠡᠨ ᠤ ᠬᠦᠰᠡᠯ ᠡᠷᠡᠮᠡᠯᠵᠡᠯ ᠢ ᠨᠡᠮᠡᠭᠳᠡᠭᠦᠯᠦᠨ᠎ᠡ᠃ ᠪᠦᠲᠦᠮᠵᠢᠲᠡᠢ | ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠣᠭᠤᠷᠢᠨ ᠳᠤ | ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢ ᠵᠣᠬᠢᠰᠲᠠᠶ ᠤᠷᠢᠳᠴᠢᠯᠠᠨ ᠥᠷᠨᠢᠭᠦᠯᠦᠨ᠎ᠡ᠃ | ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠣᠷ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠣᠯᠤᠨ ᠪᠡᠯᠡᠳᠬᠡᠮᠵᠢ ᠶᠢ ᠪᠦᠲᠦᠭᠡᠨ | ᠪᠠᠶᠢᠭᠤᠯᠵᠤ᠂ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠵᠡᠷᠭᠡ ᠬᠤᠭᠤᠯᠠᠶ ᠶᠢᠨ ᠲᠣᠣᠷ ᠢ ᠰᠢᠨᠡᠳᠬᠡᠨ | ᠥᠭᠡᠷᠡᠴᠢᠯᠡᠬᠦ ᠶᠢ ᠲᠦᠷᠭᠡᠳᠬᠡᠨ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠡᠯᠡᠳᠬᠡᠮᠵᠢ ᠶᠢ ᠲᠡᠭᠦᠯᠳᠡᠷᠵᠢᠭᠦᠯᠦᠨ | ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠥᠪ ᠤᠨ | ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 6400 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠤᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠠᠷᠠᠳ ᠤᠨ ᠠᠮᠢᠳᠤᠷᠠᠯ ᠤᠨ ᠲᠦᠷᠦᠯ ᠵᠦᠢᠯ ᠲᠡᠶᠢᠰᠢ ᠨᠡᠩ | ᠢᠯᠡᠭᠦᠦ ᠬᠡᠯᠪᠠᠶᠢᠯᠭᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠢ ᠨᠥᠬᠦᠪᠥᠷᠢᠯᠡᠬᠦ | ᠡᠷᠴᠢᠮ ᠢ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠰᠠᠶᠢᠲᠤᠷ ᠬᠢᠵᠦ᠂ ᠤᠯᠤᠰ ᠤᠨ ᠴᠢᠬᠤᠯᠠ ᠶᠡᠭᠡ ᠲᠥᠷᠥᠯ ᠵᠦᠢᠯ ᠳᠤ ᠭᠠᠭᠴᠠ ᠡᠨᠧᠷᠭᠢ ᠬᠤᠷᠣᠭᠳᠠᠭᠤᠯᠬᠤ ᠶᠢ | ᠬᠡᠷᠡᠭᠵᠢᠭᠦᠯᠬᠦ ᠬᠡᠷᠡᠭᠲᠡᠶ᠃ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ | ᠣᠷᠣᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ | ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠩᠭᠤᠢ ᠴᠢᠨᠠᠷ ᠢ ᠴᠢᠩᠭᠠᠳᠬᠠᠨ᠎ᠠ᠃ | ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢ ᠵᠣᠬᠢᠴᠠᠩᠭᠤᠢ ᠪᠠᠷ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ | ᠰᠢᠶᠠᠩᠭᠠᠩ ᠣᠣᠮᠧᠨ ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠤᠭᠴᠠᠵᠢᠭᠰᠠᠨ ᠬᠥᠭᠵᠢᠯᠲᠡ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠵᠤ᠂ ᠪᠡᠭᠡᠵᠢᠩ ᠤᠨ ᠬᠤᠳᠠ ᠶᠢᠨ ᠳᠡᠳ᠋ ᠲᠥᠪ ᠤᠨ ᠪᠦᠲᠦᠭᠡᠨ ᠪᠠᠶᠢᠭᠤᠯᠤᠯᠲᠠ ᠶᠢ | ᠳᠡᠮᠵᠢᠨ᠎ᠠ᠃ ᠵᠡᠭᠦᠨ᠂ ᠳᠤᠮᠳᠠ᠂ ᠪᠠᠷᠠᠭᠤᠨ ᠪᠠ ᠵᠡᠭᠦᠨ ᠬᠤᠶᠢᠲᠤ ᠣᠷᠣᠨ ᠤ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ᠠᠵᠤ ᠦᠢᠯᠡᠰ ᠤᠨ ᠱᠠᠲᠤᠯᠢᠭ ᠰᠢᠯᠵᠢᠯᠲᠡ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠡᠮᠵᠢᠨ᠎ᠡ᠃ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ | ᠬᠥᠭᠵᠢᠯᠲᠡ ᠪᠠᠨ ᠲᠦᠷᠭᠡᠳᠬᠡᠬᠦ ᠶᠢ ᠲᠡᠮᠵᠢᠨ᠎ᠡ᠃ ᠳᠠᠯᠠᠢ ᠲᠠᠩᠭᠢᠰ ᠤᠨ ᠠᠵᠤ ᠠᠬᠤᠶ ᠶᠢ ᠬᠥᠭᠵᠢᠭᠦᠯᠬᠦ᠂ ᠠᠵᠤ | ᠠᠬᠤᠢ ᠶᠢᠨ ᠲᠤᠮᠤ ᠮᠤᠵᠢ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠪᠦᠬᠦ ᠤᠯᠤᠰ ᠤᠨ ᠬᠥᠭᠵᠢᠯᠲᠡ ᠳᠤ | ᠦᠵᠡᠭᠦᠯᠬᠦ ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠬᠤ ᠬᠡᠷᠡᠭᠲᠡᠢ᠃ ᠠᠵᠤ ᠠᠬᠤᠶ ᠬᠦᠴᠢᠷᠳᠡᠯᠲᠡᠶ ᠭᠠᠵᠠᠷ | ᠣᠷᠣᠨ ᠤ ᠬᠢᠨ ᠤᠯᠤᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠣᠰ ᠪᠡᠶ᠎ᠡ ᠶᠢᠨ | ᠳᠠᠯᠳᠠ ᠬᠦᠴᠦᠨ ᠢᠶᠠᠨ ᠠᠭᠤᠳᠠᠯᠵᠤ᠂ ᠠᠵᠤ ᠠᠬᠤᠶ ᠶᠢᠨ ᠰᠡᠷᠭᠦᠯᠲᠡ ᠬᠥᠭᠵᠢᠯᠲᠡ ᠶᠢ ᠴᠢᠷᠮᠠᠶᠢᠨ ᠠᠬᠢᠭᠤᠯᠬᠤ | ᠬᠡᠷᠡᠭᠲᠡᠶ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ | ᠰᠢᠨᠡᠴᠢᠯᠡᠯᠳᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠪᠣᠯᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠠᠭᠤᠴᠢᠨ | ᠪᠠᠷᠢᠯᠭ᠎ᠠ ᠪᠣᠯᠤᠨ ᠪᠡᠯᠡᠳᠬᠡᠮᠵᠢ ᠶᠢᠨ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠥᠷᠨᠢᠭᠦᠯᠦᠨ᠂ ᠬᠤᠲᠠ ᠪᠠᠯᠭᠠᠰᠤ ᠶᠢᠨ ᠨᠢᠭᠡ ᠪᠦᠯᠦᠭ ᠬᠠᠭᠤᠴᠢᠨ ᠰᠠᠭᠤᠭᠠᠯᠢ ᠲᠣᠭᠤᠷᠢᠭ ᠢ | ᠳᠠᠬᠢᠨ ᠠᠵᠢᠯ ᠡᠬᠢᠯᠡᠭᠦᠯᠦᠨ ᠥᠭᠡᠷᠡᠴᠢᠯᠡᠵᠦ᠂ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ | ᠪᠣᠯᠤᠨ ᠬᠠᠭᠤᠴᠢᠨᠴᠢᠯᠠᠬᠤ ᠳᠤ ᠲᠣᠬᠢᠷᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠠᠶᠢᠩᠭᠤ ᠰᠠᠭᠤᠭ᠎ᠠ | ᠭᠠᠵᠠᠷ ᠲᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ ᠢ ᠲᠡᠭᠦᠯᠳᠡᠷᠵᠢᠭᠦᠯᠦᠨ᠎ᠡ᠃ | ᠰᠢᠶᠠᠨ ᠤ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ | ᠪᠥᠭᠡᠮᠨᠡᠷᠡᠯ᠂ ᠬᠤᠳᠠ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠤᠮᠤ | ᠳᠤᠮᠳᠠ ᠵᠢᠵᠢᠭ ᠬᠤᠳᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠰᠢᠶᠠᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠨ᠎ᠠ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠨ᠎ᠡ᠃ | ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ | ᠠᠷᠠᠳ ᠤᠨ ᠠᠮᠢᠳᠤᠷᠠᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | | |