ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠠᠮᠢ ᠠᠬᠤᠢ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ | ᠠᠬᠢᠭᠤᠯᠤᠨ᠎ᠠ ᠭᠡᠵᠦ ᠳᠤᠷᠠᠳᠴᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠪᠣᠬᠢᠷᠲᠤᠯ ᠢ ᠵᠠᠰᠠᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ | ᠴᠢᠩᠭᠠᠳᠬᠠᠵᠤ᠂ ᠬᠥᠭᠵᠢᠭᠦᠯᠬᠦ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ | ᠠᠬᠢᠭᠤᠯᠤᠨ᠎ᠠ ᠭᠡᠵᠠᠢ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠠᠭᠠᠷ ᠮᠠᠨᠳᠠᠯ ᠤᠨ | ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ ᠴᠢᠩᠭᠠᠳᠬᠠᠵᠤ᠂ | ᠴᠢᠬᠤᠯᠠ ᠭᠤᠣᠯ ᠨᠠᠭᠤᠷ᠂ ᠲᠠᠯᠠᠢ ᠶᠢᠨ ᠪᠤᠯᠤᠩ ᠤᠨ ᠪᠣᠬᠢᠷᠲᠤᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ | ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠬᠠᠲᠠᠭᠤ ᠪᠡᠶᠡᠲᠦ | ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠴᠢᠩᠭᠠᠳᠬᠠᠵᠤ᠂ ᠬᠤᠭ ᠨᠣᠪᠰᠢ ᠶᠢ | ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ ᠡᠨᠧᠷᠭᠢ | ᠠᠷᠪᠢᠯᠠᠵᠤ ᠤᠰᠤ ᠠᠷᠪᠢᠯᠠᠬᠤ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ | ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠢ ᠳᠡᠮᠵᠢᠬᠦ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠥᠷᠨᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠵᠤ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠠᠮᠢᠳᠤᠷᠠᠵᠤ ᠪᠠᠶᠢᠭ᠎ᠠ ᠬᠡᠷ | ᠣᠷᠣᠨ ᠢᠶᠠᠨ ᠨᠠᠩ ᠨᠣᠮᠢᠨ ᠨᠣᠭᠤᠭᠠᠨ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠬᠡᠷᠡᠭᠲᠡᠶ᠃ | ᠨᠡᠭᠦᠷᠡᠰᠦᠲᠥ᠋ᠷᠥᠭᠴᠢ ᠭᠠᠳᠠᠬᠰᠢᠯᠠᠭᠤᠯᠬᠤ ᠨᠡᠭᠦᠷᠡᠰᠦᠲᠥ᠋ᠷᠥᠭᠴᠢ ᠵᠠᠳᠠᠷᠠᠭᠤᠯᠬᠤ ᠠᠵᠢᠯ ᠢ ᠡᠮᠬᠢ ᠵᠢᠷᠤᠮ ᠲᠠᠢ | ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠬᠰᠢᠯᠠᠭᠤᠯᠬᠤ ᠨᠡᠭᠦᠷᠡᠰᠦᠲᠥ᠋ᠷᠥᠭᠴᠢ ᠵᠠᠳᠠᠷᠠᠭᠤᠯᠬᠤ | ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠬᠤᠪᠢᠰᠬᠠᠯ ᠢ ᠠᠬᠢᠭᠤᠯᠵᠤ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠤᠷᠢᠳ ᠢᠶᠠᠷ ᠪᠠᠶᠢᠭᠤᠯᠵᠤ | ᠳᠠᠷᠠᠭ᠎ᠠ ᠨᠢ ᠡᠪᠳᠡᠬᠦ᠂ ᠪᠦᠬᠦ ᠲᠠᠯ᠎ᠠ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠳᠣᠣᠷ᠎ᠠ | ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ᠃ ᠨᠡᠭᠦᠷᠡᠰᠦ ᠶᠢ ᠠᠷᠢᠭᠤᠨ ᠴᠡᠪᠡᠷ ᠥᠨᠳᠥᠷ | ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠬᠡᠮᠵᠢᠶ᠎ᠡ ᠶᠢ ᠨᠢ ᠪᠠᠭᠠᠰᠬᠠᠨ ᠣᠷᠣᠯᠠᠭᠤᠯᠵᠤ᠂ ᠨᠡᠭᠦᠷᠡᠰᠦ | ᠴᠠᠬᠢᠯᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ | ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠣᠮᠣ ᠬᠡᠯᠪᠡᠷᠢ ᠶᠢᠨ | ᠰᠠᠯᠬᠢᠨ ᠬᠦᠴᠦᠨ ᠤ ᠭᠡᠷᠡᠯ ᠴᠠᠬᠢᠯᠭᠠᠨ ᠤ ᠰᠠᠭᠤᠷᠢᠨ ᠭᠠᠵᠠᠷ ᠵᠢᠴᠢ ᠢᠵᠢ ᠪᠦᠷᠢᠳᠦᠭᠦᠯᠦᠨ ᠲᠣᠬᠢᠷᠠᠭᠤᠯᠬᠤ ᠴᠢᠨᠠᠷᠲᠠᠶ | ᠴᠠᠬᠢᠯᠭᠠᠨ ᠤ ᠰᠤᠷᠪᠤᠯᠵᠢ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠴᠠᠬᠢᠯᠭᠠᠨ ᠲᠣᠣᠷ ᠤᠨ ᠳᠠᠬᠢᠨ ᠡᠭᠦᠰᠴᠦ ᠪᠣᠯᠬᠤ ᠡᠨᠧᠷᠭᠢ ᠪᠠᠷ ᠴᠠᠬᠢᠯᠭᠠᠨ ᠭᠠᠷᠭᠠᠬᠤ ᠶᠢ ᠰᠢᠩᠭᠡᠭᠡᠨ ᠠᠪᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠢ ᠰᠤᠳᠤᠯᠤᠨ | ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠪᠣᠬᠢᠷᠲᠤᠯ ᠥᠬᠡᠶ ᠦᠢᠯᠡᠳᠬᠦ ᠪᠠ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ᠂ ᠬᠢᠮᠢ ᠶᠢᠨ ᠠᠵᠤ | ᠦᠢᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ | ᠪᠠᠭᠠᠰᠬᠠᠬᠤ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ᠂ ᠳᠤᠤᠷ᠎ᠠ | ᠬᠢᠷᠢ ᠬᠡᠮᠵᠢᠶ᠎ᠡ ᠲᠠᠢ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠡᠨᠧᠷᠭᠢ ᠶᠢᠨ | ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠤᠷᠮᠠᠰᠢᠭᠤᠯᠤᠨ ᠬᠢᠵᠠᠭᠠᠷᠯᠠᠬᠤ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠦᠨ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ | ᠲᠦᠷᠭᠡᠪᠴᠢᠯᠡᠨ ᠪᠤᠢ ᠪᠣᠯᠭᠠᠨ᠎ᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠡᠨᠡ ᠵᠢᠯ ᠠᠷᠠᠳ ᠤᠨ ᠠᠮᠢᠳᠤᠷᠠᠯ ᠢ | ᠦᠨᠡᠨᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠦᠨᠡᠨᠬᠦ ᠴᠢᠩᠭᠠᠳᠬᠠᠨ ᠰᠢᠨᠡᠴᠢᠯᠡᠨ᠎ᠡ ᠭᠡᠵᠦ | ᠳᠤᠷᠠᠳᠪᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠠᠷᠠᠳ | ᠣᠯᠠᠨ ᠤ ᠨᠡᠶᠢᠳᠡᠮ ᠠᠩᠬᠠᠷᠴᠤ ᠪᠦᠬᠦᠢ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠶ᠋ᠳᠪᠦᠷᠢᠯᠡᠨ᠎ᠡ᠃ | ᠰᠤᠷᠭᠠᠨ ᠬᠥᠮᠦᠵᠢᠯ ᠤᠨ ᠭᠤᠣᠯᠴᠢ ᠪᠠᠶᠢᠬᠤ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠪᠠ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠶᠢ ᠦᠨᠳᠦᠰᠦᠯᠡᠨ | ᠰᠤᠷᠭᠠᠨ ᠬᠥᠮᠦᠵᠢᠯ ᠤᠨ ᠡᠬᠢ ᠪᠠᠶᠠᠯᠢᠭ ᠢ ᠳᠣᠭᠢᠷᠠᠭᠤᠯᠵᠤ᠂ ᠰᠤᠷᠬᠤ ᠨᠠᠰᠤᠨ ᠤ ᠬᠡᠦᠬᠡᠳ ᠤᠨ ᠣᠶᠢᠷ᠎ᠠ | ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠴᠠᠯᠢᠩ ᠣᠯᠭᠤᠮᠵᠢ ᠶᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠬᠥᠳᠡᠭᠡ ᠲᠣᠰᠬᠤᠨ ᠤ ᠪᠠᠭᠰᠢ ᠶᠢ | ᠬᠠᠨᠳᠤᠯᠭ᠎ᠠ ᠲᠠᠢ ᠬᠥᠮᠦᠵᠢᠭᠦᠯᠬᠦ᠂ ᠠᠵᠢᠯ ᠤᠨ ᠪᠠᠶᠢᠷᠢᠨ ᠳᠠᠬᠢ ᠪᠣᠯᠪᠠᠰᠤᠷᠠᠭᠤᠯᠤᠯ ᠪᠠ ᠣᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠦᠷᠭᠦᠯᠵᠢᠯᠡᠨ ᠰᠠᠶᠢᠲᠤᠷ ᠬᠢᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠰᠢᠶᠠᠨ ᠤ ᠬᠡᠪᠴᠢᠶᠡᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠭᠠᠢ | ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠷᠠᠳ ᠠᠴᠠ ᠡᠷᠬᠢᠯᠡᠭᠰᠡᠨ | ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠲᠦᠭᠡᠮᠡᠯᠵᠢᠯᠲᠡ ᠶᠢᠨ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠤᠨ ᠰᠤᠷᠭᠠᠭᠤᠯᠢ ᠡᠷᠬᠢᠯᠡᠬᠦ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠠᠭᠤᠯᠤᠭᠳᠠᠬᠤᠨ ᠤ ᠬᠡᠯᠪᠡᠷᠢᠲᠦ ᠬᠥᠭᠵᠢᠯᠲᠡ ᠶᠢ ᠲᠦᠯᠬᠢᠨ ᠠᠬᠢᠭᠤᠯᠵᠤ᠂ | ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠲᠦᠷᠦᠯ ᠬᠤᠪᠢᠶᠠᠨ | ᠪᠠᠶᠢᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠲᠠᠷᠢᠶᠠᠯᠠᠩ ᠡᠮᠨᠡᠯᠭᠡ ᠶᠢᠨ ᠲᠦᠷᠦᠯ ᠤᠨ | ᠲᠤᠰᠬᠠᠢ ᠮᠡᠷᠭᠡᠵᠢᠯ ᠤᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠲᠦᠷᠭᠡᠪᠴᠢᠯᠡᠨ ᠬᠥᠮᠦᠵᠢᠭᠦᠯᠵᠦ᠂ ᠳᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠮᠵᠢᠨ᠎ᠡ᠃ | ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ | ᠬᠥᠳᠡᠭᠡ ᠲᠣᠰᠬᠤᠨ ᠤ ᠭᠠᠵᠠᠷ ᠣᠷᠣᠨ ᠳᠠᠰᠢ ᠬᠡᠯᠪᠠᠶᠢᠯᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ | ᠰᠤᠷᠭᠠᠭᠤᠯᠢ ᠶᠢᠨ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠮᠠᠨ ᠤ ᠤᠯᠤᠰ ᠤᠨ ᠰᠤᠷᠭᠠᠭᠤᠯᠢ ᠳᠤ ᠪᠠᠶᠢᠭ᠎ᠠ 2.9 ᠳ᠋ᠦᠩᠰᠢᠭᠤᠷ ᠰᠤᠷᠤᠭᠴᠢ ᠰᠤᠷᠭᠠᠨ ᠬᠥᠮᠦᠵᠢᠯ ᠭᠡᠬᠦ ᠡᠨᠡ ᠬᠦ | ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠳᠤ ᠬᠤᠯᠪᠣᠭᠳᠠᠬᠤ ᠶᠡᠭᠡ | ᠶᠠᠪᠤᠳᠠᠯ ᠢ ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠢ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠰ | ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠵᠦ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ | ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠡᠮ ᠤᠨ ᠵᠦᠢᠯᠡᠰ ᠪᠠ ᠡᠮᠴᠢᠯᠡᠭᠡᠨ ᠤ | ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠶᠢ | ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢ ᠦᠨᠡᠨᠬᠦ ᠪᠠᠲᠤᠯᠠᠨ᠎ᠠ᠃ ᠡᠮ ᠤᠨ ᠵᠦᠢᠯ ᠤᠨ ᠸᠠᠺᠼᠢᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠤᠵᠢ ᠠᠯᠤᠰᠯᠠᠨ ᠣᠨᠳᠣᠣ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ ᠪᠦᠬᠦ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠡᠭᠡᠨ ᠨᠢᠭᠡᠳᠦᠯᠲᠡᠢ ᠪᠣᠯᠭᠠᠨ᠎ᠠ᠃ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ | ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠥᠮᠡᠨ | ᠡᠪᠡᠳᠴᠢᠨ ᠵᠡᠷᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ | ᠪᠠᠲᠤᠯᠠᠭ᠎ᠠ ᠶᠢ ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠣᠷ ᠰᠦᠯᠵᠢᠶ᠎ᠡ ᠶᠢ | ᠪᠦᠷᠢᠨᠰᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ | ᠠᠳᠬᠤᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ᠂ ᠲᠠᠬᠤᠯ ᠡᠪᠡᠳᠴᠢᠨ ᠤ | ᠰᠤᠳᠤᠯᠤᠯ ᠤᠨ ᠡᠬᠢ ᠰᠤᠷᠪᠤᠯᠵᠢ ᠶᠢ ᠮᠥᠷᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠪᠠ ᠦᠢᠡᠯᠡᠴᠢᠯᠡᠭᠡ ᠶᠢ | ᠵᠢᠷᠤᠮᠵᠢᠭᠤᠯᠵᠤ᠂ ᠬᠢᠵᠢᠭ ᠤᠨ ᠪᠠᠶᠢᠳᠠᠯ ᠠᠴᠠ ᠪᠣᠯᠵᠣ ᠬᠦᠴᠢᠷᠳᠡᠯ ᠳᠤ ᠲᠤᠯᠭᠠᠷᠠᠭᠰᠠᠨ ᠡᠮᠴᠢᠯᠡᠭᠡᠨ ᠤ | ᠪᠠᠶᠢᠭᠤᠯᠤᠮᠵᠢ ᠶᠢ ᠦᠷᠭᠦᠯᠵᠢᠯᠡᠨ ᠬᠠᠪᠰᠤᠷᠤᠨ ᠲᠡᠳᠬᠦᠵᠦ᠂ ᠡᠬᠡ ᠨᠢᠯᠬᠠᠰ ᠤᠨ ᠰᠠᠯᠠᠭ᠎ᠠ᠂ ᠮᠡᠳᠡᠷᠡᠯ ᠤᠨ ᠡᠷᠡᠭᠦᠯ | ᠬᠠᠮᠠᠭᠠᠯᠠᠯ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠦᠢᠯᠡᠴᠢᠯᠡᠭᠡᠨ ᠤ ᠳᠤᠲᠠᠭᠤᠳᠠᠯ ᠢ ᠭᠦᠢᠴᠡᠳ | ᠨᠥᠬᠦᠪᠥᠷᠢᠯᠡᠨ᠎ᠡ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ᠂ ᠬᠢᠲᠠᠳ ᠡᠮ | ᠡᠮᠨᠡᠯᠭᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠪᠠ | ᠡᠪᠡᠳᠴᠢᠨ ᠦᠵᠡᠭᠦᠯᠬᠦ ᠡᠮᠬᠢ ᠵᠢᠷᠤᠮ ᠢ ᠰᠢᠯᠢᠳᠡᠭᠵᠢᠭᠦᠯᠬᠦ ᠶᠢ ᠠᠬᠢᠭᠤᠯᠬᠤ ᠠᠴᠠ ᠪᠣᠳᠣᠯᠬᠢᠯᠠᠨ᠂ ᠤᠯᠤᠰ᠂ | ᠮᠤᠵᠢ ᠶᠢᠨ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠬᠤᠲᠠ ᠰᠢᠶᠠᠨ ᠲᠡᠶᠢᠰᠢ ᠤᠷᠲᠤᠳᠬᠠᠬᠤ ᠶᠢ ᠠᠬᠢᠭᠤᠯᠤᠨ᠂ ᠦᠨᠳᠦᠰᠦᠨ ᠱᠠᠲᠤᠨ ᠤ | ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠣᠶᠢᠷ᠎ᠠ | ᠬᠠᠪᠢ ᠳᠤᠨᠢ ᠨᠠᠩ ᠰᠠᠶᠢᠨ ᠡᠮᠴᠢᠯᠡᠭᠡᠨ ᠤ ᠦᠢᠯᠡᠴᠢᠯᠡᠭᠡ ᠲᠠᠢ ᠪᠣᠯᠭᠠᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠶᠢ | ᠯᠠᠪᠳᠠᠭᠤᠨ ᠢᠶᠠᠷ ᠬᠡᠷᠡᠭᠵᠢᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠴᠠᠭ ᠲᠤᠬᠠᠢ ᠳᠤᠨᠢ | ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ | ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠪᠠ ᠠᠵᠢᠯ | ᠠᠯᠳᠠᠯᠲᠠ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠲᠦᠷᠭᠡᠪᠴᠢᠯᠡᠨ ᠠᠬᠢᠭᠤᠯᠤᠨ᠎ᠠ | ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠦᠵᠡᠭᠦᠯᠬᠦ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠬᠥᠮᠦᠨ | ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠵᠤ᠂ ᠬᠤᠲᠠ ᠬᠥᠳᠡᠭᠡ ᠶᠢᠨ ᠨᠠᠰᠤᠵᠢᠯ ᠤᠨ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠦᠨ᠂ ᠨᠡᠶᠢᠭᠡᠮ ᠤᠨ ᠬᠦᠴᠦᠨ ᠤ ᠡᠳᠦᠷ ᠲᠤᠲᠤᠮ ᠤᠨ ᠬᠠᠷᠠᠭᠠᠯᠵᠠᠯ᠂ ᠬᠤᠭᠤᠯᠠ | ᠤᠮᠳᠠ ᠴᠡᠪᠡᠷᠯᠡᠭᠡ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡ ᠬᠠᠩᠭᠠᠬᠤ ᠶᠢ ᠳᠡᠮᠵᠢᠵᠦ᠂ ᠬᠥᠳᠡᠭᠡ | ᠲᠣᠰᠬᠤᠨ ᠤ ᠬᠠᠷᠢᠯᠴᠠᠨ ᠬᠠᠪᠰᠤᠷᠤᠯᠴᠠᠬᠤ ᠮᠠᠶ᠋ᠢᠭ ᠤᠨ ᠨᠠᠰᠤᠵᠢᠯ ᠤᠨ ᠦᠢᠯᠡᠴᠢᠯᠡᠭᠡ ᠶᠢ ᠵᠣᠷᠢᠭᠵᠢᠭᠤᠯᠤᠨ | ᠬᠥᠭᠵᠢᠭᠦᠯᠵᠦ᠂ ᠨᠠᠰᠤᠵᠢᠯ ᠤᠨ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ ᠢᠵᠢ ᠪᠥᠷᠢᠳᠦᠭᠰᠡᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠵᠠᠷᠤᠳᠠᠯ ᠢ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠨᠡᠮᠡᠯᠲᠡ ᠰᠠᠭᠤᠳᠬᠠᠯ ᠳᠤ ᠣᠷᠣᠭᠤᠯᠵᠤ᠂ | ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠵᠦ᠂ ᠬᠡᠷ ᠪᠦᠯᠢ ᠶᠢᠨ ᠠᠰᠠᠷᠠᠨ | ᠬᠥᠮᠦᠵᠢᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠬᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠ | ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠶᠢ ᠴᠢᠩᠭᠠᠳᠬᠠᠵᠤ᠂ ᠪᠠᠲᠤᠯᠠᠬᠤ | ᠶᠣᠰᠣᠲᠠᠶ ᠶᠢ ᠨᠢ ᠪᠦᠬᠦᠨ ᠢ ᠪᠠᠲᠤᠯᠠᠬᠤ᠂ ᠲᠤᠰᠠᠯᠠᠬᠤ ᠶᠣᠰᠣᠲᠠᠶ ᠶᠢ ᠨᠢ ᠪᠦᠬᠦᠨ ᠢ ᠲᠤᠰᠠᠯᠠᠬᠤ ᠶᠢ ᠴᠢᠷᠮᠠᠶᠢᠨ | ᠪᠡᠶᠡᠯᠡᠭᠦᠯᠦᠨ᠎ᠡ᠃ | ᠣᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠭᠡᠷ | ᠪᠠᠶᠢᠰᠢᠩ ᠢ ᠪᠣᠯ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ | ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ | ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ | ᠪᠠᠶᠢᠰᠢᠩ ᠤᠨ ᠵᠠᠬ᠎ᠠ ᠳᠡᠯᠭᠡᠭᠦᠷ ᠤᠨ ᠭᠡᠷ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢ ᠲᠡᠮᠵᠢᠵᠤ᠂ ᠭᠠᠵᠠᠷ ᠤᠨ ᠦᠨ᠎ᠡ ᠶᠢ ᠲᠣᠭᠲᠠᠪᠤᠷᠢᠵᠢᠭᠤᠯᠵᠤ᠂ ᠭᠡᠷ | ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠬᠤᠳᠠ ᠶᠢᠨ ᠪᠠᠶᠢᠳᠠᠯ ᠳᠤ | ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ | ᠰᠠᠶᠢᠨ ᠣᠷᠴᠢᠯ ᠪᠠ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠣᠨᠢᠨ ᠮᠡᠳᠡᠭᠡ ᠬᠡᠪᠯᠡᠯ᠂ ᠷᠠᠳᠢᠣ᠋ | ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ | ᠪᠣᠯᠤᠨ ᠳᠠᠩᠰᠠ ᠡᠪᠬᠡᠮᠡᠯ ᠵᠡᠷᠭᠡ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠪᠦᠬᠦ ᠠᠷᠠᠳ ᠢᠶᠠᠷ ᠢᠶᠠᠨ ᠨᠣᠮ | ᠤᠩᠰᠢᠬᠤ ᠶᠢ ᠭᠦᠨᠵᠡᠭᠡᠢ ᠠᠬᠢᠭᠤᠯᠤᠨ᠎ᠠ᠃ ᠢᠨᠲ᠋ᠤᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ | ᠴᠢᠩᠭᠠᠳᠬᠠᠨ ᠰᠢᠨ᠎ᠡ ᠶᠢ ᠡᠭᠦᠳᠴᠦ᠂ ᠰᠦᠯᠵᠢᠶᠡᠨ ᠤ ᠠᠮᠢ ᠠᠬᠤᠢ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ | ᠤᠯᠠᠨ ᠨᠡᠶᠢᠲᠡ ᠶᠢᠨ ᠰᠣᠶᠣᠯ ᠤᠨ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ | ᠰᠣᠶᠣᠯ ᠤᠨ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠬᠡᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ ᠬᠠᠮᠠᠭᠠᠯᠠᠨ ᠠᠰᠢᠭᠯᠠᠬᠤ ᠪᠠ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ᠃ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪ ᠬᠥᠷᠥᠩᠭᠡ ᠶᠢ ᠰᠠᠶᠢᠲᠤᠷ ᠬᠡᠷᠡᠭᠯᠡᠨ᠎ᠡ᠃ | ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠪ ᠵᠠᠩᠰᠢᠯ ᠪᠣᠯᠬᠤ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ | ᠵᠢᠷᠤᠮ ᠲᠠᠢ ᠪᠠᠶᠢᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ | ᠪᠠ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠨᠡᠶᠢᠭᠡᠮ ᠤᠨ | ᠳᠠᠶᠢᠴᠢᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠨᠡᠶᠢᠭᠡᠮ ᠤᠨ ᠠᠵᠢᠯ ᠢ ᠬᠥᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ | ᠦᠵᠡᠯᠳᠡ ᠶᠢᠨ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠡᠮᠡᠭᠲᠡᠶᠢᠴᠦᠳ ᠬᠡᠦᠬᠡᠳ ᠢ | ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠡᠷᠡᠰ ᠪᠠᠲᠤᠯᠠᠨ᠎ᠠ᠃ ᠨᠠᠰᠤᠲᠠᠶᠢᠴᠤᠳ᠂ ᠵᠡᠮᠳᠡᠭᠴᠦᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠤᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠤᠯᠠᠨ | ᠲᠦᠮᠡᠨ ᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠨ᠎ᠡ᠃ | ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠶᠢ ᠴᠢᠬᠤᠯᠠᠴᠢᠯᠠᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢ ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ | ᠠᠶᠤᠯ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠬᠦ ᠪᠠ ᠴᠠᠭ ᠠᠭᠤᠷ ᠤᠨ | ᠦᠢᠯᠡᠴᠢᠯᠡᠭᠡ ᠶᠢ ᠰᠠᠶᠢᠲᠤᠷ ᠬᠢᠨ᠎ᠡ᠃ ᠢᠳᠡᠭᠡᠨ ᠤ ᠪᠦᠬᠦ ᠬᠡᠯᠬᠢᠶᠡᠨ ᠤ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠤᠨ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠠᠳᠡᠯ | ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ | ᠪᠠ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠬᠦ | ᠪᠠ ᠴᠣᠬᠢᠯᠲᠠ ᠥᠭᠴᠦ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ | ᠬᠠᠤᠯᠢᠵᠢᠯ ᠤᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠵᠠᠰᠠᠭ ᠤᠨ ᠣᠷᠳᠣᠨ ᠤ ᠪᠥᠲᠥᠭᠡᠨ | ᠪᠠᠶᠢᠭᠤᠯᠤᠯᠲᠠ ᠶᠢᠨ ᠲᠤᠬᠠᠶ ᠶᠠᠷᠢᠪᠠ ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ | ᠵᠠᠰᠠᠭ ᠤᠨ ᠣᠷᠳᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠲᠠᠨᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ | ᠪᠤᠳᠤᠬᠤ᠂ ᠪᠦᠷᠢᠳᠬᠡᠨ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠡᠮᠵᠢᠨ᠎ᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠪᠡ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠠᠵᠢᠯᠲᠠᠳ ᠬᠠᠤᠯᠢ | ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠯᠲᠠ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠠᠯᠪᠠᠨ ᠵᠠᠷᠤᠴᠠ ᠶᠢᠨ ᠨᠡᠷᠡᠶᠢᠳᠦᠯ ᠳᠡᠭᠡᠨ ᠣᠰᠣᠯᠳᠠᠬᠤ ᠦᠭᠡᠢ | ᠪᠠᠶᠢᠬᠤ ᠬᠡᠷᠡᠭᠲᠡᠢ᠃ | ᠬᠦᠴᠢᠷ ᠪᠡᠷᠬᠡᠰᠢᠶᠡᠯ ᠪᠠ ᠰᠢᠯᠭᠠᠯᠲᠠ ᠶᠢ ᠠᠷᠭᠠᠴᠠᠬᠤ ᠳᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ | ᠲᠡᠭᠦᠨ ᠤ ᠠᠵᠢᠯᠲᠠᠳ ᠡᠷᠬᠡᠪᠰᠢ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠠᠷᠠᠳ ᠤᠨ | ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠬᠥᠭᠵᠢᠯᠲᠡ ᠶᠢ ᠠᠳᠬᠤᠨ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠢ᠃ ᠬᠥᠭᠵᠢᠭᠦᠯᠬᠦ ᠪᠣᠯ ᠲᠡᠷᠢᠭᠦᠨ | ᠴᠢᠬᠤᠯᠠ ᠡᠭᠦᠷᠭᠡ ᠪᠣᠯᠬᠤ ᠶᠢ ᠪᠠᠷᠢᠮᠲᠠᠯᠠᠬᠤ ᠳᠤ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ | ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠠᠰᠢ | ᠶᠠᠰᠢ ᠪᠠᠷ ᠠᠷᠭᠠᠴᠠᠬᠤ᠂ ᠰᠢᠯᠲᠠᠭᠯᠠᠨ ᠲᠦᠯᠬᠢᠯᠴᠡᠬᠦ ᠶᠢ ᠡᠷᠡᠰ ᠡᠰᠡᠷᠭᠦᠴᠡᠵᠦ᠂ ᠳᠤᠷ᠎ᠠ ᠪᠠᠷ ᠢᠶᠠᠨ ᠬᠡᠷᠡᠭᠯᠡᠬᠦ᠂ | ᠠᠵᠢᠯ ᠤᠨ ᠠᠷᠭ᠎ᠠ ᠳᠥᠭᠦᠮ ᠪᠦᠳᠦᠭᠦᠯᠢᠭ ᠪᠠᠶᠢᠬᠤ ᠶᠢ ᠡᠷᠡᠰ ᠵᠠᠯᠠᠷᠠᠭᠤᠯᠬᠤ ᠬᠡᠷᠡᠭᠲᠡᠢ᠃ ᠠᠷᠠᠳ ᠤᠯᠠᠨ ᠤ ᠠᠮᠤᠷ | ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠪᠣᠳᠠᠲᠤ ᠪᠠᠶᠢᠳᠠᠯ ᠢ | ᠪᠠᠶᠢᠴᠠᠭᠠᠨ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠠᠷᠠᠳ ᠤᠨ ᠠᠮᠢᠳᠤᠷᠠᠯ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠤᠨ ᠲᠤᠰᠢᠶᠠᠯ ᠬᠠᠷᠢᠭᠤᠴᠠᠯᠭ᠎ᠠ ᠪᠠᠨ ᠬᠦᠨᠳᠦ ᠨᠣᠴᠢᠲᠠᠢ | ᠠᠯᠳᠠᠭᠰᠠᠨ ᠠᠰᠠᠭᠤᠳᠠᠯ ᠢ ᠡᠷᠡᠰ ᠴᠢᠩᠭ᠎ᠠ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ | ᠬᠤᠶᠠᠷ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠡᠭᠦᠳᠦᠨ ᠪᠦᠲᠦᠭᠡᠬᠦ ᠵᠣᠷᠢᠭ | ᠰᠠᠨᠠᠭ᠎ᠠ ᠶᠢ ᠬᠦᠨᠳᠦᠳᠬᠡᠵᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ︽ᠨᠢᠭᠡ ᠯᠡ ᠠᠳᠠᠯᠢ ᠪᠠᠷ ᠱᠠᠭᠠᠷᠳᠠᠵᠤ | ︾᠂ ᠱᠠᠳᠤ ᠱᠠᠳᠤ ᠪᠠᠷ ᠨᠡᠮᠡᠭᠳᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠬᠦ ᠶᠢ | ᠰᠡᠷᠭᠡᠶᠢᠯᠡᠬᠦ ᠬᠡᠷᠡᠭᠲᠡᠢ᠃ ᠤᠷᠮᠠᠰᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠥᠷᠭᠡᠨ ᠣᠯᠠᠨ | ᠺᠠᠳ᠋ᠷ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠶ ᠪᠠᠷ ᠠᠵᠢᠯ ᠬᠢᠬᠦ ᠶᠢ ᠳᠡᠮᠵᠢᠨ᠎ᠡ᠃ ᠤᠯᠤᠰ | ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠪᠠᠯ | ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠯᠠᠪᠲᠠᠢ ᠡᠭᠦᠳᠴᠦ ᠴᠢᠳᠠᠬᠤ ᠶᠤᠮ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠦᠨᠳᠦᠰᠦᠲᠡᠨ᠂ ᠱᠠᠰᠢᠨ | ᠰᠤᠷᠲᠠᠬᠤᠨ ᠪᠣᠯᠤᠨ ᠬᠠᠷᠢᠶᠠᠲᠤ ᠨᠠᠷ ᠤᠨ ᠠᠵᠢᠯ ᠤᠨ ᠲᠤᠬᠠᠢ ᠶᠠᠷᠢᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠥᠲᠥᠭᠡᠨ | ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ | ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ | ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠬᠠᠷᠢᠶᠠᠲᠤ ᠨᠠᠷ ᠤᠨ ᠶᠠᠪᠤᠳᠠᠯ ᠤᠨ ᠲᠤᠬᠠᠢ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ | ᠳᠡᠭᠦᠦ ᠨᠡᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ | ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠭᠠᠷ ᠬᠤᠯᠪᠣᠨ ᠬᠠᠮᠲᠤ ᠪᠠᠷ ᠰᠢᠨ᠎ᠡ ᠶᠢ ᠡᠭᠦᠳᠬᠦ ᠭᠡᠷᠡᠯ ᠰᠠᠴᠤᠷᠠᠩᠭᠤᠢ | ᠠᠮᠵᠢᠯᠲᠠ ᠶᠢ ᠤᠷᠮᠠᠰᠢᠭᠤᠯᠤᠨ ᠵᠣᠷᠢᠭᠵᠢᠭᠤᠯᠤᠨ᠎ᠠ ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠠᠷᠢᠵᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠳᠤ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ | ᠲᠤᠭᠤᠰᠢᠯᠠᠭᠤᠯᠵᠤ᠂ ᠴᠡᠷᠢᠭ ᠢ ᠪᠠᠶᠢᠭᠤᠯᠬᠤ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠴᠢᠩᠭ᠎ᠠ ᠡᠵᠡᠮᠳᠡᠵᠦ᠂ | ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ | ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠡᠷᠢᠭ ᠤᠨ ᠶᠠᠪᠤᠳᠠᠯ ᠤᠨ | ᠲᠡᠮᠡᠴᠡᠯ ᠢ ᠡᠷᠡᠰ ᠪᠠᠲᠤ ᠠᠮᠢᠳᠤᠯᠢᠭ ᠢᠶᠠᠷ ᠥᠷᠨᠢᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠣᠲᠣ ᠦᠶ᠎ᠡ ᠶᠢᠨ ᠴᠡᠷᠢᠭ ᠤᠨ ᠶᠠᠪᠤᠳᠠᠯ ᠤᠨ | ᠰᠢᠰᠲ᠋ᠧᠮ᠂ ᠴᠡᠷᠢᠭ ᠠᠩᠭᠢ ᠶᠢᠨ ᠣᠲᠣ ᠦᠶ᠎ᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠵᠡᠪᠰᠡᠭ ᠲᠣᠨᠣᠭᠯᠠᠯ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ ᠴᠡᠷᠢᠭ ᠢ ᠵᠠᠰᠠᠬᠤ᠂ | ᠴᠡᠷᠢᠭ ᠢ ᠴᠢᠩᠭ᠎ᠠ ᠵᠠᠰᠠᠬᠤ ᠶᠢ ᠠᠬᠢᠭᠤᠯᠵᠤ᠂ ᠴᠡᠷᠢᠭ ᠠᠩᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠪᠠᠶᠢᠷᠢᠰᠢᠯ ᠢ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠠᠳ ᠨᠡᠶᠢᠲᠡ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠲᠡᠮᠵᠢᠵᠦ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠰᠢᠶᠠᠩᠭᠠᠩ ᠣᠣᠮᠧᠨ ᠲᠠᠶᠢᠸᠠᠨ ᠤ | ᠠᠵᠢᠯ ᠤᠨ ᠲᠤᠬᠠᠶ ᠶᠠᠷᠢᠪᠠ ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠪᠢᠳᠡ ︽ᠨᠢᠭᠡ ᠤᠯᠤᠰ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ | ᠰᠢᠶᠠᠩᠭᠠᠩ ᠬᠥᠮᠦᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠬᠥᠮᠦᠨ ᠢᠶᠠᠷ ᠣᠣᠮᠧᠨ ᠢ ᠵᠠᠰᠠᠭᠤᠯᠬᠤ︾᠂ | ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠥᠬᠦ ᠲᠠᠯ᠎ᠠ ᠪᠠᠷ ᠵᠥᠪ ᠣᠨᠣᠪᠴᠢᠲᠠᠶ᠂ | ᠡᠷᠡᠰ ᠭᠤᠶᠢᠪᠢᠰᠢ ᠥᠬᠡᠶ ᠪᠠᠷ ᠲᠤᠭᠤᠰᠢᠯᠠᠭᠤᠯᠵᠤ᠂ ᠲᠥᠪ ᠠᠴᠠ ᠣᠨᠴᠠᠭᠠᠶ ᠵᠠᠰᠠᠭ ᠵᠠᠬᠢᠷᠭᠠᠨ ᠤ ᠣᠷᠣᠨ ᠢ ᠪᠥᠬᠦ | ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢ ᠨᠢ ᠰᠢᠶᠠᠩᠭᠠᠩ ᠢ | ᠵᠠᠰᠠᠬᠤ︾᠂ ︽ᠤᠯᠤᠰ ᠢᠶᠠᠨ ᠬᠠᠶᠢᠷᠠᠯᠠᠭᠴᠢ ᠨᠢ ᠣᠣᠮᠧᠨ ᠢ ᠵᠠᠰᠠᠬᠤ︾ ᠶᠢ ᠡᠷᠡᠰ ᠨᠠᠶᠢᠳᠠᠪᠤᠷᠢᠵᠢᠭᠤᠯᠤᠨ᠎ᠠ ᠭᠡᠵᠦ | ᠵᠢᠭᠠᠵᠤ ᠭᠠᠷᠭᠠᠪᠠ᠃ ᠵᠠᠰᠠᠭ ᠵᠠᠬᠢᠷᠭᠠᠨ ᠤ ᠣᠨᠴᠠᠭᠠᠢ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠦᠬᠦ ᠬᠦᠴᠦ ᠪᠠᠷ ᠢᠶᠠᠨ ᠲᠡᠮᠵᠢᠨ᠎ᠠ᠃ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠤᠯᠤᠰ ᠣᠷᠣᠨ ᠤ ᠬᠥᠭᠵᠢᠯᠲᠡ ᠶᠢᠨ ᠶᠡᠭᠡ | ᠲᠠᠯ᠎ᠠ ᠳᠤ ᠨᠡᠩ ᠰᠠᠶᠢᠲᠤᠷ ᠠᠭᠤᠰᠤᠨ ᠂ ᠰᠢᠶᠠᠩᠭᠠᠩ ᠣᠣᠮᠧᠨ ᠤ ᠤᠷᠲᠤ ᠬᠤᠭᠤᠴᠠᠭᠠᠨ ᠤ ᠴᠡᠴᠡᠭᠯᠡᠯ ᠬᠥᠭᠵᠢᠯ | ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠪᠢᠳᠡ ᠲᠠᠶᠢᠸᠠᠨ ᠤ ᠠᠵᠢᠯ ᠤᠨ ᠲᠤᠬᠠᠢ ᠦᠨᠳᠦᠰᠦᠨ ᠪᠤᠳᠤᠯᠭ᠎ᠠ | ᠴᠢᠭᠯᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ | ᠶᠡᠷᠦᠩᠬᠡᠢ ᠠᠷᠭ᠎ᠠ ᠪᠤᠳᠤᠯᠭ᠎ᠠ ᠶᠢ ᠲᠤᠭᠤᠰᠢᠯᠠᠭᠤᠯᠤᠨ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ | ᠶᠡᠷᠡᠨ ᠬᠤᠶᠠᠷ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠪᠠ ᠡᠬᠡ ᠣᠷᠣᠨ ᠤ ᠨᠢᠭᠡᠳᠦᠯ ᠢ ᠠᠬᠢᠭᠤᠯᠬᠤ ᠬᠡᠷᠡᠭᠲᠡᠢ᠃ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ | ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠲᠠᠶᠢᠸᠠᠨ ᠬᠤᠭᠤᠯᠠᠢ ᠶᠢᠨ ᠬᠤᠶᠠᠷ ᠡᠷᠬᠢ ᠶᠢᠨ ᠠᠬ᠎ᠠ | ᠳᠡᠭᠦᠦ ᠨᠡᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠠᠭᠤ | ᠠᠯᠳᠠᠷᠲᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠢ᠃ | ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠭᠠᠳᠠᠭᠠᠳᠤ ᠬᠠᠷᠢᠯᠴᠠᠭᠠᠨ ᠤ | ᠠᠵᠢᠯ ᠤᠨ ᠲᠤᠬᠠᠶ ᠶᠠᠷᠢᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠤ ᠡᠳᠦᠷ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ᠂ ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ | ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ | ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ | ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ | ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ | ᠡᠮᠬᠢ ᠵᠢᠷᠤᠮ ᠤᠨ ᠬᠠᠮᠠᠭᠠᠯᠠᠭᠴᠢ ᠮᠥᠨ᠂ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠠᠢ︕ |