ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠶ ᠶᠢᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/7/19
     
   7 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠧᠨ ᡁᠢ ᠴᠢᠶᠠᠩ᠂ ᠳᠡᠳ᠋ ᠡᠷᠬᠢᠯᠡᠭᠴᠢ ᠲᠢᠶᠠᠨ ᠼᠠᠢ ᠯᠢ᠂ ᠮᠠ ᠰᠢᠶᠤᠤ ᠳ᠋ᠦᠩ ᠪᠦᠯᠬᠦᠮ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠠᠨ ᠶᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠯᠢᠨᠳᠦ᠋ᠩ ᠪᠠᠯᠭᠠᠰᠤᠨ ᠤ ᠲᠠᠢ ᠫᠢᠩ ᠲᠣᠰᠬᠤᠨ ᠤ ᠣᠶ ᠰᠢᠭᠤᠶ ᠡᠪᠡᠰᠦ ᠪᠡᠯᠴᠢᠭᠡᠷ ᠤᠨ ᠭᠤᠤᠯᠳᠠᠯᠭ᠎ᠠ ᠲᠠᠢ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ   ᠰᠢᠢᠳᠪᠦᠷᠢᠯᠡᠬᠦ ᠴᠡᠭᠴᠡᠯᠡᠨ ᠰᠠᠶᠢᠵᠢᠷᠠᠭᠤᠯᠬᠤ ᠲᠤᠬᠠᠶ ᠶᠢᠨ ᠲᠠᠯᠠᠪᠠᠶ ᠶᠢ ᠰᠢᠨᠵᠢᠯᠡᠨ ᠪᠠᠶᠢᠴᠠᠭᠠᠪᠠ᠂ ᠠᠷᠪᠠᠨ ᠭᠤᠷᠪᠠᠨ ᠣᠪᠣᠭ᠎ᠠ ᠪᠠᠯᠭᠠᠰᠤᠨ ᠤ ᠣᠳᠠ ᠲᠣᠰᠬᠤᠨ ᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ ᠲᠥᠰᠦᠯ᠂ ᠦᠯᠵᠡᠶᠢᠮᠦᠷᠡᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ  ᠂ ᠰᠢᠨᠠ ᠤᠰᠤᠨ ᠴᠥᠭᠦᠷᠥᠮ ᠤᠨ ᠬᠡᠰᠡᠭ᠂  ᠤᠯᠠᠭᠠᠨᠳᠠᠪᠠᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠯ ᠤᠨ ᠠᠶᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠰᠠᠭᠤᠷᠢᠨ ᠭᠠᠵᠠᠷ ᠵᠢᠴᠢ ᠨᠠᠷᠠᠰᠤᠨ ᠮᠣᠳᠣᠨ ᠤ ᠰᠠᠶᠢᠨ ᠡᠭᠦᠯᠳᠡᠷ ᠤᠨ ᠰᠠᠭᠤᠷᠢᠨ ᠭᠠᠵᠠᠷ᠂ ᠹᠦ᠋ ᠾᠧ ᠪᠠᠯᠭᠠᠰᠤᠨ ᠤ ᠰᠢᠩ ᠯᠦᠩ ᠱᠠᠨ ᠲᠣᠰᠬᠤᠨ ᠤ ᠲᠦᠮᠡᠨ ᠮᠦ ᠠᠮᠢ ᠠᠬᠤᠶ ᠶᠢᠨ ᠣᠢ ᠶᠢᠨ ᠲᠥᠰᠦᠯ᠂ ᠯᠢᠨᠳᠦ᠋ᠩ ᠪᠠᠯᠭᠠᠰᠤᠨ ᠤ ᠰᠢᠨ ᠹᠠᠩ ᠱᠸᠤ ᠲᠣᠰᠬᠤᠨ ᠤ ᠣᠶ ᠶᠢᠨ ᠳᠠᠷᠤᠭ᠎ᠠ ᠶᠢᠨ ᠲᠦᠷᠢᠮ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠦ᠂  ᠪᠠᠰᠠ ᠪᠦᠬᠦ ᠬᠤᠰᠢᠭᠤᠨ ᠤ ︽ᠣᠢ ᠰᠢᠭᠤᠶ ᠶᠢᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠨᠠᠷᠢᠨ  ᠣᠶᠢᠯᠭᠠᠵᠤ  ᠶᠠᠷᠢᠯᠴᠠᠬᠤ ᠬᠤᠷᠠᠯ ᠬᠢᠪᠠ᠃        ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ︽ᠣᠶ ᠰᠢᠭᠤᠶ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠥᠬᠦ ᠬᠤᠰᠢᠭᠤᠨ ᠤ ᠣᠶ ᠰᠢᠭᠤᠶ ᠶᠢᠨ ᠬᠠᠮᠠᠭᠠᠯᠠᠯᠲᠠ ᠶᠢᠨ ᠠᠵᠢᠯ ᠤᠨ ᠳᠤᠮᠳᠠᠬᠢ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃        ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠣᠰᠣ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠤᠢ ᠰᠢᠭᠤᠢ ᠶᠢᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠠᠤᠯᠢ ᠶᠢ ᠮᠡᠳᠡᠵᠤ ᠬᠠᠤᠯᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠣᠶ ᠰᠢᠭᠤᠶ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠵᠦ᠂ ᠣᠶ ᠲᠠᠢ ᠭᠠᠵᠠᠷ ᠢ ᠬᠠᠤᠯᠢ ᠪᠤᠰᠤ ᠪᠠᠷ ᠡᠵᠡᠯᠡᠬᠦ᠂ ᠣᠶ ᠲᠠᠢ ᠭᠠᠵᠠᠷ ᠢ ᠳᠤᠷ᠎ᠠ ᠪᠠᠷ ᠢᠶᠠᠨ ᠬᠠᠭᠠᠯᠪᠤᠷᠢᠯᠠᠬᠤ᠂ ᠣᠶ ᠲᠠᠢ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠴᠣᠬᠢᠯᠲᠠ ᠥᠭᠬᠦ ᠬᠡᠷᠡᠭᠲᠡᠶ᠃ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯᠲᠠᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠵᠢᠷᠤᠮᠵᠢᠭᠤᠯᠤᠯᠲᠠ᠂ ᠲᠤᠰᠬᠠᠶᠢᠵᠢᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠶᠢᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠪᠥᠬᠦ ᠬᠤᠰᠢᠭᠤᠨ ᠤ ᠣᠶ ᠰᠢᠭᠤᠶ ᠶᠢᠨ  ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ  ᠭᠡᠵᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号