ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠧᠩ ᠢᠦᠶ ᠨᠡᠷ ᠮᠠᠨ ᠤ ᠬᠤᠰᠢᠭᠤᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠳᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/7/19
    7 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ
ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠵᠢᠷᠭᠤᠳᠤᠭᠠᠷ ᠪᠦᠯᠦᠭ ᠵᠡᠭᠦᠨ ᠪᠠᠷᠠᠭᠤᠨ ᠣᠷᠣᠨ ᠤ ᠬᠠᠮᠵᠢᠯᠴᠠᠬᠤ ᠥᠪᠥᠷ ᠮᠣᠩᠭᠤᠯ ᠤᠨ ᠲᠦᠷ ᠴᠠᠭ ᠤᠨ ᠺᠠᠳ᠋ᠷ ᠤᠨ ᠪᠦᠯᠬᠦᠮ ᠤᠨ ᠲᠦᠷ ᠴᠠᠭ ᠤᠨ ᠨᠠᠮ ᠤᠨ ᠬᠤᠷᠢᠶᠠᠨ ᠤ ᠱᠦᠵᠢ᠂ ᠵᠧᠩ ᠢᠦᠶ ᠨᠡᠷ ᠮᠠᠨ ᠤ ᠬᠤᠰᠢᠭᠤᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠪᠠ ᠲᠦᠷ ᠴᠠᠭ ᠤᠨ ᠺᠠᠳ᠋ᠷ᠂ ᠴᠢᠳᠠᠪᠤᠷᠢᠲᠠᠨ ᠢ ᠪᠣᠯᠭᠤᠭᠠᠨ ᠦᠵᠡᠪᠡ᠃ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠯᠢᠶᠠᠩ ᡁᠢ ᠭᠠᠩ᠂ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠵᠢᠶᠠ ᠸᠧᠨ ᡁᠢ᠂ ᠮᠠᠨ ᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠨ ᠬᠤᠸᠠᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠶᠠ ᠹᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠢᠩ ᠵᠢᠶᠧ ᠵᠡᠷᠭᠡ ᠬᠤᠲᠠ ᠂ ᠬᠤᠰᠢᠭᠤ ᠬᠤᠶᠠᠷ ᠱᠠᠲᠤᠨ ᠤ ᠺᠠᠳ᠋ᠷ ᠬᠠᠮᠳᠦ ᠪᠠᠷ᠎ᠠ ᠪᠤᠯᠪᠠ᠃      ᠵᠧᠩ ᠢᠦᠶ ᠨᠡᠷ ᠬᠤᠰᠢᠭᠤᠨ ᠤ ᠱᠦᠭᠦᠷ ᠡᠪᠡᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠴᠦ ᠰᠢᠨᠵᠢᠯᠡᠨ ᠪᠠᠶᠢᠴᠠᠭᠠᠵᠤ᠂ ᠮᠠᠨ ᠤ ᠬᠤᠰᠢᠭᠤᠨ ᠤ ᠱᠦᠭᠦᠷ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ 2018 ᠣᠨ ᠠᠴᠠ ᠡᠬᠢᠯᠡᠨ᠂ ᠪᠡᠭᠡᠵᠢᠩ ᠬᠤᠲᠠ ᠪᠣᠯᠤᠨ ᠱᠦᠨ ᠢ ᠲᠣᠭᠤᠷᠢᠭ ᠨᠡᠶᠢᠲᠡ 4230 ᠲᠦᠮᠡᠨ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠣᠷᠣᠭᠤᠯᠵᠤ᠂ ᠮᠠᠨ ᠤ ᠬᠤᠰᠢᠭᠤ ᠶᠢ ᠬᠠᠪᠰᠤᠷᠤᠨ 23 ᠱᠦᠭᠦᠷ ᠴᠢᠬᠢ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠵᠤ᠂ ᠱᠦᠭᠦᠷ ᠴᠢᠬᠢ ᠬᠠᠳᠠᠭᠠᠯᠠᠬᠤ ᠴᠢᠳᠠᠪᠤᠷᠢ ᠶᠢᠨ ᠴᠢᠨᠠᠷ ᠤᠨ ᠦᠰᠦᠷᠦᠯᠲᠡ ᠶᠢ ᠪᠡᠶᠡᠯᠡᠭᠦᠯᠪᠡ᠃ ᠵᠧᠩ ᠢᠦᠶ ᠢᠯᠡᠷᠬᠡᠶᠢᠯᠡᠬᠦ ᠳᠡᠭᠡᠨ᠂ ᠱᠦᠭᠦᠷ ᠡᠪᠡᠰᠦᠨ ᠤ ᠠᠵᠤ ᠦᠢᠯᠡᠰ ᠨᠢ ᠵᠡᠭᠦᠨ ᠬᠤᠰᠢᠭᠤᠨ ᠤ ᠣᠨᠴᠠᠯᠢᠭᠲᠤ ᠠᠵᠤ ᠦᠢᠯᠡᠰ ᠪᠣᠯᠤᠭᠰᠠᠨ ᠤ ᠬᠤᠪᠢ ᠳᠤ᠂ ᠦᠢᠯᠡᠳᠬᠦᠨ ᠢ ᠰᠤᠳᠤᠯᠤᠨ ᠨᠡᠭᠡᠭᠡᠬᠦ ᠪᠠ ᠨᠠᠷᠢᠯᠢᠭ ᠪᠣᠯᠪᠠᠰᠤᠷᠠᠭᠤᠯᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠶᠢ ᠢᠳᠡᠪᠬᠢᠲᠡᠶ ᠵᠣᠷᠢᠭᠵᠢᠭᠤᠯᠵᠤ᠂ ᠰᠣᠶᠣᠯ ᠤᠨ ᠡᠯᠧᠮᠧᠨ᠋ᠲ ᠲᠤ ᠠᠭᠤᠰᠤᠯᠴᠠᠬᠤ ᠶᠢ ᠴᠢᠬᠤᠯᠠᠴᠢᠯᠠᠵᠤ᠂ ᠰᠣᠶᠣᠯ ᠤᠨ ᠨᠠᠷᠠᠲᠤ ᠲᠡᠮᠳᠡᠭ ᠢ ᠡᠭᠦᠳᠴᠦ᠂  ᠦᠢᠯᠡᠳᠬᠦᠨ  ᠤ ᠲᠠᠰ ᠪᠠ ᠨᠡᠮᠡᠯᠲᠡ ᠥᠷᠲᠡᠭ ᠢ ᠳᠡᠭᠡᠭᠰᠢᠯᠡᠭᠦᠯᠬᠦ ᠬᠡᠷᠡᠭᠲᠡᠶ ᠭᠡᠵᠡᠶ᠃       ᠵᠧᠩ ᠢᠦᠶ ᠨᠡᠷ ᠪᠡᠭᠡᠵᠢᠩ ᠤᠨ ᠮᠠᠨ ᠤ ᠬᠤᠰᠢᠭᠤᠨ ᠳᠤ ᠰᠣᠩᠭᠤᠨ ᠲᠣᠮᠢᠯᠠᠭᠰᠠᠨ ᠲᠤᠰᠢᠶᠠᠯ ᠡᠭᠦᠷᠭᠡᠯᠡᠭᠰᠡᠨ ᠺᠠᠳ᠋ᠷ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠭᠤᠭᠠᠨ ᠦᠵᠡᠵᠦ᠂ ᠲᠡᠳᠡᠨ ᠤ ᠵᠡᠭᠦᠨ ᠬᠤᠰᠢᠭᠤᠨ ᠤ ᠬᠥᠭᠵᠢᠯᠲᠡ ᠶᠢ ᠳᠡᠮᠵᠢᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠭᠰᠡᠨ ᠪᠥᠭᠡᠳ ᠮᠡᠨᠳᠦᠴᠢᠯᠡᠯ ᠳᠡᠪᠰᠢᠭᠦᠯᠪᠡ᠃ ᠵᠧᠩ ᠢᠦᠶ ᠵᠢᠭᠠᠵᠤ ᠭᠠᠷᠭᠠᠭᠰᠠᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠳᠠᠭ᠎ᠠ ᠵᠢᠭᠠᠪᠤᠷᠢ ᠴᠣᠬᠤᠯᠠᠪᠤᠷᠢ ᠥᠭᠭᠦᠭᠰᠡᠨ ᠪᠥᠭᠡᠳ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠠᠵᠢᠯ ᠮᠥᠨ᠂ ᠲᠤᠰᠢᠶᠠᠯ ᠡᠭᠦᠷᠭᠡᠯᠡᠭᠰᠡᠨ ᠺᠠᠳ᠋ᠷ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠭᠰᠠᠨ ᠤ ᠬᠤᠪᠢ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ︽ᠬᠦᠯ ᠳᠣᠣᠷ᠎ᠠ ᠬᠡᠳᠦᠢ ᠰᠢᠪᠠᠷ ᠨᠠᠭᠠᠯᠳᠤᠪᠠᠯ ᠲᠡᠳᠦᠢ ᠦᠨᠡᠨ ᠰᠡᠳᠬᠢᠯ ᠪᠠᠶᠢᠳᠠᠭ︾᠂ ︽ᠡᠮᠦᠨ᠎ᠡ ᠹᠷᠣᠨᠲ ᠤᠨ ᠠᠵᠢᠯᠯᠠᠬᠤ ᠠᠷᠭ᠎ᠠ︾ ᠶᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠭᠦᠨᠵᠡᠭᠡᠶᠢᠷᠡᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠭᠦᠨᠵᠡᠭᠡᠶᠢᠷᠡᠨ ᠪᠣᠳᠠᠲᠠᠢ ᠪᠠᠶᠢᠳᠠᠯ ᠢ ᠣᠶᠢᠯᠠᠭᠠᠬᠤ ᠬᠡᠷᠡᠭᠲᠡᠢ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠠᠶᠢᠲᠤᠷ ᠬᠢᠵᠦ᠂ ᠪᠠᠭᠠᠷᠢᠨ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠠᠢ  ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号