ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ  ︵  ᠳᠠᠪᠤ︶
ᠨᠡᠶᠢᠲᠡᠯᠡᠭᠰᠡᠨ ᠴᠠᠭ᠄
2022/3/14
   ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠲᠠᠷᠢᠶᠠᠯᠠᠩ ᠤᠨ ᠦᠶ᠋ᠯᠡᠳᠪᠦᠷᠢᠯᠡᠯ ᠢ ᠶᠡᠭᠡ ᠪᠠᠷ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠵᠠᠢ᠃    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠤ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠪᠣᠭᠤᠳᠠᠶ ᠣᠷᠣᠶ ᠳᠠᠷᠢᠬᠤ ᠳᠤ ᠴᠢᠭᠯᠡᠭᠦᠯᠦᠨ ᠵᠣᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠤᠨᠠᠯᠲᠠ ᠶᠢ ᠨᠡᠮᠡᠭᠳᠡᠭᠦᠯᠦᠨ᠎ᠡ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠵᠣᠬᠢᠰᠲᠠᠢ ᠪᠠᠷ ᠥᠰᠬᠡᠨ᠎ᠡ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠣᠯᠤᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠶᠢ ᠳᠠᠬᠢᠨᠲᠠ ᠣᠯᠭᠤᠵᠤ ᠂ ᠭᠤᠣᠯ ᠭᠠᠷᠤᠯᠲᠠ ᠶᠢᠨ ᠣᠷᠣᠨ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠲᠠᠷᠢᠶᠠᠴᠢᠳ ᠢ ᠠᠮᠤ ᠪᠤᠳᠠᠭ᠎ᠠ ᠲᠠᠷᠢᠬᠤ ᠳᠤ ᠵᠦᠢ ᠵᠣᠬᠢᠰᠲᠠᠶ ᠠᠰᠢᠭ ᠣᠯᠵᠠᠪᠤᠷᠢ ᠲᠠᠢ᠂ ᠭᠤᠣᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠬᠤ ᠳᠤ ᠳᠣᠲᠣᠭᠠᠳᠤ ᠬᠥᠳᠡᠯᠭᠡᠬᠦ ᠬᠦᠴᠦᠨ ᠲᠠᠢ ᠪᠣᠯᠭᠠᠨ᠎ᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠭᠦᠢᠴᠡᠳ ᠵᠠᠭᠠᠭᠯᠠᠨ ᠲᠣᠭᠲᠠᠭᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠦᠨᠡᠨ ᠬᠦ ᠬᠤᠷᠢᠭᠯᠠᠨ ᠵᠣᠭᠰᠣᠭᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ ᠠᠵᠢᠯ ᠢ ᠴᠢᠩᠭᠠᠳᠬᠠᠵᠤ᠂ 1 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠨᠢᠭᠡ ᠪᠦᠯᠦᠭ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ᠎ᠡ᠃ ᠬᠠᠷ᠎ᠠ ᠬᠥᠷᠥᠰᠥ ᠶᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠪᠡ᠃ ᠦᠷ᠎ᠡ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠪᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠮᠠᠯ ᠵᠢᠭᠦᠷᠲᠡᠨ᠂ ᠤᠰᠤᠨ ᠭᠠᠷᠤᠯᠲᠠ᠂ ᠢᠳᠡᠰᠢᠨ ᠨᠣᠭᠤᠭ᠎ᠠ ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ ᠲᠠᠢ᠂ ᠠᠮᠤ ᠪᠤᠳᠠᠭ᠎ᠠ ᠰᠢᠯᠵᠢᠭᠦᠯᠦᠨ ᠣᠷᠣᠭᠤᠯᠬᠤ ᠭᠠᠵᠠᠷ ᠣᠷᠣᠨ ᠠᠮᠤ ᠪᠤᠳᠠᠭᠠᠨ ᠤ ᠦᠢᠯᠡᠳᠪᠦᠷᠢᠯᠡᠯ ᠢ ᠨᠡᠩ ᠲᠣᠭᠲᠠᠭᠤᠨ ᠪᠠᠶᠢᠯᠭᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠬᠠᠮᠲᠤᠪᠠᠷ ᠴᠢᠷᠮᠠᠶᠢᠵᠤ᠂ ︽ᠠᠮᠤ︾ ᠶᠢ ᠳᠦᠭᠦᠷᠭᠡᠵᠦ᠂ ︽ᠬᠤᠯᠢᠰᠢᠨ ᠢᠳᠡᠭᠡᠨ︾ ᠢ ᠲᠡᠭᠦᠯᠳᠡᠷᠵᠢᠭᠦᠯᠵᠦ᠂ 14 ᠳ᠋ᠦᠩᠰᠢᠭᠤᠷ ᠭᠠᠷᠤᠢ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠬᠡᠷᠡᠭᠲᠡᠢ ᠭᠡᠵᠠᠢ᠃        ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠣᠨᠴᠠᠯᠢᠭᠲᠤ ᠠᠵᠤ  ᠦᠢᠯᠡᠰ ᠢ ᠬᠥᠭᠵᠢᠭᠦᠯᠬᠦ ᠶᠢ ᠳᠠᠮᠵᠢᠵᠤ᠂ ᠬᠥᠳᠡᠯᠮᠦᠷᠢ ᠬᠦᠴᠦᠨ ᠤ ᠬᠠᠮᠵᠢᠯᠴᠠᠭ᠎ᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠰᠠᠶᠢᠲᠤᠷ ᠬᠢᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃     ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠪᠥᠬᠦ ᠰᠢᠶᠠᠨ ᠤ ᠲᠤᠷᠰᠢᠯᠲᠠ ᠶᠢ ᠰᠠᠶᠢᠲᠤᠷ ᠥᠷᠨᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠤᠢ ᠮᠣᠳᠣᠨ ᠤ ᠡᠷᠬᠡ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ᠂ ᠤᠢ ᠰᠢᠭᠤᠢ ᠶᠢᠨ ᠲᠠᠯᠠᠪᠠᠢ᠂ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠠᠮᠠᠭᠠᠯᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠤᠰᠤ ᠴᠠᠬᠢᠯᠭᠠᠨ ᠵᠠᠮ ᠬᠡᠢ ᠵᠠᠬᠢᠳᠠᠯ ᠰᠢᠦᠳᠠᠨ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠶᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠠᠬᠢᠭᠤᠯᠤᠨ᠎ᠠ᠃ ᠪᠣᠯᠪᠠᠰᠤᠨ ᠲᠣᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠤᠨ ᠥᠷᠢᠲᠦᠯ ᠢ ᠵᠠᠰᠠᠬᠤ ᠠᠵᠢᠯ ᠢ ᠴᠢᠩᠭᠠᠳᠬᠠᠵᠤ᠂ ᠬᠥᠯᠥᠰᠥᠨ ᠠᠵᠢᠯᠴᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠳᠤ᠂ ᠡᠷᠬᠡᠪᠰᠢ ᠥᠷᠭᠡᠨ ᠤᠯᠠᠨ ᠲᠠᠷᠢᠶᠠᠴᠢᠨ ᠢ ᠠᠵᠢᠯ ᠬᠥᠳᠡᠯᠮᠦᠷᠢ ᠬᠢᠵᠦ ᠣᠷᠣᠯᠭ᠎ᠠ ᠪᠠᠨ ᠨᠡᠮᠡᠭᠳᠡᠭᠦᠯᠬᠦ ᠨᠡᠩ ᠤᠯᠠᠨ ᠠᠷᠭ᠎ᠠ ᠵᠠᠮ ᠲᠠᠢ ᠪᠣᠯᠭᠠᠬᠤ ᠬᠡᠷᠡᠭᠲᠡᠢ᠃      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ ᠭᠡᠵᠦ ᠳᠤᠷᠠᠳᠪᠠ᠃     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠠᠢ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠎ᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠠᠬᠢ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠨ᠂ ᠭᠠᠳᠠᠭᠠᠳᠤ ᠭᠤᠪᠢᠭᠤᠯᠭ᠎ᠠ ᠶᠢᠨ  ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢ ᠲᠣᠭᠲᠠᠪᠤᠷᠢᠵᠢᠭᠤᠯᠤᠨ  ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡ ᠪᠦᠯᠦᠭ ᠭᠠᠳᠠᠭᠠᠳᠤ ᠳᠠᠬᠢ ᠰᠠᠩ ᠬᠥᠮᠥᠷᠭᠡ ᠪᠠᠶᠢᠭᠤᠯᠬᠤ ᠶᠢ ᠳᠡᠮᠵᠢᠨ᠎ᠡ᠃    ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠥᠷᠭᠡᠳᠬᠡᠨ᠎ᠡ᠃ ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠪᠣᠭᠤᠮᠲᠠ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠤᠯᠤᠰ ᠤᠨ ᠪᠠᠷᠠᠭᠠᠨ ᠤ ᠭᠦᠶ᠋ᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠭᠠᠳᠠᠭᠠᠳᠤ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃     ᠭᠠᠳᠠᠭᠠᠳᠤ ᠪᠡᠯᠡ ᠶᠢ ᠢᠳᠡᠪᠬᠢᠲᠡᠶ ᠠᠰᠢᠬᠯᠠᠨ᠎ᠠ᠃ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠤᠯᠤᠰ ᠠᠷᠠᠳ ᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠠᠳᠠᠭᠠᠳᠤ ᠵᠢᠨ‌ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ ᠪᠡᠯᠡ ᠶᠢᠨ ᠳᠤᠮᠳᠠ ᠳᠡᠭᠡᠳᠦ ᠲᠡᠰ ᠤᠨ ᠦᠢᠯᠡᠳᠬᠦ ᠦᠢᠯᠡᠰ᠂ ᠰᠤᠳᠤᠯᠤᠨ ᠨᠡᠭᠡᠭᠡᠬᠦ᠂ ᠤᠳᠤ ᠦᠶ᠎ᠡ ᠶᠢᠨ ᠦᠢᠯᠡᠴᠢᠯᠡᠭᠡ ᠵᠡᠷᠭᠡ ᠬᠦᠷᠢᠶ᠎ᠡ ᠪᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ ᠣᠷᠣᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠲᠡᠮᠵᠢᠨ᠎ᠡ᠃     ᠭᠠᠳᠠᠭᠠᠳᠤ ᠪᠡᠯᠡ ᠶᠢ ᠰᠢᠯᠢᠳᠡᠭᠵᠢᠭᠦᠯᠦᠨ ᠦᠢᠯᠡᠴᠢᠯᠡᠭᠡ ᠶᠢ ᠠᠬᠢᠭᠤᠯᠵᠤ᠂ ᠴᠢᠬᠤᠯᠠ ᠶᠡᠭᠡ ᠵᠦᠢᠯᠡᠰ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠢ ᠥᠷᠭᠡᠳᠬᠡᠨ ᠨᠡᠭᠡᠭᠡᠬᠦ ᠶᠡᠷᠦᠩᠬᠡᠶᠢᠯᠡᠭᠰᠡᠨ ᠲᠤᠷᠰᠢᠯᠲᠠ ᠶᠢ ᠨᠡᠮᠡᠭᠳᠡᠭᠦᠯᠦᠨ᠎ᠡ᠃ ᠨᠡᠭᠡᠭᠡᠯᠲᠡᠲᠦ ᠳᠤᠮᠳᠠᠳᠤ ᠤᠯᠤᠰ ᠤᠨ ᠲᠤᠮᠤ ᠵᠠᠬ᠎ᠠ ᠳᠡᠯᠭᠡᠭᠦᠷ ᠨᠢ ᠯᠠᠪᠲᠠᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠠᠵᠠ ᠲᠣᠬᠢᠶᠠᠯ ᠬᠠᠩᠭᠠᠬᠤ ᠪᠣᠯᠤᠨ᠎ᠠ᠃     ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠤᠨ᠎ᠠ᠃ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠵᠦ᠂ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ᠪᠠᠷᠠᠭᠤᠨ ᠬᠡᠰᠡᠭ ᠤᠨ ᠡᠬᠡ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠠᠳᠠᠭᠠᠳᠤ ᠳᠤ ᠪᠡᠯᠡ ᠣᠷᠣᠭᠤᠯᠬᠤ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠭᠠᠳᠠᠭᠠᠳᠤ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃     ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠨᠢ ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠣᠷᠣᠨ ᠢ ᠪᠦᠷᠢᠯᠳᠦᠭᠦᠯᠪᠡ᠂ ᠠᠵᠤ ᠠᠬᠤᠶᠢᠯᠠᠯ ᠤᠨ ᠬᠠᠷᠠᠭᠠᠯᠵᠠᠯᠳᠤ ᠪᠣᠭᠤᠮᠲᠠ ᠶᠢᠨ ᠭᠠᠶᠢᠯᠢ᠂ ᠣᠬ ᠭᠠᠷᠤᠯᠲᠠ ᠶᠢᠨ ᠣᠷᠣᠨ ᠤ ᠬᠤᠷᠠᠮᠳᠤᠭᠤᠯᠤᠯ ᠵᠡᠷᠭᠡ ᠲᠦᠷᠢᠮ ᠢ ᠰᠠᠶᠢᠲᠤᠷ ᠬᠡᠷᠡᠭᠯᠡᠬᠦ ᠶᠢ ᠲᠡᠮᠵᠢᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠬᠦ ᠬᠡᠷᠡᠭᠲᠡᠢ᠃ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠵᠥᠪᠳᠡᠯᠴᠡᠨ ᠲᠣᠭᠲᠠᠭᠠᠬᠤ ᠶᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠶ ᠶᠢᠨ ᠡᠯ᠎ᠡ ᠤᠯᠤᠰ ᠲᠠᠢ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠠᠰᠢᠭ ᠭᠥᠷᠳᠡᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号